ᠪᠦᠬᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠬᠤᠶᠠᠷ — ᠠᠩᠬ᠎ᠠ ᠤᠳᠠᠭ᠎ᠠ ᠰᠢᠰᠲ᠋ᠧᠮ ᠲᠠᠢ ᠪᠠᠶᠢᠷᠢᠯᠠᠭᠤᠯᠪᠠ︕ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠢᠨ ᠤ ᠰᠠᠨᠠᠯ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/8/13
     8 ᠳ᠋ᠤᠭᠠᠷ ᠰᠠᠷ᠎ᠠ ᠶᠢᠨ 15 ᠤ ᠪᠦᠬᠦ ᠤᠯᠤᠰ ᠤᠨ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨ ᠤ ᠳᠠᠷᠤᠮᠠᠯᠯᠠᠨ ᠲᠠᠷᠬᠠᠭᠠᠭᠰᠠᠨ ︽ᠠᠵᠤ ᠠᠬᠤᠢ ᠨᠡᠶᠢᠭᠡᠮ ᠤᠨ ᠬᠦᠭᠵᠢᠬᠦᠯᠤᠯᠳᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ ᠲᠤᠬᠠᠢ ᠰᠠᠨᠠᠯ︾ ᠢ 8 ᠰᠠᠷ᠎ᠠ ᠶᠢᠨ 11 ᠤ ᠡᠳᠦᠷ ᠨᠡᠶᠢᠲᠡᠯᠡᠪᠡ᠂ ᠡᠨᠡ ᠪᠣᠯ ᠲᠥᠪ ᠤᠨ ᠲᠠᠯ᠎ᠠ ᠠᠴᠠ ᠠᠵᠤ ᠠᠬᠤᠢ ᠨᠡᠶᠢᠭᠡᠮ ᠤᠨ ᠬᠦᠭᠵᠢᠬᠦᠯᠦᠯᠳᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ ᠲᠤᠬᠠᠢ ᠠᠩᠬᠠᠨ ᠤ ᠰᠢᠰᠲ᠋ᠧᠮ  ᠲᠠᠢ ᠪᠠᠶᠢᠷᠢᠯᠠᠭᠤᠯᠤᠯᠳᠠ ᠪᠤᠯᠬᠤ ᠶᠤᠮ᠃      ︽ᠰᠠᠨᠠᠯ︾ ᠳᠤ ᠰᠢᠷᠢᠰ ᠬᠠᠷᠠᠯᠲᠠ ᠶᠢ ᠳᠤᠷᠠᠳᠴᠠᠢ᠄ 2030 ᠣᠨ ᠪᠣᠯᠬᠤ ᠳᠤ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠡᠪᠴᠢᠶ᠎ᠡ ᠶᠢ 15 ᠲᠦᠮᠡᠨ ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠨ᠎ᠡ᠃ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠤᠪᠢ ᠶᠢᠨ ᠵᠢᠩ ᠢ 25% ᠤᠷᠴᠢᠮ ᠪᠤᠯᠳᠠᠯ᠎ᠠ ᠲᠡᠭᠡᠭᠰᠢᠯᠡᠬᠦᠯᠤᠨ᠎ᠡ᠃ ᠡᠵᠡᠩᠨᠡᠯᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠨᠢᠭᠡᠴᠢ ᠰᠣᠯᠢᠵᠤ ᠪᠤᠳᠤᠬᠤ ᠡᠷᠭᠢᠯᠲᠡ ᠶᠢᠨ ᠬᠡᠮᠵᠢᠶ᠎ᠡ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ 2020 ᠣᠨ ᠤ ᠬᠢ ᠠᠴᠠ 9.5% ᠣᠷᠴᠢᠮ ᠢᠶᠠᠷ ᠪᠠᠭᠤᠷᠠᠭᠤᠯᠤᠨ᠎ᠠ᠃ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ ᠠᠰᠢᠭᠯᠠᠯᠲᠠ ᠶᠢᠨ ᠬᠡᠮᠵᠢᠶ᠎ᠡ ᠶᠢ 45 ᠳ᠋ᠦᠩᠰᠢᠭᠤᠷ ᠲᠣᠨ ᠣᠷᠴᠢᠮ ᠳᠤ ᠬᠦᠷᠭᠡᠬᠦ ᠵᠡᠷᠭᠡ ᠪᠣᠯᠣᠨ᠎ᠠ᠃     ︽ᠰᠠᠨᠠᠯ︾ ᠨᠢ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠴᠢᠨᠠᠷᠯᠢᠭ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠬᠤ᠂ ᠠᠵᠤ ᠦᠢᠯᠡᠰ ᠤᠨ ᠪᠦᠲᠦᠴᠡ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠬᠦ᠂ ᠡᠨᠧᠷᠭᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠦᠭᠵᠢᠬᠦᠯᠤᠯᠳᠡ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠵᠡᠷᠭᠡ 5 ᠶᠡᠭᠡ ᠬᠦᠷᠢᠶ᠎ᠡ ᠶᠢᠨ ᠲᠣᠭᠤᠷᠢᠨ ᠳᠤ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠡᠷᠡᠭᠯᠡᠭᠡᠨ ᠤ ᠵᠠᠭᠪᠤᠷ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠰᠢᠨᠵᠢᠯᠡᠬᠦ ᠮᠡᠷᠭᠡᠵᠢᠯ ᠤᠨ ᠰᠢᠨ᠎ᠡ ᠡᠬᠦᠳᠤᠯᠳᠡ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠬᠤ ᠵᠡᠷᠭᠡ 3 ᠶᠡᠭᠡ ᠭᠤᠭᠴᠤᠭ᠎ᠠ ᠳᠤ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ᠂ ᠠᠮᠢᠳᠤᠷᠠᠯ ᠤᠨ ᠠᠷᠭ᠎ᠠ ᠮᠠᠶ᠋ᠢᠭ ᠢ ᠪᠤᠰᠢᠭᠤᠬᠠᠨ ᠪᠣᠶ ᠪᠣᠯᠭᠠᠬᠤ ᠲᠤᠬᠠᠢ ᠪᠠᠶᠢᠷᠢᠯᠠᠭᠤᠯᠵᠠᠢ᠃           
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号