ᠲᠦᠷᠦᠭᠦᠸ 7 ᠰᠠᠷ᠎ᠠ ᠳᠤ  ᠮᠠᠨ ᠤ ᠤᠷᠤᠨ ᠤ ᠡᠨᠧᠷᠭᠢ ᠶᠢᠨ ᠠᠵᠤ ᠦᠢᠯᠡᠳᠪᠦᠷᠢ ᠶᠢᠨ ᠣᠯᠠᠨ ᠵᠦᠢᠯ ᠤᠨ ᠭᠦᠢᠴᠡᠳᠬᠡᠯ ᠲᠤᠭ᠎ᠠ ᠪᠥᠬᠦ ᠤᠯᠤᠰ ᠤᠨ ᠡᠮᠦᠨ᠎ᠡ ᠡᠩᠨᠡᠬᠡᠨ ᠳᠤ ᠤᠷᠤᠯ᠎ᠠ
ᠨᠡᠶᠢᠲᠡᠯᠡᠭᠰᠡᠨ ᠴᠠᠭ᠄
2024/8/19
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨ ᠠᠴᠠ ᠣᠶᠢᠯᠠᠭᠠᠭᠰᠠᠨ ᠨᠢ᠄ 2024 ᠣᠨ ᠤ 1  — 7 ᠰᠠᠷ᠎ᠠ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠲᠤ  ᠮᠥᠨ ᠲᠠᠷᠢᠬᠦᠯᠡᠵᠤ᠂ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠣᠯᠠᠨ ᠵᠦᠢᠯ ᠤᠨ ᠭᠦᠢᠴᠡᠳᠬᠡᠯ ᠲᠤᠭ᠎ᠠ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃   ᠲᠦᠭᠦᠬᠡᠢ ᠨᠡᠭᠦᠷᠡᠰᠦᠨ ᠤ ᠦᠢᠯᠡᠳᠪᠦᠷᠢᠯᠡᠯ᠄ ᠡᠨᠡ ᠵᠢᠯ ᠤᠨ 1 —7 ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ 7.38 ᠳ᠋ᠦᠩᠰᠢᠭᠤᠷ ᠲᠣᠨ ᠳᠤ ᠬᠦᠷᠴᠦ᠂ ᠪᠥᠬᠦ ᠤᠯᠤᠰ ᠤᠨ ᠲᠡᠷᠢᠭᠦᠨ ᠳᠤ ᠣᠷᠣᠪᠠ᠃ ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.4 ᠵᠠᠭᠤᠨ ᠤ ᠨᠢᠭᠡᠴᠢ ᠲᠦᠷᠭᠡᠳᠪᠡ᠃ ᠡᠭᠦᠨ ᠳᠤ  7 ᠳ᠋ᠤᠭᠠᠷ ᠰᠠᠷ᠎ᠠ ᠶᠢᠨ ᠨᠡᠭᠦᠷᠡᠰᠦᠨ ᠤ ᠭᠠᠷᠤᠯᠲᠠ 1.04 ᠳ᠋ᠦᠩᠰᠢᠭᠤᠷ ᠲᠣᠨ ︵ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ︶᠂ 5 ᠰᠠᠷ᠎ᠠ ᠳᠠᠷᠠᠭᠠᠯᠠᠨ ᠳ᠋ᠦᠩᠰᠢᠭᠤᠷ ᠲᠣᠨ ᠠᠴᠠ ᠳᠡᠭᠡᠭᠰᠢ ᠪᠠᠶᠢᠬᠤ ᠶᠢ ᠪᠠᠲᠤᠯᠠᠪᠠ᠃    ᠭᠤᠣᠯ ᠭᠠᠷᠤᠯᠲᠠ ᠶᠢᠨ ᠣᠷᠣᠨ ᠤ ᠨᠡᠭᠦᠷᠡᠰᠦᠨ ᠤ ᠭᠠᠷᠤᠯᠲᠠ᠄ ᠡᠨᠡ ᠵᠢᠯ ᠤᠨ 1  — 7 ᠰᠠᠷ᠎ᠠ ᠳᠤ ᠣᠷᠳᠣᠰ ᠬᠤᠳᠠ ᠶᠢᠨ ᠨᠡᠭᠦᠷᠡᠰᠦᠨ ᠤ ᠭᠠᠷᠤᠯᠲᠠ 5.1 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.7% ᠨᠡᠮᠡᠭᠳᠡᠵᠦ᠂ ᠪᠦᠬᠦ ᠣᠷᠣᠨ ᠤ ᠨᠡᠭᠦᠷᠡᠰᠦᠨ ᠤ ᠭᠠᠷᠤᠯᠲᠠ ᠶᠢ 3.2 ᠵᠠᠭᠤᠨ ᠤ ᠨᠢᠭᠡᠴᠢ ᠪᠠᠷ ᠨᠡᠮᠡᠭᠳᠡᠭᠦᠯᠪᠡ᠃ ᠰᠢᠯᠢ ᠶᠢᠨ ᠭᠤᠣᠯ ᠠᠶᠢᠮᠠᠭ ᠤᠨ ᠨᠡᠭᠦᠷᠡᠰᠦᠨ ᠤ ᠭᠠᠷᠤᠯᠲᠠ 0.8 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠨ᠂ ᠪᠥᠬᠦ ᠣᠷᠣᠨ ᠤ ᠨᠡᠭᠦᠷᠡᠰᠦᠨ ᠤ ᠭᠠᠷᠤᠯᠲᠠ ᠶᠢ 0.9 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠬᠤᠶᠠᠷ ᠠᠶᠢᠮᠠᠭ ᠬᠤᠳᠠ ᠶᠢᠨ ᠨᠡᠭᠦᠷᠡᠰᠦᠨ ᠤ ᠭᠠᠷᠤᠯᠲᠠ ᠨᠡᠶᠢᠯᠡᠭᠡᠳ ᠪᠦᠬᠦ ᠣᠷᠣᠨ ᠤ 80% ᠠᠴᠠ ᠳᠡᠭᠡᠭᠰᠢᠬᠢ ᠶᠢ ᠡᠵᠡᠯᠡᠪᠡ᠃    ᠴᠠᠬᠢᠯᠭᠠᠨ ᠭᠠᠷᠭᠠᠭᠰᠠᠨ ᠬᠡᠮᠵᠢᠶ᠎ᠡ᠄ ᠡᠨᠡ ᠵᠢᠯ ᠤᠨ 1 —7 ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 4620.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠤᠯᠤᠰ ᠤᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠪᠡ᠃ ᠡᠭᠦᠨ ᠳᠤ 7 ᠰᠠᠷ᠎ᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 716.1 ᠳ᠋ᠦᠩᠰᠢᠭᠤᠷ ᠺᠢᠯᠣᠸᠠᠲ ᠴᠠᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠡᠢ᠃    ᠭᠤᠣᠯ ᠪᠣᠯᠬᠤ ᠴᠠᠬᠢᠯᠭᠠᠨ ᠭᠠᠷᠭᠠᠬᠤ ᠲᠦᠷᠦᠯ ᠵᠦᠢᠯ᠄ ᠡᠨᠡ ᠵᠢᠯ ᠤᠨ 1 ︱ 7 ᠰᠠᠷ᠎ᠠ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ 3540.4 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ  ᠬᠢ ᠠᠴᠠ 8.5% ᠢᠶᠠᠷ ᠨᠡᠮᠡᠭᠳᠡᠪᠡ︶ ᠲᠤ ᠬᠦᠷᠴᠦ᠂ ᠪᠦᠬᠦ ᠤᠯᠤᠰ ᠲᠤ ᠲᠡᠷᠢᠭᠦᠯᠡᠪᠡ᠃ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 877.3 ᠳ᠋ᠦᠩᠰᠢᠭᠤᠷ ᠺᠢᠯᠣᠸᠠᠲ ᠴᠠᠭ ᠲᠤ ᠬᠦᠷᠴᠦ ︵ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ︶᠂ ᠪᠥᠬᠦ ᠤᠯᠤᠰ ᠲᠤ ᠲᠡᠷᠢᠭᠦᠯᠡᠪᠡ᠃ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 176.5 ᠳ᠋ᠦᠩᠰᠢᠭᠤᠷ ᠺᠢᠯᠣᠸᠠᠲ ᠴᠠᠭ ᠲᠤ ᠬᠦᠷᠴᠦ ︵ᠠᠳᠠᠯᠢ ᠬᠤᠭᠤᠴᠠᠭᠠᠨ ᠤ ᠬᠢ ᠠᠴᠠ 42.8% ᠪᠠᠷ ᠨᠡᠮᠡᠭᠳᠡᠪᠡ︶᠂ ᠪᠥᠬᠦ ᠤᠯᠤᠰ ᠲᠤ ᠬᠤᠶᠠᠳᠤᠭᠠᠷ ᠲᠤ ᠣᠷᠣᠪᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号