ᠮᠠᠨ ᠤ ᠣᠷᠣᠨ ᠤ ︽ᠬᠡᠦᠬᠡᠳ ᠢ ᠬᠠᠮᠠᠭᠠᠯᠠᠨ ᠪᠣᠶᠢᠵᠢᠭᠤᠯᠬᠤ︾ ᠲᠥᠷᠥᠯ ᠵᠦᠢᠯ ᠤᠨ ᠬᠡᠦᠬᠡᠳ ᠢ ᠬᠠᠮᠠᠭᠠᠯᠠᠬᠤ ᠣᠨᠴᠠᠭᠠᠶ ᠵᠢᠱᠢᠶ᠎ᠡ ᠶᠢᠨ ᠬᠠᠮᠢᠶᠠᠷᠤᠯᠲᠠ ᠶᠢᠨ ᠬᠤᠶᠠᠳᠤᠭᠠᠷ ᠬᠤᠭᠤᠴᠠᠭᠠᠨ ᠤ ᠭᠤᠣᠯᠯᠠᠭᠴᠢ ᠬᠦᠴᠤᠨ ᠤ ᠪᠣᠯᠪᠠᠰᠤᠷᠠᠯ ᠬᠢᠩᠭᠠᠨ ᠠᠶᠢᠮᠠᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/8/13
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠡᠦᠬᠡᠳ ᠢ ᠬᠠᠮᠠᠭᠠᠯᠠᠨ ᠪᠣᠶᠢᠵᠢᠭᠤᠯᠬᠤ︾ ᠲᠥᠷᠥᠯ ᠵᠦᠢᠯ ᠤᠨ ᠬᠡᠦᠬᠡᠳ ᠢ ᠬᠠᠮᠠᠭᠠᠯᠠᠬᠤ ᠣᠨᠴᠠᠭᠠᠶ ᠵᠢᠱᠢᠶ᠎ᠡ ᠶᠢᠨ ᠬᠠᠮᠢᠶᠠᠷᠤᠯᠲᠠ ᠶᠢᠨ ᠬᠤᠶᠠᠳᠤᠭᠠᠷ ᠬᠤᠭᠤᠴᠠᠭᠠᠨ ᠤ ᠪᠣᠯᠪᠠᠰᠤᠷᠠᠯ 8 ᠳ᠋ᠤᠭᠠᠷ ᠰᠠᠷ᠎ᠠ ᠶᠢᠨ 6 ᠠᠴᠠ 9 ᠤ ᠡᠳᠦᠷ  ᠬᠢᠩᠭᠠᠨ ᠠᠶᠢᠮᠠᠭ ᠲᠤ ᠤᠷᠤᠭᠰᠢᠲᠠᠢ ᠶᠠᠪᠤᠭᠳᠠᠪᠠ᠃ ᠳᠤᠮᠳᠠᠳᠤ ᠤᠯᠤᠰ ᠤᠨ ᠬᠡᠦᠬᠡᠳ ᠤᠨ ᠠᠰᠠᠷᠠᠮᠵᠢ ᠪᠠ  ᠬᠡᠤᠬᠡᠳ ᠦᠷᠡᠴᠢᠯᠡᠬᠦ ᠠᠵᠢᠯ ᠤᠨ ᠲᠥᠪ ᠤᠨ ᠨᠡᠶᠢᠭᠡᠮ ᠤᠨ ᠠᠵᠤ ᠦᠢᠯᠡᠳᠪᠦᠷᠢ ᠶᠢᠨ ᠬᠡᠯᠲᠡᠰ ᠤᠨ ᠡᠷᠬᠢᠯᠡᠭᠴᠢ ᠸᠠᠩ ᠼᠦᠢ ᠫᠢᠩ᠂ ᠠᠵᠢᠯᠲᠠᠨ ᠼᠠᠢ ᠯᠢᠨ ᠯᠢᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠡᠦᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠳᠤᠮᠳᠠᠳᠤ ᠤᠯᠤᠰ ᠲᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠳᠡᠭᠡᠳᠦ ᠲᠡᠰ ᠤᠨ ᠲᠦᠷᠦᠯ ᠵᠦᠢᠯ ᠤᠨ ᠲᠤᠰᠢᠶᠠᠯᠲᠠᠨ ᠴᠧᠨ ᠰᠢᠤᠸᠠᠢ ᠮᠧᠢ ᠨᠠᠷ ᠲᠤᠬᠠᠢ ᠶᠢᠨ ᠲᠠᠯᠠᠪᠠᠢ ᠳᠤ ᠬᠦᠷᠴᠦ ᠪᠣᠯᠪᠠᠰᠤᠷᠠᠯ ᠬᠦᠷᠳᠡᠬᠡᠨ᠂ ᠬᠢᠴᠢᠶᠡᠯ ᠤᠨ ᠠᠭᠤᠯᠭ᠎ᠠ ᠳᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠬᠢᠩᠭᠠᠨ ᠠᠶᠢᠮᠠᠭ ᠤᠨ ᠲᠤᠷᠰᠢᠯᠲᠠ ᠶᠢᠨ ᠴᠡᠭ ᠪᠣᠯᠬᠤ ᠬᠤᠲᠠ ᠰᠢᠶᠠᠨ ᠤ ᠡᠮᠦᠨ᠎ᠡ ᠹᠷᠣᠨᠲ ᠤᠨ ᠲᠦᠷᠦᠯ ᠵᠦᠢᠯ ᠤᠨ ᠨᠡᠶᠢᠭᠡᠮ ᠤᠨ ᠠᠵᠢᠯᠲᠠᠨ ᠬᠡᠦᠬᠡᠳ ᠤᠨ ᠠᠵᠢᠯᠲᠠᠨ 31 ᠬᠦᠮᠦᠨ ᠪᠣᠯᠪᠠᠰᠤᠷᠠᠯ ᠳᠤ ᠣᠷᠣᠯᠴᠠᠪᠠ᠃     ᠬᠤᠶᠠᠳᠤᠭᠠᠷ ᠬᠤᠭᠤᠴᠠᠭᠠᠨ ᠤ ᠪᠣᠯᠪᠠᠰᠤᠷᠠᠯ ᠨᠢ ᠬᠡᠦᠬᠡᠳ ᠢ ᠬᠠᠮᠠᠭᠠᠯᠠᠬᠤ ᠣᠨᠴᠠᠭᠠᠶ  ᠵᠢᠱᠢᠶ᠎ᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠪᠤᠴᠠ ᠪᠠ‌ᠠᠷᠭ᠎ᠠ ᠮᠡᠷᠭᠡᠵᠢᠯ ᠵᠡᠷᠭᠡ ᠲᠠᠯ᠎ᠠ ᠶᠢᠨ ᠰᠤᠷᠤᠯᠴᠠᠯᠭ᠎ᠠ ᠶᠢ ᠴᠢᠩᠭᠠᠳᠬᠠᠪᠠ᠃ ᠯᠧᠺᠲ᠋ᠣᠷ ᠤᠨ ᠪᠦᠯᠬᠦᠮ ᠤᠨ ᠬᠢᠨ ᠲᠥᠷᠥᠯ ᠵᠦᠢᠯ ᠤᠨ ᠪᠣᠯᠪᠠᠰᠤᠷᠠᠯ ᠤᠨ ᠮᠡᠳᠡᠯᠭᠡ ᠶᠢᠨ ᠪᠣᠷᠣ ᠲᠥᠯᠥᠪ ᠪᠣᠯᠣᠨ ᠰᠢᠰᠲ᠋ᠧᠮ ᠢ ᠦᠨᠳᠦᠰᠦᠯᠡᠵᠦ᠂ ᠲᠤᠰ ᠪᠡᠶ᠎ᠡ ᠶᠢᠨ ᠳᠠᠪᠠᠭᠤᠯᠢᠭ᠂ ᠦᠢᠯᠡᠴᠢᠯᠡᠭᠡᠨ ᠤ ᠲᠤᠷᠰᠢᠯᠭ᠎ᠠ ᠪᠠ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠬᠡᠯᠡᠯᠴᠡᠭᠡ ᠬᠢᠬᠦ ᠤᠷ᠎ᠠ ᠮᠡᠷᠭᠡᠵᠢᠯ᠂ ᠭᠡᠷ ᠪᠦᠯᠢ ᠶᠢᠨ ᠠᠵᠢᠯ᠂ ᠬᠡᠦᠬᠡᠳ ᠤᠨ ᠬᠠᠮᠠᠭᠠᠯᠠᠯᠲᠠ ᠶᠢᠨ ᠣᠨᠴᠠᠭᠠᠶ ᠵᠢᠱᠢᠶ᠎ᠡ ᠶᠢᠨ ᠬᠠᠮᠢᠶᠠᠷᠤᠯᠲᠠ ᠦᠢᠯᠡᠴᠢᠯᠡᠭᠡᠨ ᠤ ᠲᠥᠰᠥᠯ ᠢ ᠵᠢᠷᠤᠵᠤ ᠲᠥᠯᠥᠪᠯᠡᠬᠦ᠂ ᠡᠬᠢ ᠪᠠᠶᠠᠯᠢᠭ ᠤᠨ ᠨᠠᠷᠢᠨ ᠳᠠᠩᠰᠠ ᠶᠢ ᠡᠮᠬᠢᠯᠡᠬᠦ᠂ ᠰᠢᠯᠵᠢᠭᠦᠯᠦᠨ ᠲᠠᠨᠢᠯᠴᠠᠭᠤᠯᠬᠤ᠂ ᠮᠥᠷᠳᠡᠨ ᠪᠠᠶᠢᠴᠠᠭᠠᠬᠤ᠂ ᠬᠡᠷᠡᠭ ᠢ ᠳᠠᠭᠤᠰᠬᠠᠬᠤ ᠪᠠ ᠰᠢᠯᠵᠢᠭᠦᠯᠦᠨ ᠲᠤᠰᠢᠶᠠᠬᠤ ᠵᠡᠷᠭᠡ ᠪᠣᠳᠠᠲᠤ ᠪᠣᠯᠪᠠᠰᠤᠷᠠᠯ ᠤᠨ ᠠᠭᠤᠯᠭ᠎ᠠ ᠶᠢ ᠨᠠᠷᠢᠨ ᠲᠠᠶᠢᠯᠪᠤᠷᠢᠯᠠᠬᠰᠠᠨ ᠤ ᠬᠠᠮᠲᠤ ᠰᠤᠷᠤᠭᠴᠢᠳ ᠢ ᠵᠣᠬᠢᠶᠠᠨ ᠪᠠᠶᠢᠭᠤᠯᠤᠨ ᠵᠢᠱᠢᠶ᠎ᠡ ᠶᠢ ᠵᠠᠳᠠᠯᠬᠤ᠂ ᠠᠬᠤᠢ ᠪᠠᠶᠢᠳᠠᠯ ᠢ ᠳᠠᠭᠤᠷᠢᠶᠠᠬᠤ ᠵᠡᠷᠭᠡ ᠠᠷᠭ᠎ᠠ  ᠪᠠᠷ ᠦᠢᠯᠡᠳᠦᠯᠭᠡ ᠶᠢᠨ ᠰᠣᠷᠢᠯᠲᠠ ᠬᠢᠵᠦ᠂ ᠰᠤᠷᠤᠭᠴᠢᠳ ᠢ ᠬᠠᠪᠰᠤᠷᠤᠨ ᠣᠨᠣᠯ ᠤᠨ ᠮᠡᠳᠡᠯᠭᠡ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠡᠦᠬᠡᠳ ᠤᠨ ᠬᠠᠮᠠᠭᠠᠯᠠᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠪᠠ ᠥᠷᠢᠰᠦᠯᠳᠦᠭᠡᠨ ᠢ ᠰᠢᠢᠳᠪᠦᠷᠢᠯᠡᠨ᠂ ᠰᠤᠷᠤᠭᠴᠢᠳ ᠤᠨ ᠪᠣᠳᠠᠲᠠᠢ ᠪᠣᠯᠪᠠᠰᠤᠷᠠᠯ ᠤᠨ ᠴᠢᠳᠠᠪᠤᠷᠢ ᠶᠢ ᠦᠨᠡᠨ ᠬᠦ ᠴᠢᠩᠭᠠᠳᠬᠠᠪᠠ᠃ ᠰᠤᠷᠤᠭᠴᠢᠳ᠄ ︽ᠲᠣᠰ ᠤᠳᠠᠭᠠᠨ ᠤ ᠪᠣᠯᠪᠠᠰᠤᠷᠠᠯ ᠤᠨ ᠲᠣᠬᠢᠷᠠᠭᠤᠯᠤᠯᠲᠠ ᠨᠢ ᠪᠦᠷᠢᠨ ᠭᠦᠢᠴᠡᠳ ᠪᠥᠭᠡᠳ ᠵᠦᠢ ᠵᠣᠬᠢᠰᠲᠠᠢ᠂ ᠬᠢᠴᠢᠶᠡᠯ ᠤᠨ ᠵᠢᠷᠤᠭ ᠲᠥᠯᠥᠪᠯᠡᠭᠡ ᠶᠢᠨ ᠲᠤᠰᠬᠠᠢ ᠮᠡᠷᠭᠡᠵᠢᠯ ᠨᠢ ᠪᠠᠶᠠᠯᠢᠭ᠂ ᠲᠤᠰᠬᠠᠢ ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠡᠳᠬᠢᠴᠡ ᠪᠠ ᠬᠠᠷᠠᠭ᠎ᠠ ᠪᠠᠨ ᠦᠷᠬᠡᠳᠬᠡᠯ᠎ᠡ︾ ᠬᠡᠵᠡᠬᠡᠵᠤ ᠪᠠᠶᠢᠯ᠎ᠠ᠃ ᠬᠤᠶᠠᠷ ᠬᠤᠭᠤᠴᠠᠭᠠᠨ ᠤ ᠪᠣᠯᠪᠠᠰᠤᠷᠠᠯ ᠰᠤᠷᠤᠯᠴᠠᠯᠭ᠎ᠠ ᠪᠠᠷ ᠳᠡᠮᠵᠢᠨ ᠬᠢᠨᠭ᠍ᠭᠠᠨ ᠠᠶᠢᠮᠠᠭ ᠤᠨ ᠬᠡᠦᠬᠡᠳ ᠢ ᠬᠠᠮᠠᠭᠠᠯᠠᠬᠤ ᠡᠩᠨᠡᠭᠡ ᠶᠢᠨ ᠬᠢᠨ ᠤ ᠲᠤᠰᠬᠠᠢ ᠮᠡᠷᠭᠡᠵᠢᠯ ᠤᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠡᠦᠬᠡᠳ ᠢ  ᠬᠠᠯᠠᠮᠵᠢᠯᠠᠬᠤ ᠦᠢᠯᠡᠴᠢᠯᠡᠭᠡ ᠶᠢ ᠨᠠᠩ ᠰᠠᠶᠢᠲᠤᠷ ᠥᠷᠨᠢᠭᠦᠯᠬᠦ ᠳᠤ ᠪᠠᠲᠤ ᠰᠠᠭᠤᠷᠢ ᠶᠢ ᠲᠠᠯᠪᠢᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号