ᠮᠠᠨ ᠤ ᠤᠷᠤᠨ ᠤ ᠬᠢᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠣᠷᠣᠨ ᠳᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ 4665.7 ᠲᠦᠮᠡᠨ ᠮᠦ ᠪᠡᠶᠡᠯᠡᠭᠦᠯᠪᠡ
ᠨᠡᠶᠢᠲᠡᠯᠡᠭᠰᠡᠨ ᠴᠠᠭ᠄
2024/7/5
   ᠪᠥᠬᠦ ᠤᠯᠤᠰ ᠤᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠠᠴᠠ ᠣᠶᠢᠯᠠᠭᠠᠭᠰᠠᠨ ᠢᠶᠠᠷ 2023 ᠣᠨ ᠳᠤ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 0.583 ᠳᠤ ᠬᠦᠷᠴᠦ᠂ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠠᠢ᠃ ᠪᠥᠬᠦ ᠣᠷᠣᠨ ᠤ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠰᠢᠨ᠎ᠡ ᠨᠢᠭᠡ ᠡᠭᠡᠯᠵᠢ ᠶᠢᠨ ᠲᠣᠭᠲᠠᠮᠠᠯ ᠦᠨ᠎ᠡ ᠶᠢᠨ ᠲᠣᠬᠢᠷᠠᠭᠤᠯᠤᠯᠲᠠ ᠶᠢ ᠪᠡᠶᠡᠯᠡᠭᠦᠯᠦᠭᠰᠡᠨ ᠪᠥᠭᠡᠳ ᠤᠰᠤ ᠲᠠᠲᠠᠬᠤ ᠠᠮᠠᠰᠠᠷ ᠢ ᠰᠦᠯᠵᠢᠶ᠎ᠡ ᠪᠠᠷ ᠬᠡᠮᠵᠢᠬᠦ ᠶᠢ ᠪᠡᠶᠡᠯᠡᠭᠦᠯᠵᠦ᠂ 65 ᠲᠦᠮᠡᠨ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠲᠤ ︽ᠴᠠᠬᠢᠯᠭᠠᠨ ᠢᠶᠠᠷ ᠤᠰᠤᠨ ᠤ ᠦᠨ᠎ᠡ ᠶᠢ ᠨᠤᠭᠤᠯᠵᠤ ᠪᠤᠳᠤᠬᠤ︾ ᠬᠡᠮᠵᠢᠯᠲᠡ ᠶᠢ ᠪᠡᠶᠡᠯᠡᠭᠦᠯᠪᠡ᠃ ᠪᠥᠬᠦ ᠣᠷᠣᠨ ᠳᠤ 4665.7 ᠲᠦᠮᠡᠨ ᠮᠦ  ᠲᠠᠷᠢᠶᠠᠨ ᠭᠠᠵᠠᠷ ᠤᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠭᠤᠰᠬᠠᠨ᠂ ᠥᠭᠡᠷᠡᠴᠢᠯᠡᠯᠲᠡ ᠶᠢᠨ ᠡᠭᠦᠷᠭᠡ ᠪᠠᠨ 1 ᠵᠢᠯ ᠤᠷᠢᠳᠴᠢᠯᠠᠨ ᠪᠡᠶᠡᠯᠡᠬᠦᠯᠪᠡ᠃   ᠥᠪᠡᠷᠲᠡᠭᠡᠨ ᠵᠠᠰᠠᠬᠤ ᠣᠷᠣᠨ ᠲᠣᠭᠲᠠᠴᠠ ᠶᠢᠨ ᠪᠠᠶᠢᠭᠤᠯᠤᠮᠵᠢ ᠶᠢ ᠰᠢᠯᠤᠭᠤᠳᠬᠠᠬᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠬᠤ᠂ ᠣᠶᠤᠨᠴᠢ ᠬᠥᠭᠵᠢᠯᠲᠡ ᠶᠢ ᠰᠦᠪᠡᠭᠴᠢᠯᠡᠬᠦ ᠵᠡᠷᠭᠡ ᠠᠷᠭ᠎ᠠ ᠪᠠᠷ   ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠪᠣᠯᠣᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠢ ᠲᠥᠰᠥᠯ᠂ ︽ᠨᠢᠭᠡ ᠠᠶᠢᠮᠠᠭ ︵ᠬᠤᠲᠠ︶ ᠳᠤ ᠨᠢᠭᠡ ᠠᠷᠭ᠎ᠠ ᠪᠣᠳᠣᠯᠭ᠎ᠠ︾᠂ ︽ᠨᠡᠯᠤᠶᠢᠳᠠᠯ᠎ᠠ ᠤᠰᠤᠯᠠᠬᠤ︾ ᠠᠰᠠᠭᠤᠳᠠᠯ ᠢ ᠰᠢᠢᠳᠪᠦᠷᠢᠯᠡᠬᠦ ᠲᠤᠰᠬᠠᠢ ᠲᠥᠰᠥᠯ ᠪᠠ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠶᠢ ᠱᠠᠩᠨᠠᠬᠤ ᠵᠡᠷᠭᠡ ᠰᠢᠷᠢᠰ ᠠᠷᠭ᠎ᠠ ᠶᠢ ᠨᠡᠶᠢᠲᠡᠯᠡᠵᠦ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠢ ᠳᠤᠭᠤᠶᠢᠯᠠᠩ ᠢ ᠪᠠᠶᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃      ᠤᠷᠴᠢᠮ ᠤᠨ 10 ᠵᠢᠯ ᠳᠤ ᠮᠠᠨ ᠤ ᠣᠷᠣᠨ 75 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠣᠮᠣ ᠳᠤᠮᠳᠠ ᠬᠡᠯᠪᠡᠷᠢ ᠶᠢᠨ 31 ᠤᠰᠤᠯᠠᠯᠲᠠ ᠶᠢᠨ ᠣᠷᠣᠨ ᠳᠤ ᠣᠳᠣᠬᠢᠴᠢᠯᠠᠭᠰᠠᠨ ᠥᠭᠡᠷᠡᠴᠢᠯᠡᠯᠲᠡ ᠬᠢᠵᠦ᠂ ᠤᠰᠤᠯᠠᠯᠲᠠ ᠶᠢᠨ ᠲᠠᠯᠠᠪᠠᠶ ᠶᠢ 1697 ᠲᠦᠮᠡᠨ ᠮᠦ ᠰᠠᠶᠢᠵᠢᠷᠠᠭᠤᠯᠵᠤ᠂ ᠤᠰᠤ ᠠᠷᠪᠢᠯᠠᠬᠤ ᠴᠢᠳᠠᠪᠤᠷᠢ ᠶᠢ 6.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ  ᠨᠡᠮᠡᠭᠳᠡᠭᠦᠯᠦᠨ᠂ ᠠᠮᠤ ᠪᠤᠳᠠᠭᠠᠨ ᠤ ᠤᠨᠠᠯᠲᠠ ᠶᠢ 8 ᠳ᠋ᠦᠩᠰᠢᠭᠤᠷ ᠵᠢᠩ ᠨᠡᠮᠡᠭᠳᠡᠭᠦᠯᠵᠦ᠂ ᠤᠰᠤᠯᠠᠯᠲᠠ ᠶᠢᠨ ᠣᠷᠣᠨ ᠤ ᠪᠠᠷᠢᠯᠭ᠎ᠠ ᠶᠢᠨ 60% ᠪᠦᠷᠢᠨ ᠪᠦᠲᠦᠨ ᠪᠠᠶᠢᠬᠤ  ᠪᠠᠶᠢᠯᠭᠠᠵᠤ᠂ ᠨᠢᠷᠤᠭᠤᠪᠴᠢ ᠰᠤᠪᠠᠭ ᠤᠨ ᠤᠰᠤ ᠳᠠᠮᠵᠢᠭᠤᠯᠬᠤ ᠴᠢᠳᠠᠪᠤᠷᠢ ᠶᠢ 15% ᠠᠴᠠ 20% ᠬᠦᠷᠲᠡᠯ᠎ᠡ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5237 ᠲᠦᠮᠡᠨ ᠮᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ 3403 ᠲᠦᠮᠡᠨ ᠮᠦ ᠪᠠᠶᠢᠭᠤᠯᠵᠤ᠂ 2787 ᠲᠦᠮᠡᠨ ᠮᠦ ᠲᠠᠷᠢᠶᠠᠨ ᠭᠠᠵᠠᠷ  ᠲᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠬᠡᠷᠡᠭᠯᠡᠵᠤ᠂ ᠤᠰᠤ ᠶᠢ ᠶᠡᠭᠡ ᠪᠠᠷ ᠬᠤᠷᠣᠭᠳᠠᠭᠤᠯᠬᠤ ᠲᠠᠷᠢᠮᠠᠯ ᠢ 33 ᠲᠦᠮᠡᠨ ᠮᠦ ᠪᠠᠭᠠᠰᠬᠠᠨ᠂ ᠭᠠᠩ ᠳᠤ ᠲᠡᠰᠪᠦᠷᠢᠲᠡᠢ ᠲᠠᠷᠢᠮᠠᠯ ᠢ 1100 ᠲᠦᠮᠡᠨ ᠮᠦ ᠳᠡᠯᠭᠡᠷᠡᠭᠦᠯᠪᠡ     ᠥᠪᠡᠷᠲᠡᠭᠡᠨ ᠵᠠᠰᠠᠬᠤ ᠣᠷᠣᠨ ᠠᠴᠠ 2021 ᠣᠨ ᠠᠴᠠ ᠣᠲᠣ ᠪᠣᠯᠲᠠᠯ᠎ᠠ  3 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ ᠡᠯ᠎ᠡ ᠭᠠᠵᠠᠷ ᠤᠨ ᠤᠰᠤ ᠠᠷᠪᠢᠯᠠᠭᠰᠠᠨ ᠤ ᠱᠠᠩᠨᠠᠯ ᠨᠥᠬᠦᠪᠦᠷᠢ ᠥᠷᠨᠢᠭᠦᠯᠬᠦ ᠶᠢ ᠳᠡᠮᠵᠢᠵᠦ᠂ ᠬᠠᠲᠤᠨ ᠭᠤᠣᠯ ᠤᠨ ᠰᠠᠪᠠ ᠭᠠᠵᠠᠷ ᠤᠨ ᠠᠶᠢᠮᠠᠭ ᠬᠤᠲᠠ ᠠᠯᠤᠰᠯᠠᠭᠰᠠᠨ ᠪᠠ ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠭᠦᠢᠴᠡᠳᠬᠡᠯ ᠲᠤᠭ᠎ᠠ ᠶᠢ 4.76 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠪᠡ᠃ 2023 ᠣᠨ ᠳᠤ ᠬᠠᠲᠤᠨ ᠭᠤᠣᠯ ᠤᠨ ᠭᠤᠣᠯ ᠤᠷᠤᠰᠬᠠᠯ ᠤᠰᠤᠨ ᠤ ᠡᠷᠬᠡ ᠶᠢᠨ ᠠᠶᠢᠮᠠᠭ ᠬᠤᠲᠠ ᠶᠢᠨ ᠬᠤᠭᠤᠷᠣᠨᠳᠤ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠨᠡᠶᠢᠲᠡ 23.13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠳᠣᠬᠠᠨ ᠳᠤ 13.21 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠢᠨᠵᠧᠨᠧᠷᠢᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ  ᠬᠠᠲᠤᠨ ᠭᠤᠣᠯ ᠳᠠᠭᠠᠤ ᠠᠶᠢᠮᠠᠭ ᠬᠤᠲᠠ ᠶᠢᠨ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠠᠵᠤ ᠦᠢᠯᠡᠳᠪᠦᠷᠢ ᠶᠢᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ ᠪᠣᠯᠣᠨ᠎ᠠ᠃ 12  ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠲᠣᠮᠣ ᠳᠤᠮᠳᠠ ᠬᠡᠯᠪᠡᠷᠢ ᠶᠢᠨ 18  ᠤᠰᠤᠯᠠᠯᠲᠠ ᠶᠢᠨ ᠣᠷᠣᠨ ᠳᠤ ᠮᠡᠳᠡᠭᠡ ᠵᠠᠩᠭᠢᠴᠢᠯᠠᠭᠰᠠᠨ ᠲᠣᠭᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠭᠤᠣᠯᠯᠠᠬᠤ ᠰᠤᠪᠠᠭ ᠢ ᠬᠠᠮᠤᠷᠤᠭᠰᠠᠨ ᠤᠰᠤᠨ ᠤ ᠲᠦᠪᠰᠢᠨ᠂ ᠤᠷᠤᠰᠬᠠᠯ ᠤᠨ ᠬᠡᠮᠵᠢᠶ᠎ᠡ᠂ ᠸᠢᠳᠢᠤ᠋ ᠵᠡᠷᠭᠡ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠤᠰᠤᠨ  ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠣᠷᠣᠨ ᠵᠠᠢ ᠶᠢᠨ ᠲᠣᠬᠢᠷᠠᠭᠤᠯᠤᠯᠲᠠ ᠶᠢᠨ ᠴᠢᠳᠠᠪᠤᠷᠢ ᠪᠣᠯᠣᠨ ᠤᠰᠤ ᠳᠠᠮᠵᠢᠭᠤᠯᠬᠤ ᠪᠠᠷᠢᠯᠭ᠎ᠠ ᠶᠢᠨ ᠠᠶᠤᠯ ᠦᠭᠡᠢ ᠶᠢ ᠪᠠᠲᠤᠯᠠᠬᠤ ᠴᠢᠳᠠᠪᠤᠷᠢ ᠶᠢ ᠲᠡᠭᠡᠭᠰᠢᠯᠡᠬᠦᠯᠪᠡ᠃      ᠡᠭᠦᠨ ᠠᠴᠠ ᠭᠠᠳᠠᠨ᠎ᠠ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠤ ᠤᠰᠤᠨ ᠤ ᠶᠠᠪᠤᠳᠠᠯ ᠤᠨ ᠬᠤᠷᠰᠢᠶ᠎ᠠ᠂ ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ᠂ ᠰᠤᠪᠠᠭ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠬᠤᠳᠳᠤᠭ ᠤᠨ ᠤᠰᠤᠯᠠᠯᠲᠠ ᠶᠢᠨ ᠣᠷᠣᠨ ᠳᠤ ︽ᠬᠤᠳᠳᠤᠭ ᠤᠨ ᠳᠠᠷᠤᠭ᠎ᠠ ᠶᠢᠨ ᠳᠦᠷᠢᠮ︾ ︽ᠤᠰᠤᠨ ᠤ ᠬᠡᠮᠵᠢᠬᠦᠷ ᠤᠨ ᠳᠠᠷᠤᠭ᠎ᠠ ᠶᠢᠨ ᠳᠦᠷᠢᠮ︾ ᠢ ᠬᠡᠷᠡᠭᠵᠢᠬᠦᠯᠤᠯ᠎ᠡ᠃ ︽ᠳᠥᠷᠪᠡᠨ ᠤᠰᠤᠨ ᠤ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠶᠢ ᠬᠠᠮᠤᠷᠤᠭᠰᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢᠨ  ᠰᠢᠰᠲ᠋ᠧᠮ ᠢ ᠪᠠᠶᠢᠭᠤᠯᠤᠨ᠂ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢ ᠪᠦᠬᠦᠨ ᠢ ᠭᠠᠴᠠᠭ᠎ᠠ ᠲᠣᠰᠬᠤᠨ ᠵᠡᠷᠭᠡ ᠦᠨᠳᠦᠰᠦᠨ ᠤᠰᠤ ᠬᠡᠷᠡᠭᠯᠡᠬᠦ ᠡᠷᠦᠬᠡ ᠳᠤ ᠬᠤᠪᠢᠶᠠᠷᠢᠯᠠᠨ᠂ ᠭᠠᠵᠠᠷ ᠳᠣᠣᠷᠠᠬᠢ ᠤᠰᠤᠨ ᠤ ᠤᠰᠤᠨ ᠲᠦᠪᠰᠢᠨ᠂ ᠤᠰᠤᠨ ᠤ ᠬᠡᠮᠵᠢᠶ᠎ᠡ ᠶᠢᠨ ︽ᠬᠤᠶᠠᠷ ᠢ ᠡᠵᠡᠮᠳᠡᠬᠦ︾ ᠭᠦᠢᠴᠡᠳᠬᠡᠯ ᠲᠤᠭ᠎ᠠ ᠶᠢ ᠪᠥᠬᠦ ᠣᠷᠣᠨ ᠤ 371 ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠬᠡᠴᠢ ᠳᠤ ᠨᠠᠷᠢᠯᠢᠭᠵᠢᠭᠤᠯᠤᠨ ᠵᠠᠳᠠᠯᠵᠠᠢ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号