ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
  ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠢᠢ ᠰᠤᠷᠤᠯᠴᠠᠵᠤ ᠰᠠᠬᠢᠯᠭ᠎ᠠ ᠶᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠲᠡᠶᠢᠰᠢ ᠬᠥᠮᠥᠵᠢᠭᠦᠯᠦᠨ ᠵᠢᠯᠤᠭᠤᠳᠴᠤ᠂ ᠬᠡᠷᠡᠭ ᠢᠶᠠᠷ ᠲᠣᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 7 ᠳ᠋ᠤᠭᠠᠷ ᠰᠠᠷ᠎ᠠ ᠶᠢᠨ 5  ᠤ ᠡᠳᠦᠷ  ᠨᠠᠮ ᠤᠨ ᠰᠠᠬᠢᠯᠭ᠎ᠠ  ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠣᠳᠤᠷᠢᠳᠤᠯᠭ᠎ᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠲᠡᠬᠡᠷ᠎ᠡ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ  ᠤ ᠥᠭᠦᠯᠡᠯᠲᠡ ᠶᠢᠨ ᠲᠡᠭᠦᠪᠦᠷᠢ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠶᠢᠨ ᠰᠢᠢᠳᠬᠡᠯ ᠥᠭᠬᠦ ᠳᠦᠷᠢᠮ︾  ᠤᠨ ᠬᠡᠰᠡᠭ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠪᠣᠯᠣᠨ ᠰᠠᠬᠢᠯᠭ᠎ᠠ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠵᠢᠱᠢᠶ᠎ᠡ᠂ ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠠᠯᠪᠠᠨ ᠲᠤᠰᠢᠶᠠᠯᠲᠠᠨ ᠤ ᠰᠠᠬᠢᠯᠭ᠎ᠠ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠵᠢᠱᠢᠶ᠎ᠡ ᠶᠢ ᠵᠠᠷᠯᠠᠨ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃   ᠬᠤᠷᠠᠯ  ᠲᠡᠬᠡᠷ᠎ᠡ᠄ ︽ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ﹀ ᠢ ᠦᠷᠭᠦᠯᠵᠢᠯᠡᠨ ᠰᠤᠷᠤᠯᠴᠠᠨ ᠡᠵᠡᠮᠰᠢᠵᠦ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠠᠳᠬᠤᠬᠤ ᠶᠢ ᠥᠨᠳᠥᠷ ᠪᠠᠷᠢᠮᠵᠢᠶ᠎ᠠ ᠪᠠᠷ ᠴᠢᠩᠭ᠎ᠠ ᠱᠠᠭᠠᠷᠳᠠᠵᠤ᠂ ᠨᠠᠮ ᠤᠨ ᠵᠢᠷᠭᠤᠭᠠᠨ ᠰᠠᠬᠢᠯᠭ᠎ᠠ ᠪᠠᠲᠤ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠦᠨᠡᠨ ᠬᠦ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠤ ᠪᠠᠨ ᠢᠯᠡᠷᠡᠭᠦᠯᠬᠦ ᠬᠡᠷᠡᠭᠲᠡᠢ᠃ ᠲᠢᠩᠬᠢᠮ ᠤᠨ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠪᠦᠬᠦ ᠨᠠᠮ ᠤᠨ ᠭᠡᠰᠢᠭᠦᠨ ᠺᠠᠳ᠋ᠷ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠤᠬᠠᠮᠰᠠᠷ ᠠᠴᠠ ᠪᠠᠨ ᠬᠠᠷᠢᠴᠠᠭᠤᠯᠤᠨ ᠪᠠᠶᠢᠴᠠᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠡᠭᠦᠨ ᠢᠶᠠᠷ ᠴᠡᠭᠡᠷᠯᠡᠯ ᠪᠣᠯᠭᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠦᠨᠤ ᠵᠢᠯ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ 5 ᠤᠳᠠᠭ᠎ᠠ ᠦᠵᠡᠬᠦᠯᠵᠤ᠂ ᠥᠪᠡᠷᠲᠡᠭᠡᠨ ᠵᠠᠰᠠᠬᠤ ᠣᠷᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠬᠦ᠂ ᠰᠦᠯᠵᠢᠶᠡᠨ ᠳᠡᠭᠡᠷᠡᠬᠢ ᠰᠠᠬᠢᠯᠭ᠎ᠠ ᠪᠠᠲᠤ ᠬᠠᠤᠯᠢ ᠴᠠᠭᠠᠵᠠ ᠶᠢᠨ ᠪᠠᠭ᠎ᠠ ᠬᠢᠴᠢᠶᠡᠯ ᠤᠨ ᠲᠠᠩᠬᠢᠮ ᠨᠡᠭᠡᠭᠡᠬᠦ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃ ᠡᠭᠦᠨ ᠤ ᠵᠣᠷᠢᠯᠭ᠎ᠠ ᠨᠢ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠡᠷᠡᠮᠵᠢ ᠶᠢᠨ ᠬᠤᠩᠬᠤ ᠶᠢ ᠪᠠᠶᠢᠩᠭᠤ ᠬᠠᠩᠭᠢᠨᠠᠭᠤᠯᠵᠤ᠂ ᠰᠡᠷᠡᠮᠵᠢᠯᠡᠭᠦᠯᠦᠨ ᠰᠦᠷᠳᠡᠭᠦᠯᠬᠦ ᠠᠵᠢᠯ ᠢ ᠴᠢᠩᠭᠠᠳᠬᠠᠵᠤ᠂ ᠬᠠᠷᠢᠴᠠᠭᠤᠯᠤᠨ ᠪᠠᠶᠢᠴᠠᠭᠠᠬᠤ᠂ ᠵᠠᠰᠠᠪᠤᠷᠢ ᠣᠷᠣᠭᠤᠯᠵᠤ ᠴᠡᠭᠴᠡᠯᠡᠨ ᠰᠠᠶᠢᠵᠢᠷᠠᠭᠤᠯᠬᠤ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠡᠨ ᠬᠦ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ᠂ ᠡᠷᠬᠡ ᠪᠠᠨ ᠲᠥᠪ ᠭᠤᠣᠯᠴᠢ ᠪᠠᠷ ᠬᠡᠷᠡᠭᠯᠡᠬᠦ᠂ ᠡᠷᠬᠡ ᠪᠠᠨ ᠬᠠᠤᠯᠢ ᠶᠣᠰᠣᠭᠠᠷ ᠬᠡᠷᠡᠭᠯᠡᠬᠦ᠂ ᠠᠷᠠᠳ ᠤᠨ ᠬᠡᠷᠡᠭᠯᠡᠭᠡᠨ ᠤ ᠡᠷᠬᠡ ᠶᠢ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠬᠥᠲᠥᠯᠥᠨ ᠵᠢᠯᠤᠭᠤᠳᠬᠤ ᠶᠢᠨ ᠲᠥᠯᠥᠭᠡ ᠶᠤᠮ︾ ᠬᠡᠵᠡᠢ᠃   ᠬᠤᠷᠠᠯ ᠲᠡᠬᠡᠷ᠎ᠡ᠄ ︽ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠠᠷᠠᠳ ᠤᠨ ᠶᠠᠪᠤᠳᠠᠯ ᠤᠨ ᠠᠵᠢᠯ ᠤᠨ ᠦᠷᠭᠦᠯᠵᠢᠯᠡᠨ ᠬᠥᠭᠵᠢᠬᠦ᠂ ᠡᠷᠡᠭᠦᠯ ᠢᠶᠠᠷ ᠬᠥᠭᠵᠢᠬᠦ᠂ ᠴᠢᠨᠠᠷᠯᠢᠭ‌ᠢ ᠬᠥᠭᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃ ᠲᠢᠩᠬᠢᠮ ᠤᠨ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭᠠᠲᠤ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ᠂ ᠪᠦᠬᠦ ᠲᠠᠯ᠎ᠠ ᠪᠠᠷ ᠴᠢᠩᠭ᠎ᠠ ᠪᠠᠶᠢᠬᠤ᠂ ᠡᠴᠦᠰ ᠲᠤ ᠨᠢ ᠲᠤᠯᠲᠠᠯ᠎ᠠ ᠴᠢᠩᠭ᠎ᠠ ᠪᠠᠶᠢᠬᠤ ᠶᠢ ᠪᠠᠷᠢᠮᠲᠠᠯᠠᠵᠤ᠂ ᠴᠢᠩᠭ᠎ᠠ ᠬᠥᠭ ᠠᠶᠠᠰ᠂ ᠴᠢᠩᠭ᠎ᠠ ᠠᠷᠭ᠎ᠠ᠂ ᠴᠢᠩᠭ᠎ᠠ ᠠᠭᠤᠷ ᠠᠮᠢᠰᠬᠤᠯ ᠢ ᠤᠷᠲᠤ ᠬᠤᠭᠤᠴᠠᠭ᠎ᠠ  ᠪᠠᠷ ᠪᠠᠷᠢᠮᠲᠠᠯᠠᠵᠤ ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠷ ᠶᠡᠭᠡ ᠶᠠᠪᠤᠳᠠᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠵᠦ᠂ ︿ᠲᠠᠪᠤᠨ ᠢᠨᠵᠧᠨᠧᠷᠢᠩ﹀ ᠤᠨ ᠠᠷᠠᠳ ᠤᠨ ᠶᠠᠪᠤᠳᠠᠯ ᠳᠤ ᠬᠤᠯᠪᠣᠭᠳᠠᠬᠤ ᠠᠵᠢᠯ ᠤᠨ ᠪᠠᠶᠢᠷᠢᠯᠠᠭᠤᠯᠤᠯᠲᠠ ᠨᠠᠮ ᠪᠣᠯᠣᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠲᠦᠷᠦ ᠶᠢᠨ ᠪᠣᠳᠣᠯᠭ᠎ᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠠᠷᠠᠳ ᠤᠯᠠᠨ ᠢᠯᠠᠩᠭᠤᠶ᠎ᠠ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠳᠠᠰᠤᠷᠠᠯᠳᠠ ᠦᠭᠡᠢ ᠨᠡᠮᠡᠭᠳᠡᠭᠦᠯᠵᠦ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠠᠮᠢᠳᠤᠯᠢᠭ ᠦᠢᠯᠡᠳᠦᠯᠭᠡ ᠶᠢᠨ ᠳᠤᠮᠳᠠ ᠠᠷᠠᠳ ᠤᠨ ᠶᠠᠪᠤᠳᠠᠯ ᠤᠨ ᠬᠢᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠷᠠᠳ ᠤᠨ ᠶᠠᠪᠤᠳᠠᠯ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠳᠡᠢ︾ ᠭᠡᠵᠤ ᠱᠠᠭᠠᠷᠳᠠᠬᠰᠠᠨ ᠪᠠᠶᠢᠨ᠎ᠠ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠨ ᠪᠠᠶᠢᠴᠠᠭᠠᠭᠴᠢ᠂ ᠲᠢᠩᠬᠢᠮ ᠤᠨ ᠪᠠᠶᠢᠭᠤᠯᠭ᠎ᠠ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ᠂ ᠲᠢᠩᠬᠢᠮ ᠤᠨ ᠰᠢᠭᠤᠳ ᠬᠠᠷᠢᠶ᠎ᠠ ᠨᠢᠬᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ 35 ᠬᠥᠮᠥᠨ ᠬᠤᠷᠠᠯ ᠳᠤ ᠣᠷᠣᠯᠴᠠᠵᠠᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号