ᠪᠤᠭᠤᠲᠤ ᠬᠤᠳᠠ ᠶᠢᠨ ᠬᠢᠨ ᠪᠦᠬᠦ ᠲᠠᠯ᠎ᠠ ᠪᠠᠷ ᠲᠣᠭᠲᠠᠴᠠ ᠶᠢ ᠪᠠᠶᠢᠭᠤᠯᠵᠤ ᠬᠤᠶᠠᠷ ᠢ ᠵᠡᠷᠬᠡ ᠪᠠᠷ ᠴᠢᠬᠤᠯᠠᠴᠢᠯᠠᠨ ᠰᠠᠭᠤᠷᠢ ᠶᠢ ᠪᠠᠲᠤᠳᠬᠠᠵᠤ ᠤᠯᠠᠨ ᠡᠰᠢᠵᠢᠭᠦᠯᠦᠨ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠬᠦᠯᠤᠬᠡᠳ ᠬᠡᠦᠬᠡᠳ ᠤᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/8
    ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠤᠨ ᠠᠰᠠᠷᠠᠮᠵᠢ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠬᠤᠶᠠᠷ ᠢ ᠵᠡᠷᠭᠡ ᠪᠠᠷ  ᠴᠢᠬᠤᠯᠠᠴᠢᠯᠠᠨ ᠰᠠᠭᠤᠷᠢ ᠶᠢ ᠪᠠᠲᠤᠳᠬᠠᠬᠤ᠂ ᠣᠯᠠᠨ ᠡᠰᠢᠵᠢᠭᠦᠯᠦᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠠᠵᠢᠯ ᠤᠨ ᠰᠡᠳᠬᠢᠮᠵᠢ ᠶᠢ ᠪᠠᠷᠢᠮᠲᠠᠯᠠᠨ ᠂ ᠰᠠᠨᠠᠭᠠᠴᠢᠯᠠᠭ᠎ᠠ ᠠᠴᠠ ᠪᠠᠨ ᠯᠠᠪᠳᠠᠭᠤᠨ ᠪᠠᠲᠤᠲᠠᠢ ᠠᠵᠢᠯᠯᠠᠵᠤ᠂ ᠨᠠᠮ ᠪᠠ ᠵᠠᠰᠠᠭ ᠤᠨ ᠣᠷᠳᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠪᠠ ᠠᠷᠠᠳ ᠤᠨ ᠶᠠᠪᠤᠳᠠᠯ ᠤᠨ ᠬᠠᠯᠠᠭᠤᠨ ᠳᠤᠯᠠᠭᠠᠨ ᠢ ᠭᠦᠢᠴᠡᠳ ᠳᠠᠮᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠷᠬᠡ ᠠᠰᠢᠭ ᠢ ᠪᠦᠲᠦᠮᠵᠢᠲᠡᠶ ᠪᠠᠲᠤᠯᠠᠵᠤ᠂ ᠪᠤᠭᠤᠲᠤ ᠬᠤᠳᠠ ᠶᠢᠨ ᠬᠡᠤᠬᠡᠳ ᠤᠳ ᠤᠨ ᠪᠠᠭ᠎ᠠ ᠨᠠᠰᠤ ᠪᠠᠨ ᠪᠠᠶᠠᠷ ᠬᠥᠷ ᠲᠠᠢ ᠦᠡᠭᠭᠡᠷᠡᠬᠦᠯᠵᠤ᠂ ᠡᠷᠡᠭᠦᠯ ᠢᠶᠠᠷ ᠦᠰᠦᠨ ᠪᠣᠶᠢᠵᠢᠬᠤ ᠶᠢ ᠪᠠᠳᠤᠯᠠᠵᠤ ᠪᠠᠶᠢᠨ᠎ᠠ᠃ᠨᠢᠭᠡ ᠂ ᠬᠡᠦᠬᠡᠳ ᠪᠠᠲᠤᠯᠠᠭ᠎ᠠ ᠶᠢᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠪᠠ       ᠨᠢᠭᠡ ᠳᠤ᠂ ᠳᠦᠷᠢᠮ ᠢ ᠤᠷᠢᠳ ᠢᠶᠠᠷ ᠬᠡᠷᠡᠭᠵᠢᠬᠦᠯᠪᠡ᠃ ︽ᠪᠤᠭᠤᠲᠤ ᠬᠤᠲᠠ ᠶᠢᠨ ᠬᠥᠳᠡᠭᠡ ᠲᠣᠰᠬᠤᠨ ᠤ ᠭᠡᠷ  ᠲᠤ ᠪᠠᠨ ᠬᠤᠴᠣᠷᠤᠭᠰᠠᠨ ᠬᠡᠦᠬᠡᠳ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠵᠦ ᠦᠵᠡᠬᠦ ᠳᠦᠷᠢᠮ︾ ︽  ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠨᠠᠷᠢᠯᠢᠭ ᠵᠢᠭᠰᠠᠭᠠᠨ ᠪᠠᠶᠢᠴᠠᠭᠠᠬᠤ᠂ ᠣᠨᠣᠪᠴᠢᠲᠠᠶ ᠮᠠᠭᠠᠳᠯᠠᠨ ᠲᠣᠭᠲᠠᠭᠠᠬᠤ᠂ ᠨᠠᠷᠢᠯᠢᠭ ᠣᠨᠣᠴᠠᠲᠠᠢ ᠪᠠᠷ ᠪᠠᠲᠤᠯᠠᠬᠤ ᠠᠵᠢᠯ ᠢ ᠤᠯᠠᠮ ᠰᠠᠶᠢᠲᠤᠷ ᠬᠢᠬᠦ ᠲᠤᠬᠠᠢ ᠪᠤᠭᠤᠲᠤ ᠬᠤᠲᠠ ᠶᠢᠨ ᠮᠡᠳᠡᠭᠳᠡᠯ︾ ᠢ ᠲᠣᠭᠲᠠᠭᠠᠪᠠ᠃ ︽ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠳᠤ ᠪᠠᠷ ᠭᠥᠷᠳᠡᠵᠦ ᠬᠠᠮᠵᠢᠯᠴᠠᠨ  ᠲᠤᠰᠠᠯᠠᠬᠤ ᠲᠣᠭᠲᠠᠴᠠ ᠶᠢ ᠪᠠᠶᠢᠭᠤᠯᠬᠤ ᠲᠤᠬᠠᠢ ᠮᠡᠳᠡᠭᠳᠡᠯ︾ ᠢ ᠮᠠᠨ ᠤ ᠣᠷᠣᠨ ᠳᠤ ᠬᠠᠮᠤᠭ ᠠᠴᠠ ᠤᠷᠢᠳ ᠲᠣᠭᠲᠠᠭᠠᠵᠤ᠂ ︽ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮᠨᠡᠯᠭᠡ ᠳᠤ ᠣᠷᠣᠵᠤ ᠡᠮᠨᠡᠯᠭᠡ ᠠᠴᠠ ᠭᠠᠷᠬᠤ ᠵᠢᠷᠤᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ᠂ ᠡᠯ᠎ᠡ ᠵᠦᠢᠯ ᠤᠨ ᠳᠦᠷᠢᠮ ᠪᠠ ᠪᠠᠷᠢᠮᠵᠢᠶ᠎ᠠ ᠶᠢ ᠨᠡᠶᠢᠲᠡᠯᠡᠵᠦ᠂ ᠪᠠᠲᠤᠯᠠᠭ᠎ᠠ ᠶᠢ ᠴᠢᠩᠭᠠᠳᠬᠠᠬᠤ᠂ ᠬᠠᠮᠢᠶᠠᠷᠤᠯᠲᠠ ᠶᠢ ᠵᠢᠷᠤᠮᠵᠢᠭᠤᠯᠬᠤ ᠳᠤ ᠬᠦᠴᠦᠲᠡᠢ ᠦᠨᠳᠦᠰᠦᠯᠡᠯ ᠬᠠᠩᠭᠠᠭᠰᠠᠨ ᠪᠠᠶᠢᠨ᠎ᠠ᠃    ᠬᠤᠶᠠᠷ ᠲᠤ᠂ ᠤᠯᠠᠨ ᠠᠷᠭ᠎ᠠ ᠪᠠᠷ  ᠪᠠᠳᠤᠯᠠᠪᠠ᠃ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠠᠶᠢᠭᠤᠯᠤᠮᠵᠢ ᠠᠴᠠ ᠥᠨᠥᠴᠢᠨ ᠬᠡᠦᠬᠡᠳ ᠢ ᠥᠰᠬᠡᠨ ᠬᠥᠮᠥᠵᠢᠭᠦᠯᠬᠦ ᠪᠠ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ ᠢ ᠠᠰᠠᠷᠠᠨ ᠬᠥᠮᠥᠵᠢᠭᠦᠯᠬᠦ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 2200 ᠲᠥᠭᠦᠷᠢᠭ ᠪᠠ 1989 ᠲᠥᠭᠦᠷᠢᠭ ᠲᠤ ᠬᠦᠷᠭᠡᠵᠦ᠂ 266 ᠥᠨᠥᠴᠢᠨ ᠬᠡᠦᠬᠡᠳ ᠪᠠ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ 352 ᠬᠡᠦᠬᠡᠳ ᠤᠨ ᠦᠨᠳᠦᠰᠦᠨ ᠠᠮᠢᠳᠤᠷᠠᠯ  ᠢ ᠪᠠᠲᠤᠯᠠᠪᠠ᠃  ᠬᠠᠯᠠᠮᠵᠢᠯᠠᠬᠤ ᠲᠥᠷᠥᠯ ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 2023 ᠣᠨ ᠠᠴᠠ ᠨᠠᠭᠠᠰᠢ ︽ᠬᠦᠰᠡᠯ ᠢ ᠨᠢ ᠲᠡᠷᠬᠡᠯᠰᠢᠬᠦᠯᠬᠦ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ︾ ᠲᠥᠷᠥᠯ ᠵᠦᠢᠯ ᠢᠶᠠᠷ 26 ᠥᠨᠥᠴᠢᠨ ᠬᠡᠦᠬᠡᠳ ᠢ ᠬᠠᠪᠰᠤᠷᠤᠨ ᠲᠡᠳᠬᠦᠪᠡ᠃ ︽  ᠢᠷᠡᠬᠡᠳᠤᠶᠢᠴᠢ ᠲᠥᠯᠥᠪᠯᠡᠭᠡ︾ ᠪᠠᠷ 190 ᠥᠨᠥᠴᠢᠨ ᠬᠡᠦᠬᠡᠳ ᠤᠨ ᠪᠡᠶ᠎ᠡ ᠶᠢᠨ ᠪᠠᠶᠢᠴᠠᠭᠠᠯᠲᠠ ᠪᠠ 10 ᠥᠨᠥᠴᠢᠨ ᠬᠡᠦᠬᠡᠳ ᠢ ᠡᠮᠨᠡᠯᠭᠡ ᠳᠤ ᠣᠷᠣᠭᠤᠯᠵᠤ ᠡᠮᠨᠡᠭᠦᠯᠬᠦ ᠪᠠᠷ ᠲᠥᠯᠥᠪᠯᠡᠵᠦ ᠪᠣᠶ᠃ ︽ᠵᠢᠭᠦᠷ ᠤᠷᠭᠤᠭᠤᠯᠬᠤ ᠲᠥᠯᠥᠪᠯᠡᠭᠡ︾ ᠨᠢ 1471 ᠬᠡᠦᠬᠡᠳ ᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠵᠤ ᠂ 9 ᠬᠡᠦᠬᠡᠳ ᠢ ᠲᠤᠰᠠᠯᠠᠨ ᠮᠡᠰᠡ ᠵᠠᠰᠠᠯ ᠬᠢᠯᠭᠡᠪᠡ᠃ ᠨᠢᠭᠦᠯᠡᠰᠦᠩᠭᠦᠢ ᠶᠢᠨ ᠡᠬᠢ ᠪᠠᠶᠠᠯᠢᠭ ᠢ ᠬᠤᠯᠪᠣᠵᠤ᠂ ︽  6 ·1︾ ᠪᠠᠶᠠᠷ ᠬᠦᠷᠴᠦ ᠢᠷᠡᠬᠦ ᠲᠠᠰᠢᠷᠠᠮ ᠳᠤ ᠬᠦᠴᠢᠷᠳᠡᠯ ᠳᠤ ᠲᠤᠯᠭᠠᠷᠠᠭᠰᠠᠨ 101 ᠬᠡᠦᠬᠡᠳ᠂ ᠬᠦᠴᠢᠷᠳᠡᠯ ᠳᠤ ᠲᠤᠯᠭᠠᠷᠠᠭᠰᠠᠨ 343 ᠬᠡᠦᠬᠡᠳ ᠲᠤ 3.57 ᠲᠦᠮᠡᠨ ᠲᠥᠭᠦᠷᠢᠭ ᠤᠨ ᠦᠨ᠎ᠡ ᠥᠷᠲᠡᠭ ᠲᠠᠢ ᠪᠡᠯᠡᠭ ᠬᠦᠷᠭᠡᠵᠦ᠂ ᠪᠠᠶᠠᠷ ᠤᠨ ᠡᠳᠦᠷ ᠤᠨ ᠢᠷᠦᠭᠡᠯ ᠳᠡᠪᠰᠢᠭᠦᠯᠵᠡᠢ᠃   ᠭᠤᠷᠪᠠ ᠳᠤ᠂ ᠰᠠᠯᠠᠭ᠎ᠠ ᠮᠥᠴᠢᠷ ᠤᠳ ᠬᠠᠮᠳᠤᠷᠠᠨ ᠬᠦᠳᠡᠯᠤᠯᠴᠡᠪᠡ᠃ ᠵᠡᠮᠳᠡᠭᠴᠤᠳ ᠤᠨ ᠬᠤᠯᠪᠤᠭ᠎ᠠ ᠲᠠᠢ ᠡᠴᠢᠭᠡ ᠡᠬᠡ ᠶᠢᠨ ᠬᠢ ᠨᠢ ᠵᠡᠮᠳᠡᠭᠴᠦᠳ ᠤᠨ ᠮᠡᠳᠡᠭᠡ ᠵᠠᠩᠭᠢ ᠶᠢ 258 ᠵᠤᠷᠪᠤᠰ ᠬᠠᠷᠭᠤᠭᠤᠯᠪᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠰᠤᠷᠭᠠᠨ ᠬᠥᠮᠦᠵᠢᠯ ᠤᠨ ᠡᠷᠬᠡ ᠠᠰᠢᠭ ᠤᠨ ᠪᠠᠲᠤᠯᠠᠭ᠎ᠠ ᠶᠢᠨ ᠮᠡᠳᠡᠭᠡ ᠵᠠᠩᠭᠢ ᠶᠢ 356 ᠬᠥᠮᠥᠨ ᠤᠳᠠᠭ᠎ᠠ ᠬᠠᠷᠭᠤᠭᠤᠯᠤᠨ ᠪᠠᠶᠢᠴᠠᠭᠠᠪᠠ᠃ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠲᠠᠢ ᠣᠨᠴᠠᠭᠠᠶ ᠬᠡᠷᠡᠭ ᠢ ᠵᠥᠪᠳᠡᠯᠴᠡᠬᠦ ᠪᠠᠨ ᠴᠢᠩᠭᠠᠳᠬᠠᠵᠤ᠂ ᠡᠴᠢᠭᠡ ᠡᠬᠡ ᠨᠢ ᠡᠷᠡᠭᠦᠦ ᠰᠢᠢᠳᠬᠡᠯ ᠬᠦᠯᠢᠶᠡᠵᠤ  ᠪᠠᠶᠢᠭ᠎ᠠ ᠠᠰᠠᠷᠠᠨ ᠬᠠᠮᠠᠭᠠᠯᠠᠬᠤ ᠪᠠᠷ ᠳᠤᠲᠠᠮᠠᠭ ᠬᠡᠦᠬᠡᠳ ᠢ ᠬᠠᠮᠠᠭᠠᠯᠠᠬᠤ ᠠᠷᠭ᠎ᠠ ᠶᠢ ᠬᠠᠮᠲᠤ ᠪᠠᠷ ᠵᠥᠪᠳᠡᠯᠴᠡᠨ ᠲᠣᠭᠲᠠᠭᠠᠵᠤ᠂ ᠠᠰᠠᠷᠠᠨ ᠲᠡᠵᠢᠭᠡᠬᠦ ᠬᠥᠮᠥᠨ ᠦᠭᠡᠢ 8 ᠬᠡᠦᠬᠡᠳ ᠲᠤ ᠤᠯᠤᠰ ᠤᠨ ᠦᠨᠳᠦᠰᠦᠨ ᠵᠦᠢᠯ ᠢ ᠳᠠᠭᠠᠭᠠᠨ ᠬᠢᠨᠠᠨ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠪᠡ᠃    ᠳᠥᠷᠪᠡ ᠳᠤ᠂ ᠲᠠᠪᠴᠠᠩ  ᠢ  ᠪᠠᠶᠢᠭᠤᠯᠪᠠ᠃  ᠪᠤᠭᠤᠳᠤ ᠬᠤᠲᠠ ᠶᠢᠨ ᠠᠮᠤᠷ ᠢ ᠬᠠᠮᠠᠭᠠᠯᠠᠬᠤ ᠲᠥᠪ ᠪᠠ ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠮᠡᠳᠡᠭᠡ ᠵᠠᠩᠭᠢ ᠶᠢᠨ ᠲᠠᠪᠴᠠᠩ ᠪᠠ ᠣᠶᠤᠨᠲᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠸᠢᠴᠠᠲ  ᠴᠤᠩᠬᠤᠪᠴᠢ ᠨᠡᠭᠡᠭᠡᠨ᠂ ᠬᠡᠦᠬᠡᠳ ᠤᠨ ᠡᠷᠬᠢᠯᠡᠭᠴᠢ᠂ ᠬᠡᠦᠬᠡᠳ ᠤᠨ ᠬᠢᠨᠠᠨ ᠵᠢᠯᠣᠭᠤᠳᠤᠭᠴᠢ᠂ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ᠂ ᠦᠨᠳᠦᠰᠦᠨ ᠲᠤᠭ᠎ᠠ ᠪᠠᠷᠢᠮᠲᠠ ᠪᠠᠨ ᠴᠠᠭ ᠲᠤᠬᠠᠢ ᠳᠤ ᠨᠢ ᠰᠢᠨᠡᠳᠬᠡᠬᠦ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠬᠢᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠮᠠᠭᠠᠯᠠᠬᠤ ᠠᠵᠢᠯ ᠤᠨ ᠨᠢᠭᠡ ᠳᠠᠷᠤᠪᠴᠢ ᠶᠢᠨ ᠮᠡᠳᠡᠭᠦᠯᠦᠯᠲᠡ ᠶᠢ ᠴᠠᠭ ᠲᠤᠬᠠᠢ ᠳᠤ ᠨᠢ ᠰᠢᠢᠳᠪᠦᠷᠢᠯᠡᠬᠦ ᠶᠢ ᠪᠡᠶᠡᠯᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃    ᠬᠤᠶᠠᠷ᠂ ᠬᠤᠶᠠᠷ ᠢ ᠵᠡᠷᠭᠡ ᠪᠠᠷ ᠴᠢᠬᠤᠯᠠᠴᠢᠯᠠᠵᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠬᠦᠯᠪᠡ       ᠨᠢᠭᠡ ᠳᠤ᠂ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠬᠤᠯᠠᠴᠢᠯᠠᠪᠠ᠃ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠥᠨᠥᠴᠢᠷᠡᠮᠡᠯ ᠡᠪᠡᠳᠴᠢᠨ ᠤ ᠵᠢᠱᠢᠶ᠎ᠡ ᠦᠵᠡᠭᠦᠯᠬᠦ ᠠᠩᠭᠢ ᠪᠠᠶᠢᠭᠤᠯᠵᠤ᠂ ᠱᠠᠩᠬᠠᠢ ᠶᠢᠨ ᠳᠤᠮᠳᠠᠳᠤ ᠶᠢᠨ ᠬᠠᠷᠢᠶᠠᠲᠤ ᠶᠢᠨ ᠠᠵᠢᠯ ᠦᠢᠯᠡᠰ ᠤᠨ ᠬᠦᠭᠵᠢᠬᠦᠯᠤᠯᠳᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ᠨᠡᠶᠢᠭᠡᠮ ᠤᠨ ᠠᠵᠢᠯᠲᠠᠨ ᠤ ᠦᠢᠯᠡᠴᠢᠯᠡᠭᠡ ᠶᠢᠨ ᠲᠠᠯ᠎ᠠ ᠪᠠᠷ ᠬᠠᠮᠲᠤᠷᠠᠨ ᠠᠵᠢᠯᠯᠠᠵᠤ᠂ ᠠᠰᠠᠷᠠᠨ ᠵᠠᠰᠠᠬᠤ ᠰᠤᠷᠭᠠᠨ ᠬᠥᠮᠥᠵᠢᠭᠦᠯᠬᠦ ᠡᠷᠡᠭᠦᠯ ᠮᠡᠨᠳᠦ ᠨᠡᠶᠢᠭᠡᠮ ᠤᠨ ᠪᠠᠲᠤᠯᠠᠭ᠎ᠠ ᠶᠢ ᠨᠢᠭᠡ ᠴᠣᠭᠴᠠᠵᠢᠭᠤᠯᠤᠨ ᠪᠥᠬᠦ ᠲᠠᠯ᠎ᠠ ᠪᠠᠷ ᠴᠢᠨᠠᠷᠯᠢᠭ ᠬᠥᠭᠵᠢᠭᠦᠯᠬᠦ ᠶᠢ ᠠᠬᠢᠭᠤᠯᠤᠨ᠂ ᠪᠦᠬᠦ ᠬᠤᠲᠠ ᠶᠢᠨ 85  ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠨᠠᠰᠤᠨ ᠳᠤ ᠦᠯᠤ ᠬᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠪᠠᠶᠢᠭᠤᠯᠵᠤ᠂ ᠪᠦᠷᠬᠦᠴᠡ ᠶᠢᠨ ᠨᠣᠷᠮ᠎ᠠ ᠨᠢ 100% ᠳᠤ ᠬᠦᠷᠴᠦ᠂ 16 ᠨᠠᠰᠤᠨ ᠳᠤ ᠦᠯᠤ ᠬᠦᠷᠦᠭᠰᠡᠳ ᠤᠨ ᠵᠢᠱᠢᠶ᠎ᠡ ᠦᠵᠡᠭᠦᠯᠬᠦ ᠥᠷᠲᠡᠭᠡ ᠶᠢ ᠲᠣᠭᠲᠠᠭᠠᠵᠤ ︽ᠨᠢᠭᠡ ᠥᠷᠲᠡᠭᠡ ᠨᠢᠭᠡ ᠣᠨᠴᠠᠯᠢᠭ ᠲᠠᠢ︾  ᠨᠠᠰᠤᠨ ᠳᠤ ᠦᠯᠤ ᠬᠦᠷᠦᠭᠰᠡᠳ ᠢ ᠬᠠᠮᠠᠭᠠᠯᠠᠬᠤ ᠦᠢᠯᠡᠴᠢᠯᠡᠭᠡᠨ ᠤ ᠨᠠᠷᠠᠲᠤ ᠲᠡᠮᠳᠡᠭᠲᠦ ᠶᠢ 17  ᠪᠣᠶ ᠪᠤᠯᠭᠠᠪᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠬᠡᠦᠬᠡᠳ ᠤᠨ ᠬᠢᠨᠠᠨ ᠵᠢᠯᠣᠭᠤᠳᠤᠭᠴᠢ ᠶᠢ 89 ᠬᠥᠮᠥᠨ ᠰᠣᠩᠭᠤᠨ ᠲᠣᠬᠢᠷᠠᠭᠤᠯᠵᠤ᠂ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠬᠡᠦᠬᠡᠳ ᠤᠨ ᠡᠷᠬᠢᠯᠡᠭᠴᠢ ᠶᠢ 822 ᠬᠥᠮᠥᠨ ᠰᠣᠩᠭᠤᠨ ᠲᠣᠬᠢᠷᠠᠭᠤᠯᠵᠤ᠂ ᠬᠡᠦᠬᠡᠳ ᠤᠨ ᠠᠰᠠᠷᠠᠮᠵᠢ ᠪᠠ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠪᠠ᠃    ᠬᠤᠶᠠᠷ ᠲᠤ᠂ ᠦᠨᠳᠦᠰᠦᠨ ᠱᠠᠲᠤᠨ ᠤ ᠬᠡᠦᠬᠡᠳ ᠤᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ᠪᠤᠭᠤᠲᠤ ᠬᠤᠲᠠ ᠶᠢᠨ ᠬᠡᠦᠬᠡᠳ ᠤᠨ ᠡᠷᠬᠢᠯᠡᠭᠴᠢ ᠶᠢᠨ ᠴᠢᠳᠠᠪᠤᠷᠢ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠦᠬᠡᠳ ᠤᠨ ᠡᠷᠬᠢᠯᠡᠭᠴᠢ ᠶᠢᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠶᠢ 2 ᠬᠤᠭᠤᠴᠠᠭ᠎ᠠ ᠥᠷᠨᠢᠭᠦᠯᠵᠦ᠂ ᠨᠡᠶᠢᠭᠡᠮ ᠤᠨ ᠠᠵᠢᠯ ᠤᠨ ᠲᠤᠰᠬᠠᠢ ᠪᠠᠶᠢᠭᠤᠯᠤᠮᠵᠢ ᠨᠢ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ᠂ ᠪᠢᠴᠢᠯ ᠮᠠᠷᠭᠤᠯᠳᠤᠭᠠᠨ ᠥᠷᠨᠢᠭᠦᠯᠬᠦ ᠶᠢ ᠲᠠᠶᠢᠴᠢᠯᠠᠨ᠂ ᠪᠤᠭᠤᠲᠤ ᠶᠢᠨ ᠠᠷᠠᠳ ᠤᠨ ᠶᠠᠪᠤᠳᠠᠯ ᠤᠨ ᠸᠢᠴᠠᠲ ᠳᠡᠭᠡᠷ᠎ᠡ ︽ᠢᠷᠡᠬᠡᠳᠤᠢ ᠶᠢ ᠬᠠᠯᠠᠮᠵᠢᠯᠠᠬᠤ ᠦᠨᠳᠦᠰᠦᠨ ᠱᠠᠲᠤᠨ ᠤ ᠬᠡᠦᠬᠡᠳ ᠤᠨ ᠠᠵᠢᠯᠲᠠᠨ ᠤ ᠴᠤᠭ ᠵᠢᠪᠬᠤᠭ᠎ᠠ  ᠶᠢᠨ ᠦᠵᠡᠭᠦᠯᠦᠯᠭᠡ︾ ᠶᠢ ᠥᠷᠨᠢᠭᠦᠯᠵᠦ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠡᠦᠬᠡᠳ ᠤᠨ ᠬᠢᠨᠠᠨ ᠵᠢᠯᠣᠭᠤᠳᠤᠭᠴᠢ ᠬᠡᠦᠬᠡᠳ ᠤᠨ ᠡᠷᠬᠢᠯᠡᠭᠴᠢ ᠶᠢ ᠵᠣᠬᠢᠶᠠᠨ ᠪᠠᠶᠢᠭᠤᠯᠤᠨ ᠡᠩᠭᠡᠷ ᠤᠨ ᠫᠠᠶᠢᠰᠠ ᠪᠠᠨ ᠳᠡᠯᠭᠡᠨ ᠦᠵᠡᠭᠦᠯᠬᠦ ᠂ ᠬᠠᠮᠲᠤ ᠪᠠᠷ ᠲᠠᠩᠭᠠᠷᠢᠭᠯᠠᠬᠤ᠂ ᠢᠯᠡ ᠪᠠᠷ ᠠᠮᠠᠯᠠᠬᠤ᠂ ᠱᠠᠲᠤ ᠬᠤᠪᠢᠶᠠᠨ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠷᠠᠯ ᠢ ᠪᠦᠬᠦᠨ ᠳᠤ ᠪᠦᠷᠬᠦᠬᠦᠯᠪᠡ᠃      ᠭᠤᠷᠪᠠ᠂ ᠣᠯᠠᠨ ᠡᠰᠢᠲᠦ ᠦᠢᠯᠡᠴᠢᠯᠡᠭᠡ ᠪᠠᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠬᠦᠯᠪᠡ       ᠨᠢᠭᠡ ᠳᠤ ᠬᠢᠨᠠᠨ ᠬᠠᠮᠠᠭᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ  ᠦᠷᠨᠢᠬᠦᠯᠪᠡ᠃ ᠪᠤᠭᠤᠲᠤ ᠬᠤᠲᠠ ᠶᠢᠨ ᠬᠢᠨ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 300 ᠬᠡᠦᠬᠡᠳ ᠲᠤ ᠬᠠᠷᠠᠭᠠᠯᠵᠠᠨ ᠬᠠᠮᠠᠭᠠᠯᠠᠬᠤ ᠦᠢᠯᠡᠴᠢᠯᠡᠭᠡ ᠬᠠᠩᠭᠠᠬᠤ ᠪᠠᠷ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠᠨ ᠳᠤ ᠣᠷᠣᠭᠤᠯᠪᠠ᠃ ︽ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠬᠠᠷᠠᠭᠠᠯᠵᠠᠨ ᠬᠠᠮᠠᠭᠠᠯᠠᠵᠤ ᠦᠨᠡᠯᠡᠨ ᠵᠢᠱᠢᠬᠦ ᠲᠥᠰᠥᠯ︾ ᠢ ᠲᠣᠭᠲᠠᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ ᠬᠡᠦᠬᠡᠳ ᠢ ᠦᠨᠡᠯᠡᠨ ᠵᠢᠱᠢᠬᠦ ᠲᠤᠰᠬᠠᠢ ᠡᠩᠨᠡᠭᠡ ᠶᠢ ᠵᠣᠬᠢᠶᠠᠨ ᠪᠠᠶᠢᠭᠤᠯᠵᠤ᠂ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠬᠡᠦᠬᠡᠳ ᠪᠠ ᠭᠡᠷ ᠪᠦᠯᠢ ᠳᠤ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ᠂ ᠰᠡᠳᠬᠢᠴᠡ ᠶᠢᠨ ᠵᠢᠯᠣᠭᠤᠳᠤᠯᠭ᠎ᠠ ᠵᠡᠷᠭᠡ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠵᠤ᠂ ᠬᠠᠷᠠᠭᠠᠯᠵᠠᠨ ᠬᠠᠮᠠᠭᠠᠯᠠᠵᠤ ᠦᠨᠡᠯᠡᠨ ᠵᠢᠱᠢᠬᠦ ᠠᠵᠢᠯ ᠤᠨ ᠥᠷᠨᠢᠯᠲᠡ ᠶᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠪᠠ᠃ ᠣᠳᠣᠬᠠᠨ ᠳᠤ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 300 ᠬᠡᠦᠬᠡᠳ ᠲᠤ ᠬᠠᠷᠠᠭᠠᠯᠵᠠᠨ ᠬᠠᠮᠠᠭᠠᠯᠠᠬᠤ ᠦᠨᠡᠯᠡᠨ ᠵᠢᠱᠢᠯᠲᠡ ᠬᠢᠵᠦ ᠪᠠᠶᠢᠨ᠎ᠠ᠃    ᠬᠤᠶᠠᠷ ᠲᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ  ᠬᠠᠯᠠᠮᠵᠢᠯᠠᠬᠤ ᠠᠵᠢᠯ ᠢ ᠠᠬᠢᠭᠤᠯᠪᠠ᠃ ᠪᠤᠭᠤᠳᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠤᠭᠤᠳᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ  ᠬᠢᠨ ᠲᠠᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ  ᠬᠠᠯᠠᠮᠵᠢᠯᠠᠬᠤ ᠦᠢᠯᠡᠴᠢᠯᠡᠭᠡᠨ ᠤ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠵᠢᠷᠭᠤᠭᠠᠨ ᠡᠮᠨᠡᠯᠭᠡ ᠶᠢᠨ ᠬᠤᠷᠢᠶ᠎ᠠ ᠶᠢ ᠲᠣᠭᠲᠠᠭᠰᠠᠨ ᠴᠡᠭ ᠤᠨ ᠡᠮᠴᠢᠯᠡᠭᠡᠨ ᠤ ᠡᠮᠨᠡᠯᠭᠡ ᠶᠢᠨ ᠬᠤᠷᠢᠶ᠎ᠠ ᠪᠠᠷ ᠲᠣᠭᠲᠠᠭᠠᠬᠤ ᠶᠢᠨ ᠬᠠᠮᠲᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠬᠢᠮᠤᠷᠠᠯ ᠤᠨ ᠡᠪᠡᠳᠴᠢᠨ ᠦᠵᠡᠭᠦᠯᠬᠦ ︽ᠰᠠᠭᠠᠳ ᠨᠡᠪᠲᠡᠷᠡᠬᠦ ᠵᠠᠮ︾ ᠢ ᠨᠡᠬᠡᠬᠡᠪᠡ᠃ ᠪᠤᠭᠤᠳᠤ ᠬᠤᠲᠠ ᠶᠢᠨ  ᠨᠠᠰᠤᠨ ᠳᠤ ᠦᠯᠤ ᠬᠦᠷᠦᠭᠰᠡᠳ ᠢ ᠠᠪᠤᠷᠠᠨ ᠲᠤᠰᠠᠯᠠᠬᠤ ᠲᠥᠪ ᠤᠨ ᠬᠢᠨ ᠨᠢ ᠨᠠᠰᠤᠨ ᠳᠤ ᠦᠯᠤ ᠬᠦᠷᠦᠭᠰᠡᠳ ᠢ ᠠᠪᠤᠷᠠᠨ ᠲᠤᠰᠠᠯᠠᠬᠤ ᠦᠢᠯᠡᠴᠢᠯᠡᠭᠡᠨ ᠤ  ᠪᠠᠶᠢᠡᠭᠭᠤ ᠶᠢᠨ ᠤᠲᠠᠰᠤ ᠶᠢ ᠨᠠᠪᠲᠠᠷᠡᠭᠦᠯᠵᠦ᠂ ᠲᠤᠰᠬᠠᠢ ᠰᠡᠳᠬᠢᠴᠡ ᠶᠢᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ᠂ ᠰᠡᠳᠬᠢᠴᠡ ᠶᠢᠨ ᠡᠷᠡᠭᠦᠯ ᠮᠡᠨᠳᠦ ᠶᠢ  ᠬᠠᠯᠠᠮᠵᠢᠯᠠᠬᠤ ᠦᠢᠯᠡᠴᠢᠯᠡᠭᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠴᠢᠳᠠᠪᠤᠷᠢ ᠳᠤ ᠴᠢᠭᠯᠡᠭᠦᠯᠦᠨ ᠠᠶᠤᠯ ᠲᠦᠭᠰᠢᠭᠦᠷᠢ ᠶᠡᠬᠡᠲᠡᠢ ᠬᠡᠤᠬᠡᠳ ᠤᠨ ᠳᠡᠰ ᠦᠨᠡᠯᠡᠨ ᠂ ᠬᠢᠨᠠᠨ ᠬᠠᠮᠠᠭᠠᠯᠠᠬᠤ ᠶᠢ ᠦᠨᠡᠯᠡᠬᠦ ᠪᠠᠶᠢᠭᠤᠯᠤᠮᠵᠢ᠂ ᠰᠡᠳᠬᠢᠴᠡ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠣᠨ ᠬᠤᠰᠢᠭᠤ ᠰᠢᠶᠠᠨ ᠤ ᠠᠷᠠᠳ ᠤᠨ ᠶᠠᠪᠤᠳᠠᠯ᠂  ᠨᠠᠰᠤᠨ ᠳᠤ ᠦᠯᠤ ᠬᠦᠷᠦᠭᠰᠡᠳ ᠢ ᠬᠠᠮᠠᠭᠠᠯᠠᠬᠤ ᠲᠥᠪ ᠤᠨ ᠬᠢᠨᠨ ᠢ ᠤᠷᠢᠵᠤ ᠬᠠᠮᠲᠤ ᠪᠠᠷ ᠣᠨᠴᠠᠭᠠᠶ ᠬᠡᠷᠡᠭ ᠤᠨ ᠵᠥᠪᠳᠡᠯᠴᠡᠭᠡ ᠬᠢᠯᠭᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠨᠳᠤᠯᠭᠠᠲᠤ ᠴᠢᠨᠠᠷᠲᠠᠢ᠂ ᠨᠠᠷᠢᠯᠢᠭ ᠣᠨᠣᠴᠠᠲᠠᠢ ᠦᠢᠯᠡᠴᠢᠯᠡᠭᠡ  ᠬᠠᠨᠭ᠍ᠭᠠᠪᠠ ᠂ ᠵᠢᠱᠢᠶᠡᠯᠡᠪᠡᠯ ᠬᠦᠨᠳᠡᠯᠡᠨ ᠲᠣᠭᠤᠷᠢᠭ ᠤᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠰᠢᠶᠣᠣ ᠬᠠᠢ ᠶᠢ ᠬᠥᠮᠥᠰ ᠤᠨ ᠬᠤᠭᠤᠷᠣᠨᠳᠣᠬᠢ ᠬᠠᠷᠢᠯᠴᠠᠭᠠᠨ ᠤ ᠬᠦᠴᠢᠷᠳᠡᠯ ᠠᠴᠠ ᠠᠩᠭᠢᠵᠢᠷᠠᠭᠤᠯᠬᠤ ᠳᠤ ᠬᠦᠴᠦ ᠨᠡᠮᠡᠷᠢᠯᠡᠵᠦ᠂ ᠵᠢᠦ ᠶᠤᠸᠠᠨ ᠲᠣᠭᠤᠷᠢᠭ ᠤᠨ ᠬᠢᠨ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠰᠢᠶᠣᠣ ᠢ ᠶᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠯ ᠢ ᠨᠢ ᠨᠡᠮᠡᠭᠳᠡᠭᠦᠯᠵᠦ᠂ ᠡᠷᠡᠭᠦᠯ ᠰᠠᠷᠠᠭᠤᠯ ᠰᠡᠳᠬᠢᠴᠡ ᠲᠠᠢ ᠪᠤᠯᠭᠠᠪᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号