︽ᠪᠢᠳᠡ ᠡᠩ ᠤᠨ ᠴᠠᠭ ᠲᠤ ᠪᠠᠨ ᠰᠢᠲᠠᠷ᠎ᠠ ᠲᠠᠯᠪᠢᠵᠤ᠂ ᠬᠥᠵᠥᠷ ᠲᠣᠭᠯᠠᠵᠤ᠂ ᠳᠠᠭᠤᠤ ᠳᠠᠭᠤᠯᠠᠵᠤ᠂ | ᠠᠮᠢᠳᠤᠷᠠᠯ ᠲᠠᠭᠠᠯᠠᠮᠵᠢᠲᠠᠢ᠂ ᠰᠡᠳᠬᠢᠯ ᠰᠠᠨᠠᠭ᠎ᠠ ᠪᠠᠶᠠᠷ ᠬᠥᠷ ᠲᠠᠢ ᠪᠠᠶᠢᠳᠠᠭ ᠁ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ ᠰᠠᠶᠢᠨ ᠡᠷᠭᠢᠯᠡᠪᠡᠯ ᠪᠠᠭ᠎ᠠ ᠭᠡᠷ ᠪᠦᠯᠢ ᠶᠢᠨ ᠵᠣᠯ ᠵᠢᠷᠭᠠᠯ ᠢ ᠡᠳ᠋ᠯᠡᠵᠤ᠂ ᠨᠡᠩ ᠶᠡᠭᠡ ᠭᠡᠷ | ᠪᠦᠯᠢ ᠶᠢᠨ ᠬᠠᠯᠠᠭᠤᠨ ᠳᠤᠯᠠᠭᠠᠨ ᠢ ᠬᠦᠷᠳᠡᠵᠤ ᠴᠢᠳᠠᠨ᠎ᠠ ︾ ᠭᠡᠵᠤ ᠬᠤᠷᠢᠨᠭᠡᠷ ᠰᠢᠶᠠᠨ ᠤ ᠾᠧᠢ ᠯᠣᠣ ᠶᠣᠣ | ᠰᠢᠶᠠᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠰᠠᠭᠤᠵᠤ ᠪᠠᠶᠢᠭ᠎ᠠ ᠸᠠᠩ ᠨᠠᠰᠤᠲᠠᠨ | ᠣᠳᠣ ᠶᠢᠨ ᠠᠮᠢᠳᠤᠷᠠᠯ ᠢᠶᠠᠨ ᠪᠠᠶᠠᠷ ᠬᠦᠷ ᠲᠠᠢ ᠪᠠᠷ ᠶᠠᠷᠢᠵᠤ ᠪᠠᠶᠢᠯ᠎ᠠ᠃ | ᠡᠨᠡ ᠵᠢᠯ ᠤᠨ 6 ᠳ᠋ᠤᠭᠠᠷ ᠰᠠᠷ᠎ᠠ ᠶᠢᠨ 18 ᠤ ᠡᠳᠦᠷ ᠠᠵᠢᠯ ᠡᠬᠢᠯᠡᠭᠦᠯᠦᠭᠰᠡᠨ ᠬᠤᠷᠢᠨᠭᠡᠷ ᠰᠢᠶᠠᠨ ᠤ ᠡᡁᠸ | ᠯᠣᠣ ᠶᠣᠣ ᠰᠢᠶᠠᠩ ᠤᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯ | ᠬᠤᠷᠢᠨᠭᠡᠷ ᠰᠢᠶᠠᠨ ᠤ ᠠᠩᠬᠠᠳᠠᠭᠴᠢ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ | ᠪᠣᠯᠣᠨ᠎ᠠ᠂ ᠬᠤᠭᠤᠯᠠ ᠤᠮᠳᠠ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ | ᠵᠤᠭ᠎ᠠ ᠴᠡᠩᠭᠡᠬᠦᠨ ᠳᠤ ᠲᠤᠰᠠᠯᠠᠬᠤ ᠵᠡᠷᠭᠡ ᠴᠢᠳᠠᠪᠬᠢ ᠲᠠᠢ ᠶᠤᠮ᠃ ᠣᠶᠢᠷ᠎ᠠ ᠬᠠᠪᠢ ᠳᠤ ᠪᠠᠨ ᠬᠤᠭᠤᠯᠠ ᠢᠳᠡᠬᠦ᠂ | ᠣᠶᠢᠷ᠎ᠠ ᠬᠠᠪᠢ ᠳᠤ ᠪᠠᠨ ᠰᠣᠶᠣᠯ ᠴᠡᠩᠭᠡᠬᠦᠨ ᠤᠨ ᠠᠵᠢᠯᠯᠠᠭ᠎ᠠ ᠬᠢᠬᠦ ᠵᠡᠷᠭᠡ ᠦᠢᠯᠡᠴᠢᠯᠡᠭᠡ ᠪᠠᠷ ᠳᠠᠮᠵᠢᠭᠤᠯᠤᠨ᠂ | ᠬᠥᠳᠡᠭᠡ ᠲᠣᠰᠬᠤᠨ ᠤ ᠨᠠᠰᠤᠲᠠᠶᠢᠴᠤᠳ ᠤᠨ ᠨᠤᠲᠤᠭ ᠠᠴᠠ ᠪᠠᠨ ᠥᠯᠥ ᠰᠠᠯᠬᠤ ᠨᠠᠰᠤᠵᠢᠯ ᠤᠨ ᠠᠰᠠᠷᠠᠮᠵᠢ ᠶᠢᠨ | ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠵᠦ᠂ ᠨᠠᠰᠤᠲᠠᠶᠢᠴᠤᠳ ᠲᠤ ᠲᠤᠰᠬᠠᠢ ᠮᠡᠷᠭᠡᠵᠢᠯ ᠤᠨ ᠪᠥᠭᠡᠳ ᠬᠠᠯᠠᠭᠤᠨ | ᠳᠤᠯᠠᠭᠠᠨ ᠬᠥᠳᠡᠭᠡ ᠲᠣᠰᠬᠤᠨ ᠤ ᠰᠢᠬᠢᠳᠬᠡᠬᠡᠷᠢ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠡᠳ᠋ᠯᠡᠬᠦᠯᠬᠦ ᠪᠤᠯᠤᠨ᠎ᠠ᠃ | ᠬᠤᠷᠢᠨᠭᠡᠷ ᠰᠢᠶᠠᠨ ᠤ ᠡᡁᠸ ᠯᠣᠣ ᠶᠣᠣ ᠰᠢᠶᠠᠩ ᠤᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠪᠣᠯ ᠬᠥᠬᠡᠬᠤᠲᠠ ᠶᠢᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠶᠢᠨ ᠬᠤᠷᠢᠶᠠᠩᠭᠤᠢ | ᠳᠦᠷᠰᠦ ᠪᠣᠯᠣᠨ᠎ᠠ᠃ ᠣᠳᠣᠬᠠᠨ ᠳᠤ ᠬᠥᠬᠡᠬᠤᠲᠠ ᠶᠢᠨ 5 ᠬᠤᠰᠢᠭᠤ ᠰᠢᠶᠠᠨᠰᠤᠮᠤ ᠰᠢᠶᠠᠩ ᠪᠠᠯᠭᠠᠰᠤᠨ ᠤ | ᠲᠠᠰ ᠤᠨ 27 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠣᠰᠬᠤᠨ ᠤ ᠲᠠᠰ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 200 ᠶᠢ ᠪᠠᠶᠢᠭᠤᠯᠵᠤ᠂ ᠬᠥᠳᠡᠭᠡ ᠲᠣᠰᠬᠤᠨ ᠤ | ᠬᠠᠷᠢᠯᠴᠠᠨ ᠬᠠᠪᠰᠤᠷᠤᠯᠴᠠᠬᠤ 23 ᠬᠦᠷᠢᠶᠡᠯᠡᠩ ᠢ ᠲᠠᠰ ᠳᠡᠪᠰᠢᠭᠦᠯᠦᠨ ᠥᠭᠡᠷᠡᠴᠢᠯᠡᠪᠡ᠃ ᠬᠤᠰᠢᠭᠤ ᠰᠢᠶᠠᠨ ᠤ | ᠱᠠᠲᠤᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠪᠠᠷ ᠲᠥᠪ | ᠪᠣᠯᠭᠠᠭᠰᠠᠨ᠂ ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢᠶᠠᠷ ᠰᠠᠴᠤᠷᠠᠭ ᠪᠣᠯᠭᠠᠭᠰᠠᠨ᠂ | ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠴᠡᠭ᠂ ᠬᠠᠷᠢᠯᠴᠠᠨ ᠬᠠᠪᠰᠤᠷᠤᠯᠴᠠᠬᠤ | ᠬᠦᠷᠢᠶᠡᠯᠡᠩ ᠢᠶᠠᠷ ᠲᠤᠯᠭᠠᠭᠤᠷᠢᠯᠠᠭᠰᠠᠨ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠲᠤᠤᠷᠵᠢᠯ ᠢ | ᠦᠨᠳᠦᠰᠦᠨ ᠳᠤ ᠪᠠᠨ ᠪᠡᠶᠡᠯᠡᠬᠦᠯᠦᠭᠰᠡᠨ ᠪᠠᠶᠢᠨ᠎ᠠ᠃ | ᠬᠥᠬᠡᠬᠤᠲᠠ ᠶᠢᠨ ᠬᠢᠨ ᠪᠠᠰᠠ ᠭᠡᠷ ᠲᠤ ᠨᠢ ᠬᠦᠷᠴᠤ ᠠᠰᠠᠷᠠᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ ᠪᠠᠶᠢᠨ᠎ᠠ᠃ ᠣᠳᠣᠬᠠᠨ ᠳᠤ ᠬᠤᠲᠠ ᠶᠢᠨ ᠲᠠᠰ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ | ᠦᠵᠡᠭᠦᠯᠬᠦ ᠲᠥᠪ 1᠂ ᠲᠣᠭᠤᠷᠢᠭ ᠤᠨ ᠲᠠᠰ ᠤᠨ ᠵᠢᠱᠢᠶ᠎ᠡ ᠦᠵᠡᠭᠦᠯᠬᠦ ᠲᠥᠪ 4᠂ ᠵᠡᠭᠡᠯᠢ ᠭᠤᠳᠤᠮᠵᠢ ᠬᠡᠷᠡᠭ | ᠡᠷᠬᠢᠯᠡᠬᠦ ᠭᠠᠵᠠᠷ ᠤᠨ ᠲᠠᠰ ᠤᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ 31᠂ ᠨᠡᠶᠢᠭᠡᠮ ᠲᠣᠭᠤᠷᠢᠭ ᠤᠨ ᠲᠠᠰ ᠤᠨ ᠭᠡᠷ ᠪᠦᠯᠢ ᠶᠢᠨ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 304 ᠪᠠᠶᠢᠵᠤ᠂ ᠬᠠᠭᠤᠴᠢᠨ ᠬᠤᠭᠤᠯᠠᠨ | ᠲᠢᠩᠬᠢᠮ ᠢ 120 ᠪᠣᠯᠭᠠᠨ ᠪᠠᠶᠢᠭᠤᠯᠪᠠ᠃ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ ᠤᠨ ᠲᠠᠰ ᠤᠨ ᠭᠡᠷ ᠲᠤ ᠨᠢ | ᠬᠦᠷᠴᠤ ᠠᠰᠠᠷᠠᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠦᠷᠬᠦᠴᠡ ᠶᠢ | 100% ᠳᠤ ᠬᠦᠷᠭᠡᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠪᠠ | ᠪᠠᠶᠢᠭᠤᠯᠤᠮᠵᠢ ᠶᠢᠨ ᠪᠦᠷᠬᠦᠴᠡ ᠶᠢ 95.77% ᠳᠤ ᠬᠦᠷᠭᠡᠵᠦ᠂ ᠬᠤᠲᠠ ᠲᠣᠭᠤᠷᠢᠭ ᠤᠨ ᠨᠢᠭᠡ ᠮᠥᠴᠡ ᠶᠢᠨ | ᠲᠤᠳᠤᠷᠠᠬᠢ ᠠᠷᠠᠳ ᠲᠤ ᠲᠥᠬᠦᠮ ᠦᠵᠡᠭᠦᠯᠬᠦ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠢ ᠦᠨᠳᠦᠰᠦᠨ ᠳᠤ ᠪᠠᠨ | ᠪᠦᠷᠬᠦᠬᠦᠯᠵᠡᠢ᠃ | ᠠᠷᠠᠳ ᠤᠨ ᠬᠡᠷᠡᠭᠴᠡᠭᠡ ᠪᠣᠯ ᠵᠠᠰᠠᠭ ᠤᠨ ᠬᠠᠨᠳᠤᠰᠢ᠃ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ | ᠂ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠰᠡᠯ ᠡᠷᠡᠮᠡᠯᠵᠡᠯ ᠳᠤ ᠬᠠᠷᠢᠭᠤ ᠥᠭᠬᠦ ᠶᠢᠨ | ᠲᠥᠯᠥᠭᠡ ᠬᠥᠬᠡᠬᠤᠲᠠ ᠶᠢᠨ ᠬᠢᠨ ᠤᠷᠴᠢᠮ ᠤᠨ ᠵᠢᠯ ᠵᠢᠷᠤᠮᠵᠢᠯ ᠤᠨ ᠴᠢᠨᠠᠷᠲᠠᠢ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ 27 ᠶᠢ ᠲᠣᠭᠲᠠᠭᠠᠨ ᠨᠡᠶᠢᠲᠡᠯᠡᠵᠦ᠂ ᠭᠠᠵᠠᠷ ᠰᠢᠷᠣᠢ᠂ ᠭᠠᠶᠢᠯᠢ ᠰᠦᠢᠳᠬᠡᠯ᠂ ᠵᠠᠰᠠᠭ ᠤᠨ | ᠣᠷᠳᠣᠨ ᠬᠤᠳᠠᠯᠳᠤᠨ ᠠᠪᠴᠤ ᠦᠭᠭᠦ ᠦᠢᠯᠡᠴᠢᠯᠡᠭᠡ᠂ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ᠂ ᠬᠤᠭᠤᠯᠠ | ᠤᠮᠳᠠ᠂ ᠡᠵᠡᠩᠨᠡᠯᠲᠡ ᠶᠢᠨ ᠱᠠᠩᠨᠠᠯ ᠵᠡᠷᠭᠡ ᠲᠠᠯ᠎ᠠ ᠪᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠳᠤ ᠲᠤᠶᠢᠯ ᠤᠨ ᠶᠡᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠨᠡᠯᠢᠶᠡᠳ | ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠬᠦ ᠰᠢᠰᠲ᠋ᠧᠮ ᠢ ᠠᠩᠬ᠎ᠠ ᠠᠯᠬᠤᠮ | ᠪᠦᠷᠢᠯᠳᠦᠭᠦᠯᠪᠡ᠃ ᠬᠥᠬᠡᠬᠤᠲᠠ ᠶᠢᠨ ᠬᠢᠨ ᠦᠨᠤ ᠵᠢᠯ ︽ᠬᠥᠬᠡᠬᠤᠲᠠ ᠬᠤᠲᠠ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ︿ᠳᠠᠭᠤᠷᠢᠶᠠᠯ ᠲᠣᠭᠤᠷᠢᠭ﹀᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ︿ᠵᠢᠱᠢᠶ᠎ᠡ ᠦᠵᠡᠭᠦᠯᠬᠦ ᠲᠣᠭᠤᠷᠢᠭ﹀ ᠢ ᠪᠦᠲᠦᠭᠡᠨ ᠪᠠᠶᠢᠭᠤᠯᠬᠤ ᠠᠵᠢᠯᠯᠠᠭᠠᠨ ᠤ ᠲᠥᠰᠥᠯ︾ ᠢ | ᠲᠣᠭᠲᠠᠭᠠᠵᠤ᠂ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠨᠠᠰᠤᠵᠢᠯ ᠤᠨ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠬᠦ ᠪᠠ ᠨᠠᠰᠤᠵᠢᠯ ᠤᠨ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ︽ | ᠬᠤᠲᠠ — ᠬᠤᠰᠢᠭᠤ ᠰᠢᠶᠠᠨ ᠲᠣᠭᠤᠷᠢᠭ — ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ — ᠲᠣᠰᠬᠤᠨ ︵ᠨᠡᠶᠢᠭᠡᠮ ᠲᠣᠭᠤᠷᠢᠭ︶︾ ᠳᠥᠷᠪᠡᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ | ᠲᠤᠤᠷᠵᠢᠯ ᠢ ᠰᠢᠯᠢᠳᠡᠭᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠨᠠᠰᠤᠵᠢᠯ ᠤᠨ ᠦᠢᠯᠡᠴᠢᠯᠡᠭᠡᠨ ᠤ ᠣᠨᠴᠠᠯᠢᠭ ᠢ ᠪᠣᠶ ᠪᠣᠯᠭᠠᠬᠤ ᠶᠢ ᠠᠬᠢᠭᠤᠯᠵᠤ᠂ ᠬᠤᠲᠠ ᠶᠢᠨ | ᠨᠠᠰᠤᠵᠢᠯ ᠤᠨ ᠦᠢᠯᠡᠴᠢᠯᠡᠭᠡᠨ ᠤ ︽ᠳᠠᠭᠤᠷᠢᠶᠠᠯ ᠲᠣᠭᠤᠷᠢᠭ︾᠂ ᠬᠥᠳᠡᠭᠡ ᠲᠣᠰᠬᠤᠨ ᠤ ᠨᠠᠰᠤᠵᠢᠯ ᠤᠨ | ᠦᠢᠯᠡᠴᠢᠯᠡᠭᠡᠨ ᠤ ︽ᠵᠢᠱᠢᠶ᠎ᠡ ᠦᠵᠡᠭᠦᠯᠬᠦ ᠲᠣᠭᠤᠷᠢᠭ︾ ᠢ ᠪᠦᠲᠦᠭᠡᠨ ᠪᠠᠶᠢᠭᠤᠯᠵᠤ᠂ ᠨᠠᠰᠤᠲᠠᠶᠢᠴᠤᠳ ᠤᠨ | ᠬᠦᠷᠲᠡᠮᠵᠢ ᠶᠢᠨ ᠲᠥᠷᠥᠭᠳᠡᠯ ᠪᠠ ᠵᠷᠢᠭᠠᠯᠳᠤ ᠲᠥᠷᠥᠭᠳᠡᠯ ᠢ ᠦᠷᠭᠦᠯᠵᠢᠯᠡᠨ ᠲᠡᠭᠡᠭᠰᠢᠯᠡᠬᠦᠯᠤᠯᠡ᠃ | ᠡᠭᠦᠨ ᠤ ᠬᠠᠮᠲᠤ᠂ ᠠᠵᠤ ᠠᠬᠤᠢ ᠶᠢᠨ ᠬᠦᠴᠢᠷᠳᠡᠯ ᠲᠠᠢ ᠪᠡᠶ᠎ᠡ ᠳᠤ ᠪᠠᠨ ᠵᠦᠪ ᠦᠬᠡᠢ ᠨᠠᠰᠤᠲᠠᠶᠢᠴᠤᠳ ᠢ | ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠢ ᠢᠳᠡᠪᠬᠢᠲᠡᠢ ᠥᠷᠨᠢᠭᠦᠯᠵᠦ᠂ ᠦᠳᠡᠬᠦᠰ ᠤᠨ | ᠨᠦᠬᠦᠪᠤᠷᠢ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ | ᠨᠥᠬᠦᠪᠦᠷᠢ ᠶᠢ ᠨᠠᠷᠢᠯᠢᠭ ᠣᠨᠣᠴᠠᠲᠠᠢ ᠪᠠᠷ ᠣᠯᠭᠤᠵᠤ᠂ ᠨᠥᠬᠦᠪᠦᠷᠢᠯᠡᠬᠦ ᠶᠣᠰᠣᠲᠠᠢ ᠶᠢ ᠨᠢ ᠪᠦᠬᠦᠨ ᠢ | ᠨᠦᠬᠦᠪᠤᠷᠢᠯᠡᠪᠡ᠃ ᠵᠠᠰᠠᠭ ᠤᠨ ᠣᠷᠳᠣᠨ ᠠᠴᠠ ︽ᠵᠢᠷᠭᠤᠭᠠᠨ ᠲᠥᠷᠥᠯ ᠤᠨ ᠨᠠᠰᠤᠲᠠᠨ︾ ᠳᠤ ᠭᠡᠷ ᠲᠤ ᠪᠠᠨ | ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠬᠤᠳᠠᠯᠳᠤᠨ ᠠᠪᠴᠤ ᠥᠭᠬᠦ ᠠᠵᠢᠯ ᠢ ᠯᠠᠪᠳᠠᠭᠤᠨ | ᠠᠬᠢᠭᠤᠯᠵᠤ᠂ ᠲᠡᠳᠡᠨ ᠤ ᠭᠡᠷ ᠲᠤ ᠪᠠᠨ ᠰᠠᠭᠤᠬᠤ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢᠨ ᠨᠠᠰᠤᠵᠢᠯ ᠤᠨ | ᠠᠰᠠᠷᠠᠮᠵᠢ ᠪᠠ ᠶᠡᠷᠦᠩᠬᠡᠶᠢᠯᠡᠭᠰᠡᠨ ᠴᠢᠳᠠᠪᠤᠷᠢ ᠶᠢ ᠦᠨᠡᠯᠡᠬᠦ ᠵᠡᠷᠭᠡ ᠲᠠᠯ᠎ᠠ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠤᠷᠢᠳ ᠢᠶᠠᠷ ᠪᠠᠳᠤᠯᠠᠬᠰᠠᠨ ᠪᠠᠶᠢᠨ᠎ᠠ᠃ ᠠᠮᠢᠳᠤᠷᠠᠯ ᠨᠢ ᠬᠦᠴᠢᠷᠳᠡᠯ ᠲᠠᠢ ᠭᠡᠵᠦ ᠮᠠᠭᠠᠳᠯᠠᠨ | ᠲᠣᠭᠲᠠᠭᠠᠭᠰᠠᠨ ᠨᠠᠰᠤᠲᠠᠶᠢᠴᠤᠳ ᠤᠨ ᠳᠣᠲᠣᠷᠠᠬᠢ ᠪᠡᠶ᠎ᠡ ᠳᠤ ᠪᠠᠨ ᠵᠦᠪ ᠦᠬᠡᠢ ᠬᠥᠮᠥᠰ ᠲᠤ ᠣᠷᠳᠣ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠪᠡᠶ᠎ᠡ ᠳᠤ ᠪᠠᠨ ᠵᠦᠪ ᠦᠬᠡᠢ ᠪᠠᠶᠢᠳᠠᠯ ᠢ ᠦᠨᠡᠯᠡᠬᠦ ᠠᠵᠢᠯ ᠢ | ᠠᠬᠢᠭᠤᠯᠬᠤ ᠶᠢᠨ ᠬᠠᠮᠲᠤ ᠬᠠᠷᠠᠭᠠᠯᠵᠠᠯ ᠬᠦᠷᠳᠡᠬᠡᠵᠡᠢ᠃ | ᠡᠭᠦᠨ ᠠᠴᠠ ᠭᠠᠳᠠᠨ᠎ᠠ᠂ ᠬᠥᠬᠡᠬᠤᠲᠠ ᠣᠶᠤᠨᠴᠢ ᠡᠷᠡᠭᠦᠯ ᠴᠢᠭᠢᠷᠠᠭ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾ | ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃ ︽ᠨᠢᠭᠡ ᠱᠠᠲᠤᠨ ᠳᠤ ᠪᠠᠶᠢᠷᠢᠯᠠᠭᠤᠯᠵᠤ᠂ ᠣᠯᠠᠨ ᠱᠠᠲᠤᠨ ᠳᠤ | ᠬᠡᠷᠡᠭᠯᠡᠬᠦ︾ ᠪᠥᠬᠦ ᠬᠤᠲᠠ ᠶᠢᠨ ᠣᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠵᠤ᠂ ᠠᠷᠠᠳ ᠲᠤ ᠠᠰᠢᠭ ᠬᠦᠷᠲᠡᠭᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠵᠡᠷᠭᠡ | ᠰᠠᠭᠤᠷᠢ ᠂ ᠲᠦᠭᠡᠮᠡᠯ ᠬᠠᠷᠠᠭᠠᠯᠵᠠᠯᠳᠤ᠂ ᠦᠨᠳᠤᠰᠤᠨ ᠪᠠᠳᠤᠯᠠᠭ᠎ᠠ ᠶᠢᠨ ᠴᠢᠨᠠᠷᠲᠠᠢ ᠦᠢᠯᠡᠴᠢᠯᠡᠭᠡᠨ ᠤ ᠲᠥᠷᠥ ᠶᠢᠨ | ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ︽ᠠᠰᠠᠷᠠᠨ ᠲᠡᠵᠢᠭᠡᠬᠦ ᠳᠤ ᠲᠣᠬᠢᠷᠠᠮᠵᠢᠲᠠᠢ ᠬᠦᠬᠡᠬᠤᠳᠠ︾ | ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ᠂ ︽ᠠᠰᠠᠷᠠᠨ | ᠲᠡᠵᠢᠭᠡᠬᠦ ᠳᠤ ᠲᠣᠬᠢᠷᠠᠮᠵᠢᠲᠠᠢ ᠬᠦᠬᠡᠬᠤᠳᠠ︾ ᠶᠢᠨ ᠨᠡᠶᠢᠲᠡ ᠶᠢᠨ ᠳ᠋ᠤᠭᠠᠷ ᠪᠠ ︽ᠣᠶᠤᠨᠲᠤ ᠨᠠᠰᠤᠵᠢᠯ ᠤᠨ | ᠠᠰᠠᠷᠠᠮᠵᠢ︾ ᠶᠢᠨ ᠰᠦᠯᠵᠢᠶᠡᠨ ᠥᠷᠲᠡᠭᠡ ᠶᠢ ᠳᠠᠩᠰᠠᠯᠠᠭᠤᠯᠵᠤ᠂ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠠᠵᠢᠯ ᠢ | ᠪᠡᠶᠡᠯᠡᠬᠦᠯᠦᠭᠰᠡᠨ ᠪᠠᠶᠢᠨ᠎ᠠ᠃ ︽96111︾ ᠨᠠᠰᠤᠳᠠᠶᠢᠴᠤᠳ ᠲᠤ ᠦᠢᠯᠡᠴᠢᠯᠡᠬᠦ ᠪᠠᠶᠢᠡᠭᠭᠤ ᠶᠢᠨ ᠤᠲᠠᠰᠤ ᠶᠢ | ᠨᠡᠪᠳᠡᠷᠡᠬᠦᠯᠪᠡ᠃ ᠠᠰᠠᠷ ᠠᠪᠠᠷᠢᠬᠤ ᠮᠠᠰᠢᠨ᠂ ᠪᠡᠶ᠎ᠡ ᠤᠬᠢᠶᠠᠬᠤ ᠲᠡᠷᠭᠡ᠂ ᠪᠡᠶ᠎ᠡ ᠶᠢᠨ ᠢᠯᠡᠷᠡᠯ ᠢ ᠬᠡᠮᠵᠢᠬᠦ ᠣᠷᠣ ᠶᠢᠨ | ᠳᠡᠪᠢᠰᠬᠡᠷ᠂ AI ᠣᠶᠤᠨᠲᠤ ᠰᠤᠪᠢᠯᠠᠯᠲᠠ ᠵᠡᠷᠭᠡ ᠡᠷᠡᠭᠦᠯᠵᠢᠯ ᠤᠨ ᠲᠤᠰᠠᠯᠠᠬᠤ ᠪᠠᠭᠠᠵᠢ ᠪᠠ ᠣᠶᠤᠨᠲᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠦᠢᠯᠡᠳᠬᠦᠨ ᠢ ᠥᠷᠭᠡᠨ ᠢᠶᠠᠷ ᠬᠡᠷᠡᠭᠯᠡᠪᠡ᠃ | ᠬᠥᠬᠡᠬᠤᠲᠠ ᠶᠢᠨ ᠬᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠴᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠠᠵᠢᠯ ᠢ | ᠠᠬᠢᠭᠤᠯᠵᠤ᠂ ᠬᠦᠬᠡᠬᠤᠳᠠ ᠶᠢᠨ ᠨᠠᠰᠤᠲᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠨᠡᠩ ᠰᠠᠶᠢᠲᠤᠷ ᠬᠠᠨᠭ᠍ᠭᠠᠬᠤ ᠪᠤᠯᠤᠨ᠎ᠠ᠃ | | | | | | | | | |