ᠮᠠᠨ ᠤ ᠣᠷᠣᠨ ᠵᠡᠮᠳᠡᠭᠴᠦᠳ ᠤᠨ ᠬᠤᠶᠠᠷ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠡᠯᠡ ᠮᠥᠩᠭᠦ ᠶᠢ | 6346 ᠲᠦᠮᠡᠨ ᠲᠥᠭᠦᠷᠢᠭ ᠪᠠᠭᠤᠯᠭᠠᠪᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ ᠶᠢᠨ ᠬᠢᠨ ᠤᠷᠴᠢᠮ ᠳᠤ ᠬᠠᠮᠲᠤ ᠪᠠᠷ ︽ᠬᠦᠴᠢᠷᠳᠡᠯᠲᠡᠢ | ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2024﹈ | 66 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 2024 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠵᠡᠮᠳᠡᠭᠴᠦᠳ ᠤᠨ ᠬᠤᠶᠠᠷ ᠨᠥᠬᠦᠪᠦᠷᠢ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠯᠤᠭᠤᠳᠬᠤ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 100 ᠲᠥᠭᠦᠷᠢᠭ ᠪᠠᠶᠢᠭᠰᠠᠨ ᠠᠴᠠ 125 ᠲᠥᠭᠦᠷᠢᠭ | ᠪᠤᠯᠭᠠᠬᠤ ᠪᠠᠷ ᠲᠣᠭᠲᠠᠪᠠ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 6346 ᠲᠦᠮᠡᠨ | ᠲᠥᠭᠦᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠡᠯᠡ ᠮᠥᠩᠭᠦ ᠶᠢ ᠪᠦᠬᠦᠨ ᠢ ᠪᠠᠭᠤᠯᠭᠠᠵᠤ᠂ 34.2 ᠲᠦᠮᠡᠨ | ᠬᠦᠴᠢᠷᠳᠡᠯᠲᠡᠢ ᠵᠡᠮᠳᠡᠭᠴᠦᠳ ᠪᠠ 31.1 ᠲᠦᠮᠡᠨ ᠨᠤᠴᠢᠳᠠᠢ ᠵᠡᠮᠳᠡᠭᠴᠦᠳ ᠲᠤ ᠠᠰᠢᠭ ᠬᠦᠷᠲᠡᠭᠡᠪᠡ᠃ | | | |