ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ︽ | ᠠᠷᠠᠳ ᠤᠨ ᠶᠠᠪᠤᠳᠠᠯ ᠠᠷᠠᠳ ᠤᠨ ᠲᠦᠯᠤᠬᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠠᠵᠢᠯ ᠤᠨ | ᠣᠶᠢᠯᠠᠭᠠᠭᠳᠠᠬᠤᠨ ᠢ ᠢᠮᠠᠭᠲᠠ ᠪᠠᠲᠤ ᠴᠡᠭᠡᠵᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠵᠡᠮᠳᠡᠭᠴᠦᠳ ᠤᠨ | ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠢᠭ ᠲᠤᠰᠠ ᠶᠢᠨ ᠬᠦᠰᠡᠯ | ᠱᠠᠭᠠᠷᠳᠠᠯᠭ᠎ᠠ ᠪᠠ ᠬᠦᠰᠡᠯ ᠡᠷᠡᠮᠡᠯᠵᠡᠯ ᠯᠦᠭᠡ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠵᠡᠮᠳᠡᠭᠴᠦᠳ ᠤᠨ | ᠠᠰᠠᠷᠠᠮᠵᠢ ᠶᠢᠨ ᠨᠠᠷᠢᠯᠢᠭ ᠣᠨᠣᠴᠠᠲᠠᠢ ᠪᠠᠷ ᠬᠠᠮᠢᠶᠠᠷᠬᠤ ᠪᠠᠷ ᠭᠤᠣᠯᠳᠠᠯᠭ᠎ᠠ ᠪᠣᠯᠭᠠᠨ᠂ ᠲᠥᠷᠥ ᠶᠢᠨ ᠪᠣᠳᠣᠯᠭ᠎ᠠ ᠶᠢᠨ | ᠰᠢᠰᠲ᠋ᠧᠮ ᠪᠠ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠡᠭᠦᠯᠳᠡᠷᠵᠢᠭᠦᠯᠬᠦ ᠪᠠᠷ ᠪᠠᠷᠢᠴᠨ ᠪᠣᠯᠭᠠᠵᠤ᠂ | ᠦᠨᠳᠦᠰᠦᠨ ᠪᠠᠳᠤᠯᠠᠭ᠎ᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠡᠮᠳᠡᠭᠴᠦᠳ ᠤᠨ | ᠠᠰᠠᠷᠠᠮᠵᠢ ᠶᠢᠨ ᠠᠵᠢᠯ ᠤᠨ ᠲᠠᠰᠤᠷᠠᠯᠲᠠ ᠦᠭᠡᠢ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢ ᠠᠬᠢᠭᠤᠯᠵᠠᠢ᠃ | ᠨᠢᠭᠡ᠂ ᠵᠡᠮᠳᠡᠭᠴᠦᠳ ᠤᠨ ︽ᠬᠤᠶᠠᠷ ᠨᠥᠬᠦᠪᠦᠷᠢ︾ ᠶᠢ ᠣᠯᠠᠨ ᠠᠷᠭ᠎ᠠ ᠪᠠᠷ ᠨᠠᠷᠢᠯᠢᠭ ᠣᠨᠣᠴᠠᠲᠠᠢ ᠬᠠᠮᠢᠶᠠᠷᠪᠠ | ︵ᠨᠢᠭᠡ︶ ᠪᠠᠷᠢᠮᠵᠢᠶ᠎ᠠ ᠶᠢ ᠳᠡᠭᠡᠭᠰᠢᠯᠡᠭᠦᠯᠵᠦ ᠣᠯᠠᠨ ᠲᠦᠮᠡᠨ ᠤ ︽ᠬᠠᠨᠤᠮᠵᠢ ᠶᠢᠨ ᠬᠡᠮᠵᠢᠶ᠎ᠡ︾ ᠶᠢ | ᠲᠡᠭᠡᠭᠰᠢᠯᠡᠬᠦᠯᠪᠡ᠃ ᠰᠢᠯᠢ ᠶᠢᠨ ᠭᠤᠤᠯ ᠠᠶᠢᠮᠠᠭ ᠤᠨ ᠬᠢᠨ 2016 ᠣᠨ ᠤ 1 ᠳ᠋ᠤᠬᠡᠷ ᠰᠠᠷ᠎ᠠ ᠠᠴᠠ ᠡᠬᠢᠯᠡᠨ | ᠵᠡᠮᠳᠡᠭᠴᠦᠳ ᠤᠨ ︽ᠬᠤᠶᠠᠷ ᠨᠥᠬᠦᠪᠦᠷᠢ︾ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ | ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠬᠤᠲᠠ ᠪᠠᠯᠭᠠᠰᠤ ᠶᠢᠨ ᠬᠥᠮᠥᠨ | ᠪᠦᠷᠢ ᠵᠢᠯ ᠳᠤ 600 ᠲᠥᠭᠦᠷᠢᠭ᠂ ᠬᠥᠳᠡᠭᠡ ᠲᠣᠰᠬᠤᠨ ︵ᠮᠠᠯᠵᠢᠬᠤ ᠣᠷᠣᠨ︶ ᠤ ᠬᠥᠮᠥᠨ ᠪᠦᠷᠢ ᠵᠢᠯ ᠳᠤ 360 | ᠲᠥᠭᠦᠷᠢᠭ ᠪᠤᠯᠭᠠᠪᠠ᠃ ᠨᠤᠴᠢᠳᠠᠢ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠠᠷᠢᠮᠵᠢᠶ᠎ᠠ ᠶᠢ | ᠬᠥᠮᠥᠨ ᠪᠦᠷᠢ ᠵᠢᠯ ᠳᠤ 500 ᠲᠥᠭᠦᠷᠢᠭ ᠪᠤᠯᠭᠠᠪᠠ᠃ 2017 ᠣᠨ ᠤ 3 ᠳ᠋ᠤᠭᠠᠷ ᠰᠠᠷ᠎ᠠ ᠳᠤ | ᠵᠡᠮᠳᠡᠭᠴᠦᠳ ᠤᠨ ︽ᠬᠤᠶᠠᠷ ᠨᠥᠬᠦᠪᠦᠷᠢ︾ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 100 ᠲᠥᠭᠦᠷᠢᠭ | ᠪᠣᠯᠲᠠᠯ᠎ᠠ ᠳᠡᠭᠡᠭᠰᠢᠯᠡᠭᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ | ᠳᠤᠯᠠᠭᠠᠨ ᠪᠦᠯᠢᠶᠡᠨ ᠢᠨᠵᠧᠨᠧᠷᠢᠩ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠦᠪᠤᠷ ᠮᠤᠩᠭᠤᠯ | ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ ᠪᠠᠶᠢᠷᠢᠯᠠᠭᠤᠯᠤᠯᠲᠠ | ᠶᠣᠰᠣᠭᠠᠷ ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯᠲᠡᠢ | ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠭᠤᠣᠯᠳᠠᠯᠭ᠎ᠠ ᠲᠠᠢ ᠠᠵᠢᠯ ᠪᠣᠯᠭᠠᠨ 2024 ᠣᠨ ᠤ 7 ᠳ᠋ᠤᠭᠠᠷ ᠰᠠᠷ᠎ᠠ ᠳᠤ | ᠵᠡᠮᠳᠡᠭᠴᠦᠳ ᠤᠨ ︽ᠬᠤᠶᠠᠷ ᠨᠥᠬᠦᠪᠦᠷᠢ︾ ᠶᠢ ᠬᠥᠮᠥᠨ ᠪᠦᠷᠢ ᠳᠤ ᠰᠠᠷ᠎ᠠ ᠳᠤ 125 ᠲᠥᠭᠦᠷᠢᠭ ᠪᠣᠯᠭᠠᠨ | ᠳᠡᠭᠡᠭᠰᠢᠯᠡᠭᠦᠯᠬᠦ ᠶᠢᠨ ᠬᠠᠮᠲᠤ ᠢᠵᠢ ᠪᠦᠷᠢᠳᠦᠭᠦᠯᠬᠦ ᠪᠡᠯᠡ ᠮᠥᠩᠭᠦ ᠶᠢ ᠦᠳᠲᠡᠷ ᠨᠠᠶᠢᠳᠠᠪᠤᠷᠢᠵᠢᠭᠤᠯᠵᠤ᠂ | ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠵᠡᠮᠳᠡᠭᠴᠦᠳ ᠤᠨ ᠬᠤᠶᠠᠷ ᠨᠥᠬᠦᠪᠦᠷᠢ ᠶᠢ ᠴᠠᠭ ᠲᠤᠬᠠᠢ ᠳᠤ ᠨᠢ | ᠲᠤᠭ᠎ᠠ ᠶᠣᠰᠣᠭᠠᠷ ᠤᠯᠭᠤᠯ᠎ᠠ᠃ | ︵ᠬᠤᠶᠠᠷ︶ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠵᠤ ᠪᠠᠶᠢᠭᠠᠳ ᠨᠥᠬᠦᠪᠦᠷᠢ ᠶᠢᠨ ︽ᠣᠨᠣᠪᠴᠢ ᠶᠢᠨ | ᠬᠡᠮᠵᠢᠶ᠎ᠡ︾ ᠶᠢ ᠴᠢᠩᠭᠠᠷᠠᠭᠤᠯᠪᠠ᠃ ︽3+1︾ ᠶᠢᠨ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠬᠤ | ᠲᠣᠭᠲᠠᠴᠠ ᠶᠢ ᠪᠠᠶᠢᠭᠤᠯᠵᠤ᠂ ᠠᠷᠠᠳ ᠤᠨ ᠶᠠᠪᠤᠳᠠᠯ ᠤᠨ ᠰᠠᠭᠤᠷᠢ ᠲᠤᠭ᠎ᠠ ᠪᠠᠷᠢᠮᠲᠠ ᠶᠢᠨ ᠦᠢᠯᠡᠳᠦᠯ ᠢ | ᠪᠠᠳᠠᠷᠠᠭᠤᠯᠬᠤ ᠪᠠ ︽ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢᠨ ᠬᠠᠮᠢᠶ᠎ᠠ ᠪᠦᠬᠦᠢ | ᠲᠤᠭ᠎ᠠ ᠪᠠᠷᠢᠮᠲᠠ ᠶᠢ ᠬᠠᠮᠳᠤ ᠪᠠᠷ ᠭᠥᠷᠳᠡᠬᠦ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ︾ ᠶᠢ ᠳᠠᠷᠤᠮᠠᠯᠯᠠᠨ | ᠲᠠᠷᠬᠠᠭᠠᠬᠤ ᠪᠠᠷ ᠳᠡᠮᠵᠢᠨ᠂ ᠠᠷᠠᠳ ᠤᠨ ᠶᠠᠪᠤᠳᠠᠯ ᠪᠠ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠨᠡᠶᠢᠯᠡᠭᠦᠯᠵᠦ᠂ ᠲᠤᠭ᠎ᠠ ᠪᠠᠷᠢᠮᠲᠠ ᠶᠢ ᠬᠠᠮᠳᠤ ᠪᠠᠷ ᠭᠥᠷᠳᠡᠬᠦ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ | ᠰᠠᠷ᠎ᠠ ᠶᠢᠨ ᠰᠡᠭᠦᠯᠴᠢ ᠳᠤ 3 ᠬᠠᠷᠭᠤᠭᠤᠯᠤᠭᠰᠠᠨ᠂ ᠰᠠᠷ᠎ᠠ ᠳᠤ 1 ᠬᠠᠷᠭᠤᠭᠤᠯᠤᠭᠰᠠᠨ ᠵᠡᠮᠳᠡᠭᠴᠦᠳ ᠤᠨ ︽ᠬᠤᠶᠠᠷ | ᠨᠥᠬᠦᠪᠦᠷᠢ︾ ᠶᠢ ᠬᠠᠷᠭᠤᠭᠤᠯᠬᠤ ᠲᠣᠭᠲᠠᠴᠠ ᠶᠢ ᠪᠣᠶ ᠪᠣᠯᠭᠠᠪᠠ᠃ ᠰᠠᠷ᠎ᠠ ᠪᠦᠷᠢ ᠬᠤᠲᠠ ᠬᠥᠳᠡᠭᠡ ᠶᠢᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ᠂ ᠬᠡᠦᠬᠡᠳ᠂ ᠳᠡᠭᠳᠡᠭᠡᠬᠦ᠂ | ᠡᠷᠦᠬᠡ ᠠᠮᠠ ᠶᠢᠨ ᠲᠠᠩᠰᠠ ᠶᠢ ᠬᠤᠪᠢᠷᠠᠭᠤᠯᠬᠤ᠂ ᠵᠡᠮᠳᠡᠭᠴᠦᠳ ᠤᠨ ᠰᠢᠨᠵᠢ ᠴᠢᠨᠠᠷ ᠢ ᠬᠤᠪᠢᠷᠠᠭᠤᠯᠬᠤ᠂ ᠠᠵᠤ | ᠦᠢᠯᠡᠳᠪᠦᠷᠢ ᠬᠤᠳᠠᠯᠳᠤᠭᠠᠨ ᠤ ᠳᠠᠭᠠᠳᠬᠠᠯ᠂ ᠦᠬᠦᠯ ᠵᠡᠷᠭᠡ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ | ᠬᠠᠷᠭᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠬᠤ ᠪᠠᠷ ᠳᠡᠮᠵᠢᠨ ᠰᠡᠵᠢᠭ ᠲᠠᠢ ᠲᠤᠭ᠎ᠠ ᠪᠠᠷᠢᠮᠲᠠ ᠶᠢ | ᠴᠡᠭᠴᠡᠯᠡᠬᠦ ᠠᠵᠢᠯ ᠢ ᠴᠠᠭ ᠲᠤᠬᠠᠢ ᠳᠤ ᠨᠢ ᠰᠠᠶᠢᠲᠤᠷ ᠠᠳᠬᠤᠵᠤ᠂ ᠨᠥᠬᠦᠪᠦᠷᠢ ᠣᠯᠭᠤᠬᠤ ᠠᠵᠢᠯ ᠢ ᠨᠠᠷᠢᠯᠢᠭ | ᠣᠨᠣᠴᠠᠲᠠᠢ᠂ ᠥᠨᠳᠥᠷ ᠪᠦᠲᠦᠮᠵᠢᠲᠡᠶ ᠶᠠᠪᠤᠬᠳᠠᠭᠤᠯᠵᠠᠢ᠃ | ︵ᠭᠤᠷᠪᠠ︶ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠲᠡᠬᠦᠯᠳᠡᠷᠵᠢᠬᠦᠯᠪᠡ᠃ ᠵᠡᠮᠳᠡᠭᠴᠦᠳ ᠤᠨ ᠬᠤᠶᠠᠷ | ᠨᠥᠬᠦᠪᠦᠷᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠨᠥᠬᠦᠨ ᠰᠢᠩᠭᠡᠭᠡᠬᠦ ᠠᠵᠢᠯ ᠢ | ᠥᠷᠨᠢᠭᠦᠯᠵᠦ᠂ ᠪᠥᠬᠦ ᠤᠯᠤᠰ ᠤᠨ ᠵᠡᠮᠳᠡᠭᠴᠦᠳ ᠤᠨ ︽ᠬᠤᠶᠠᠷ ᠨᠥᠬᠦᠪᠦᠷᠢ︾ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠡᠯᠧᠺᠲᠷᠣᠨ ᠲᠠᠩᠰᠠ ᠡᠪᠬᠡᠮᠡᠯ ᠤᠨ ᠪᠦᠷᠢᠨ ᠪᠦᠲᠦᠨ ᠪᠤᠯᠭᠠᠪᠠ᠃ ᠵᠡᠮᠳᠡᠭᠴᠦᠳ ᠤᠨ ︽ᠬᠤᠶᠠᠷ | ᠨᠥᠬᠦᠪᠦᠷᠢ︾ ᠶᠢ ᠭᠥᠷᠳᠡᠵᠦ ᠪᠠᠶᠢᠭ᠎ᠠ 2 ᠲᠦᠮᠡ ᠭᠠᠷᠤᠢ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ | ᠳᠡᠪᠲᠡᠷ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠦᠨᠡᠮᠯᠡᠯ᠂ ᠵᠡᠮᠳᠡᠭᠴᠦᠳ ᠤᠨ ᠦᠨᠡᠮᠯᠡᠯ ᠤᠨ ᠪᠠᠩᠬᠢ ᠶᠢᠨ ᠺᠠᠷᠲ | ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠪᠠᠶᠢᠴᠠᠭᠠᠵᠤ᠂ ᠳᠤᠲᠠᠭᠳᠠᠵᠤ ᠪᠠᠶᠢᠭ᠎ᠠ ᠡᠯᠧᠺᠲᠷᠣᠨ ᠲᠠᠩᠰᠠ | ᠡᠪᠬᠡᠮᠡᠯ ᠢ ᠴᠠᠭ ᠲᠤᠬᠠᠢ ᠳᠤ ᠨᠢ ᠨᠥᠬᠦᠨ ᠰᠢᠩᠭᠡᠭᠡᠵᠦ ᠳᠡᠭᠡᠭᠰᠢ ᠲᠠᠮᠵᠢᠭᠤᠯᠪᠠ᠃ | ᠬᠤᠶᠠᠷ᠂ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ᠂ ᠠᠷᠠᠳ ᠤᠨ ᠶᠠᠪᠤᠳᠠᠯ ᠤᠨ ᠬᠢᠨ ᠤ ᠤᠶᠤᠨ ᠤ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠪᠡ | ︵ᠨᠢᠭᠡ︶ ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠳᠡᠭᠡᠭᠰᠢᠯᠡᠭᠦᠯᠦᠯᠲᠡ ᠶᠢ ᠲᠡᠮᠵᠢᠪᠡ | 2020 ᠣᠨ ᠳᠤ ᠰᠢᠯᠢ ᠶᠢᠨ ᠭᠤᠣᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ︽ᠭᠤᠷᠪᠠᠳᠤᠭᠠᠷ | ᠳᠡᠰ ᠤᠨ ᠮᠡᠳᠡᠷᠡᠯ ᠤᠨ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ︾ ᠶᠢ ᠠᠮᠵᠢᠯᠲᠠ ᠲᠠᠢ ᠡᠭᠦᠳᠦᠨ | ᠪᠠᠶᠢᠭᠤᠯᠵᠤ᠂ 2024 ᠣᠨ ᠳᠤ ᠨᠡᠶᠢᠲᠡᠯᠡᠭᠰᠡᠨ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠶᠢᠨ ᠬᠢᠷᠢ ᠪᠦᠲᠦᠮᠵᠢ ᠶᠢᠨ | ᠳᠣᠲᠣᠷ᠎ᠠ ᠡᠮᠨᠡᠯᠭᠡ ᠶᠢᠨ ᠬᠤᠷᠢᠶ᠎ᠠ ᠶᠢᠨ ᠨᠡᠷᠡᠰ ᠤᠨ ᠵᠢᠭᠰᠠᠭᠠᠯᠲᠠ 2022 ᠣᠨ ᠳᠤ 66 ᠪᠠᠶᠢᠭᠰᠠᠨ ᠠᠴᠠ ᠪᠠᠨ | 50 ᠪᠣᠯᠵᠤ ᠳᠡᠪᠰᠢᠪᠡ᠃ ᠰᠢᠯᠢ ᠶᠢᠨ ᠭᠤᠣᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠦᠷᠭᠦᠯᠵᠢᠯᠡᠨ | ᠬᠦᠴᠦᠯᠡᠨ ᠴᠢᠷᠮᠠᠶᠢᠵᠤ᠂ ᠪᠡᠷᠬᠡ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠤᠯᠤᠰ ᠤᠨ ᠭᠤᠷᠪᠠᠳᠤᠭᠠᠷ ᠳᠡᠰ ᠤᠨ | ᠬᠥᠬᠡ ᠲᠠᠰ ᠤᠨ ᠲᠤᠰᠬᠠᠢ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ | ᠬᠠᠷᠠᠯᠲᠠ᠂ ᠴᠠᠭ᠂ ᠬᠤᠭᠤᠴᠠᠭ᠎ᠠ ᠲᠣᠭᠲᠠᠭᠠᠵᠤ᠂ ᠬᠢᠨᠠᠮᠠᠭᠠᠢ ᠳᠢᠭᠯᠡᠵᠦ᠂ ᠭᠡᠭᠡᠭᠳᠡᠵᠦ ᠣᠷᠬᠢᠭᠳᠠᠭᠰᠠᠨ ᠢ ᠪᠠᠶᠢᠴᠠᠭᠠᠨ | ᠨᠥᠬᠦᠪᠦᠷᠢᠯᠡᠵᠦ᠂ ︽ᠭᠤᠷᠪᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ | ᠠᠵᠢᠯ ᠢ ᠥᠷᠨᠢᠭᠦᠯᠪᠡ᠃ ︽ᠭᠤᠷᠪᠠᠨ ᠬᠥᠬᠡ︾ ᠶᠢᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠢ | ᠠᠰᠢᠭᠯᠠᠨ᠂ ᠡᠮᠨᠡᠯᠭᠡ ᠶᠢᠨ ᠬᠤᠷᠢᠶ᠎ᠠ ᠶᠢᠨ ᠶᠠᠰᠤ ᠴᠢᠨᠠᠷ ᠬᠢᠭᠡᠳ ᠠᠶᠤᠯ ᠦᠬᠡᠢ ᠶᠢᠨ ᠬᠠᠮᠢᠶᠠᠷᠤᠯᠲᠠ ᠶᠢᠨ | ᠰᠢᠰᠲ᠋ᠧᠮ ᠢ ᠳᠠᠬᠢᠨ ᠳᠡᠭᠡᠭᠰᠢᠯᠡᠭᠦᠯᠵᠦ᠂ ᠳᠠᠬᠢᠨ ᠴᠢᠩᠭᠠᠷᠠᠭᠤᠯᠵᠤ᠂ ᠳᠠᠬᠢᠨ ᠨᠠᠶᠢᠳᠠᠪᠤᠷᠢᠵᠢᠭᠤᠯᠤᠨ᠎ᠠ᠃ ︽ᠭᠤᠷᠪᠠᠨ | ᠬᠥᠬᠡ︾ ᠶᠢᠨ ᠡᠮᠨᠡᠯᠭᠡ ᠶᠢᠨ ᠬᠤᠷᠢᠶ᠎ᠠ ᠶᠢᠨ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠢ ᠡᠭᠦᠳᠴᠦ᠂ ᠣᠶᠤᠨ | ᠰᠠᠨᠠᠭᠠᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠬᠦᠯᠪᠡ᠃ | ︵ᠬᠤᠶᠠᠷ︶ ᠴᠢᠳᠠᠪᠤᠷᠢ ᠪᠠᠷ ᠰᠢᠯᠢᠳᠡᠭ ᠢ ᠠᠬᠢᠭᠤᠯᠤᠨ ᠴᠢᠳᠠᠪᠤᠷᠢ ᠶᠢ ᠳᠡᠭᠡᠭᠰᠢᠯᠡᠭᠦᠯᠵᠦ᠂ ᠪᠣᠶᠢᠵᠢᠭᠤᠯᠬᠤ ᠶᠢ | ᠤᠶᠠᠯᠳᠤᠭᠤᠯᠤᠨ ᠬᠥᠭᠵᠢᠭᠦᠯᠬᠦ ᠪᠠᠷ ᠴᠢᠷᠮᠠᠶᠢᠪᠠ | ᠰᠢᠯᠢ ᠶᠢᠨ ᠭᠤᠣᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠳᠡᠭᠡᠳᠦ ᠵᠡᠷᠭᠡ ᠶᠢᠨ ᠮᠡᠷᠭᠡᠵᠢᠯ ᠤᠨ | ᠴᠣᠯᠠ ᠲᠠᠢ 4 ᠴᠢᠳᠠᠪᠤᠷᠢᠲᠠᠨ᠂ ᠠᠰᠫᠢᠷᠠᠨᠲ 4 ᠣᠷᠣᠭᠤᠯᠤᠨ ᠠᠪᠴᠢᠷᠠᠵᠤ᠂ ᠣᠷᠣᠨ ᠲᠤᠭ᠎ᠠ ᠳᠤ ᠪᠠᠶᠢᠭ᠎ᠠ 32 | ᠠᠵᠢᠯᠲᠠᠨ ᠡᠯᠰᠡᠵᠦ᠂ ᠪᠥᠬᠦ ᠰᠤᠷᠭᠠᠭᠤᠯᠢ ᠶᠢᠨ ᠡᠯ᠎ᠡ ᠰᠠᠯᠠᠭ᠎ᠠ ᠲᠠᠰᠤᠭ ᠤᠨ ᠠᠵᠢᠯᠲᠠᠨ ᠨᠡᠶᠢᠲᠡ 58 ᠥᠭᠦᠯᠡᠯ | ᠨᠡᠶᠢᠲᠡᠯᠡᠭᠦᠯᠵᠡᠢ᠃ ᠮᠣᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠡᠮᠨᠡᠯᠭᠡ ᠶᠢᠨ ᠰᠠᠯᠠᠭ᠎ᠠ ᠶᠢ ᠨᠡᠭᠡᠭᠡᠬᠦ ᠪᠠᠷ | ᠳᠠᠮᠵᠢᠭᠤᠯᠤᠨ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢᠨ ︽ᠰᠢᠶᠣᠣ ᠵᠠᠨ ᠵᠢᠶᠦ᠋ᠨ ᠤ ᠨᠠᠷᠠᠲᠤ ᠡᠮᠴᠢ ᠶᠢᠨ | ᠠᠵᠢᠯᠯᠠᠬᠤ ᠲᠠᠰᠤᠭ︾ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠲᠢᠶᠠᠨᠵᠢᠨ ᠬᠤᠲᠠ ᠶᠢᠨ ᠠᠨ ᠳ᠋ᠢᠩ | ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠧᠩ ᠨᠠᠨ ᠬᠢᠲᠠᠳ ᠡᠮᠨᠡᠯᠭᠡ ᠶᠢᠨ ᠬᠤᠷᠢᠶ᠎ᠠ ᠯᠤᠭ᠎ᠠ ᠪᠥᠬᠦ ᠲᠠᠯ᠎ᠠ ᠶᠢᠨ | ᠲᠤᠬᠠᠶᠢᠯᠠᠭᠰᠠᠨ ᠠᠵᠢᠯ ᠤᠨ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠡᠮᠴᠢᠯᠡᠭᠡᠨ ᠤ ᠭᠠᠳᠠᠷ ᠰᠠᠯᠠᠭᠠᠨ ᠤ ᠲᠤᠰᠬᠠᠢ | ᠮᠡᠷᠭᠡᠵᠢᠯ ᠪᠠ ᠡᠮᠴᠢᠯᠡᠭᠡᠨ ᠤ ᠡᠬᠢ ᠪᠠᠶᠠᠯᠢᠭ ᠢ ᠬᠠᠮᠳᠤ ᠪᠠᠷ ᠡᠳ᠋ᠯᠡᠵᠤ᠂ ᠡᠮᠨᠡᠯᠭᠡ ᠶᠢᠨ ᠬᠤᠷᠢᠶ᠎ᠠ ᠶᠢᠨ ᠰᠢᠨᠵᠢᠯᠡᠭᠡᠨ ᠤ | ᠰᠠᠯᠠᠭ᠎ᠠ ᠶᠢᠨ ᠬᠤᠭᠤᠰᠤᠨ ᠢ ᠨᠦᠬᠦᠪᠤᠷᠢᠯᠡᠭᠰᠡᠨ ᠤ ᠬᠠᠮᠳᠤ ᠣᠷᠣᠨ ᠤ ᠳᠣᠲᠣᠨ᠎ᠠ ᠭᠠᠳᠠᠨᠠᠬᠢ ᠣᠯᠠᠨ ᠨᠠᠷᠠᠲᠤ | ᠲᠤᠰᠬᠠᠢ ᠮᠡᠷᠭᠡᠵᠢᠯᠲᠡᠨ ᠢ ᠡᠮᠨᠡᠯᠭᠡ ᠳᠤ ᠤᠷᠢᠵᠤ ᠡᠮᠨᠡᠭᠦᠯᠬᠦ᠂ ᠳᠠᠭᠠᠭᠤᠯᠤᠨ ᠰᠤᠷᠭᠠᠬᠤ ᠠᠵᠢᠯ ᠢ ᠥᠷᠨᠢᠭᠦᠯᠵᠦ᠂ 18 | ᠲᠠᠯᠠᠪᠤᠷ ᠣᠨᠣᠯ ᠤᠨ ᠬᠢᠴᠢᠶᠡᠯᠯᠡᠭᠡ ᠶᠢ ᠥᠷᠨᠢᠭᠦᠯᠵᠦ᠂ 11 ᠡᠮᠨᠡᠯᠭᠡ ᠶᠢᠨ ᠠᠵᠢᠯᠲᠠᠨ ᠢ ᠪᠡᠭᠡᠵᠢᠩ᠂ ᠲᠢᠶᠠᠨᠵᠢᠨ᠂ | ᠬᠤᠵᠧᠤ ᠵᠡᠷᠭᠡ ᠭᠠᠵᠠᠷ ᠤᠨ ᠨᠠᠷᠠᠲᠤ ᠡᠮᠨᠡᠯᠭᠡ ᠶᠢᠨ ᠬᠤᠷᠢᠶ᠎ᠠ ᠳᠤ ᠣᠴᠢᠭᠤᠯᠤᠨ ᠪᠣᠯᠪᠠᠰᠤᠷᠠᠭᠤᠯᠬᠤ᠂ ᠳᠦᠷᠢᠮ | ᠲᠣᠭᠲᠠᠭᠠᠯ ᠢᠶᠠᠷ ᠪᠣᠯᠪᠠᠰᠤᠷᠠᠭᠤᠯᠵᠤ᠂ ᠲᠤᠰᠬᠠᠢ ᠮᠡᠷᠭᠡᠵᠢᠯᠲᠡᠨ ᠤ ᠳᠠᠪᠠᠭᠤᠯᠢᠭ ᠪᠠ ᠳᠡᠭᠡᠳᠦ ᠰᠢᠨ᠎ᠡ ᠮᠡᠷᠭᠡᠵᠢᠯ ᠤᠨ | ᠴᠢᠳᠠᠪᠤᠷᠢᠲᠠᠨ ᠤ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠣᠶᠤᠨ ᠤ ᠡᠷᠡᠭᠦᠯ ᠬᠠᠮᠠᠭᠠᠯᠠᠯ ᠤᠨ ᠠᠵᠢᠯ ᠤᠨ | ᠡᠩᠨᠡᠭᠡ ᠶᠢᠨ ᠪᠠᠶᠢᠭᠤᠯᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ︵ᠭᠤᠷᠪᠠ︶ ᠠᠷᠭ᠎ᠠ ᠪᠣᠳᠣᠯᠭ᠎ᠠ ᠪᠠᠷ ᠡᠬᠢ ᠪᠠᠶᠠᠯᠢᠭ ᠢ ᠪᠠᠶᠢᠭᠤᠯᠤᠨ ᠲᠥᠪᠯᠡᠷᠡᠭᠦᠯᠬᠦ ᠶᠢ ᠠᠬᠢᠭᠤᠯᠵᠤ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠦᠢᠯᠡᠴᠢᠯᠡᠭᠡ ᠶᠢ ᠪᠠᠳᠤᠯᠠᠪᠠ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠶᠢᠨ ᠬᠢᠨ ᠲᠠᠢ ᠬᠠᠮᠳᠤᠷᠠᠨ | ᠤ ︽ᠣᠶᠤᠨ ᠤ ᠰᠠᠭᠠᠳ ᠲᠠᠢ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠡᠬᠢ ᠪᠠᠶᠠᠯᠢᠭ ᠢ | ᠬᠠᠮᠳᠤ ᠪᠠᠷ ᠡᠳ᠋ᠯᠡᠬᠦ ᠪᠠ ᠰᠢᠯᠵᠢᠭᠦᠯᠦᠨ ᠲᠠᠨᠢᠯᠴᠠᠭᠤᠯᠬᠤ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ | ᠮᠡᠳᠡᠭᠳᠡᠯ︾ ᠢ ᠤᠯᠠᠮᠵᠢᠯᠠᠨ ᠲᠠᠷᠬᠠᠭᠠᠵᠤ᠂ ᠪᠥᠬᠦ ᠠᠶᠢᠮᠠᠭ ᠤᠨ ᠮᠡᠳᠡᠷᠡᠯ ᠤᠨ ᠪᠠ ᠡᠷᠡᠬᠦᠯᠵᠢᠬᠦᠯᠬᠦ ᠦᠢᠯᠡᠴᠢᠯᠡᠬᠡᠨ ᠤ | ᠡᠬᠢ ᠪᠠᠶᠠᠯᠢᠭ ᠢ ᠠᠭᠤᠰᠤᠯᠴᠠᠭᠤᠯᠬᠤ ᠠᠵᠢᠯ ᠢ ᠤᠷᠢᠳᠴᠢᠯᠠᠨ ᠲᠥᠯᠥᠪᠯᠡᠨ ᠪᠠᠶᠢᠷᠢᠯᠠᠭᠤᠯᠵᠤ᠂ ᠮᠡᠳᠡᠷᠡᠯ ᠤᠨ ᠪᠠ | ᠡᠷᠡᠬᠦᠯᠵᠢᠬᠦᠯᠬᠦ ᠦᠢᠯᠡᠴᠢᠯᠡᠬᠡᠨ ᠤ ᠠᠭᠤᠰᠤᠯᠴᠠᠯ ᠤᠨ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ︾ ᠣᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ 2024 ᠣᠨ ᠳᠤ | ᠲᠥᠪ ᠤᠨ ᠪᠤᠶᠠᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 25 ᠲᠦᠮᠡᠨ ᠲᠥᠭᠦᠷᠢᠭ | ᠣᠯᠬᠤ ᠪᠠᠷ ᠴᠢᠷᠮᠠᠶᠢᠵᠤ᠂ ᠠᠶᠢᠮᠠᠭ ᠬᠤᠲᠠ ᠶᠢᠨ ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢ 60 ᠲᠦᠮᠡᠨ ᠲᠥᠭᠦᠷᠢᠭ ᠪᠤᠴᠠᠭᠠᠨ ᠥᠭᠬᠦ ᠪᠠᠷ ᠲᠣᠬᠢᠷᠠᠭᠤᠯᠤᠨ᠂ ᠮᠡᠳᠡᠷᠡᠯ ᠤᠨ ᠪᠠ | ᠡᠷᠡᠬᠦᠯᠵᠢᠬᠦᠯᠬᠦ ᠦᠢᠯᠡᠴᠢᠯᠡᠬᠡᠨ ᠤ ᠠᠭᠤᠰᠤᠯᠴᠠᠯ ᠤᠨ ᠲᠥᠷᠥᠯ ᠵᠦᠢᠯ ᠢ ᠲᠤᠰᠠᠯᠠᠵᠤ᠂ ᠲᠣᠰ ᠵᠢᠯ ᠤᠨ ᠠᠵᠢᠯ ᠤᠨ | ᠬᠠᠷᠠᠯᠲᠠ ᠪᠠᠨ ᠪᠡᠶᠡᠯᠡᠭᠦᠯᠬᠦ ᠶᠢ ᠪᠠᠳᠤᠯᠠᠬᠰᠠᠨ ᠪᠠᠶᠢᠨ᠎ᠠ᠃ ᠣᠲᠣ ᠪᠣᠯᠲᠠᠯ᠎ᠠ᠂ ᠪᠥᠬᠦ ᠠᠶᠢᠮᠠᠭ ᠲᠤ ᠨᠡᠶᠢᠲᠡ ᠣᠶᠣᠨ ᠤ | ᠰᠠᠭᠠᠳ ᠲᠠᠢ ᠬᠦᠮᠦᠰ ᠪᠠᠶᠢᠭ᠎ᠠ 13 ᠨᠡᠶᠢᠭᠡᠮ ᠲᠣᠭᠤᠷᠢᠭ ᠲᠤ ᠡᠷᠡᠭᠦᠯᠵᠢᠯ ᠤᠨ ᠥᠷᠲᠡᠭᠡ ᠴᠡᠭ ᠶᠢ ᠪᠠᠶᠢᠭᠤᠯᠵᠤ᠂ | ᠣᠶᠣᠨ ᠤ ᠰᠠᠭᠠᠳ ᠲᠠᠢ ᠬᠦᠮᠦᠰ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ 10 ᠭᠠᠵᠠᠷ ᠣᠷᠣᠨ ᠤ | ᠬᠢᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ ᠪᠠᠷ ᠲᠤᠰᠬᠠᠢ ᠮᠡᠷᠭᠡᠵᠢᠯ ᠤᠨ | ᠠᠵᠢᠯᠳᠠᠳ ᠣᠶᠣᠨ ᠤ ᠰᠠᠭᠠᠳ ᠤᠨ ᠡᠪᠡᠳᠴᠢᠲᠡᠨ ᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠶᠢ | 19 ᠲᠠᠯᠠᠪᠤᠷ ᠥᠷᠨᠢᠭᠦᠯᠵᠦ᠂ ᠡᠷᠡᠬᠦᠯᠵᠢᠬᠦᠯᠬᠦ ᠦᠢᠯᠡᠴᠢᠯᠡᠭᠡ ᠶᠢ 1700 ᠭᠠᠷᠤᠢ ᠤᠳᠠᠭ᠎ᠠ ᠬᠦᠷᠲᠡᠭᠡᠭᠰᠡᠨ | ᠪᠠᠶᠢᠨ᠎ᠠ᠃ | | | | | | | |