ᠠᠯᠠᠱᠠ ᠠᠶᠢᠮᠠᠭ ᠤᠨ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠢᠨ ᠤᠷᠴᠢᠮ ᠳᠤ ᠳᠥᠷᠪᠡᠳᠦᠭᠡᠷ | ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠠᠯᠠᠱᠠ ᠠᠶᠢᠮᠠᠭ ᠤᠨ | ᠨᠢᠭᠦᠯᠡᠰᠦᠩᠭᠦᠢ ᠶᠢᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ | ᠠᠵᠢᠯ ᠤᠨ ᠮᠡᠳᠡᠭᠦᠯᠦᠯᠲᠡ ᠪᠣᠯᠣᠨ ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ ᠪᠠ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠠᠯᠠᠱᠠ ᠠᠶᠢᠮᠠᠭ ᠤᠨ ᠨᠢᠭᠦᠯᠡᠰᠦᠩᠭᠦᠢ ᠶᠢᠨ ᠨᠡᠶᠢᠭᠡᠮᠯᠢᠭ ᠤᠨ ᠳᠦᠷᠢᠮ︾ ︽ᠠᠯᠠᠱᠠ | ᠠᠶᠢᠮᠠᠭ ᠤᠨ ᠨᠢᠭᠦᠯᠡᠰᠦᠩᠭᠦᠢ ᠶᠢᠨ ᠨᠡᠶᠢᠭᠡᠮᠯᠢᠭ ᠤᠨ ᠰᠣᠩᠭᠤᠭᠤᠯᠢ ᠶᠢᠨ ᠠᠷᠭ᠎ᠠ︾ ᠪᠣᠯᠣᠨ ︽ᠠᠯᠠᠱᠠ ᠠᠶᠢᠮᠠᠭ ᠤᠨ | ᠨᠢᠭᠦᠯᠡᠰᠦᠩᠭᠦᠢ ᠶᠢᠨ ᠨᠡᠶᠢᠭᠡᠮᠯᠢᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ | ᠪᠠᠲᠤᠯᠠᠪᠠ᠃ ᠳᠥᠷᠪᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ 27 | ᠬᠥᠮᠥᠨ᠂ ᠪᠠᠶᠢᠩᠭᠤ ᠶᠢᠨ ᠬᠡᠷᠡᠭ ᠡᠷᠬᠢᠯᠡᠭᠴᠢ 9 ᠬᠥᠮᠥᠨ᠂ ᠬᠢᠨᠠᠭᠴᠢᠳ ᠤᠨ ᠵᠥᠪᠯᠡᠯ ᠤᠨ ᠪᠦᠷᠢᠯᠳᠦᠭᠦᠨ 5 | ᠬᠥᠮᠥᠨ ᠢ ᠰᠣᠩᠭᠤᠨ ᠭᠠᠷᠭᠠᠭᠰᠠᠨ ᠪᠥᠭᠡᠳ ᠦᠨᠡᠮᠯᠡᠯ ᠣᠯᠭᠤᠬᠤ ᠶᠣᠰᠣᠯᠠᠯ ᠶᠠᠪᠤᠭᠤᠯᠪᠠ᠃ ᠲᠣᠰ ᠬᠤᠭᠤᠴᠠᠭ᠎ᠠ | ᠰᠣᠯᠢᠬᠤ ᠠᠵᠢᠯ ᠨᠢ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠠᠩᠬᠠᠷᠤᠯ ᠢ ᠲᠠᠲᠠᠵᠤ᠂ ᠡᠯ᠎ᠡ ᠲᠠᠯ᠎ᠠ ᠶᠢᠨ | ᠨᠢᠭᠦᠯᠡᠰᠦᠩᠭᠦᠢ ᠶᠢᠨ ᠬᠦᠴᠦᠨ ᠢ ᠥᠷᠭᠡᠨ ᠢᠶᠠᠷ ᠬᠤᠷᠠᠮᠳᠤᠭᠤᠯᠵᠤ᠂ 66 ᠵᠠᠰᠠᠭ ᠵᠠᠬᠢᠷᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠬᠡᠴᠢ ᠶᠢᠨ ᠬᠢᠨ ᠨᠡᠶᠢᠬᠡᠮᠯᠢᠭ ᠲᠤ ᠡᠯᠰᠡᠬᠦᠯᠦᠭᠰᠡᠨ ᠪᠠᠶᠢᠨ᠎ᠠ᠃ ᠨᠡᠶᠢᠭᠡᠮᠯᠢᠭ ᠤᠨ ᠭᠡᠰᠢᠭᠦᠳ | ᠨᠢᠬᠡᠴᠢ ᠪᠠᠨ ᠲᠥᠯᠥᠭᠡᠯᠡᠨ᠄ ︽ᠨᠡᠶᠢᠬᠡᠮ ᠤᠨ ᠡᠯ᠎ᠡ ᠡᠲᠡᠭᠡᠳ ᠤᠨ ᠬᠥᠮᠥᠰ ᠨᠢᠭᠦᠯᠡᠰᠦᠩᠭᠦᠢ ᠶᠢᠨ ᠰᠠᠶᠢᠨ ᠳᠤᠷ᠎ᠠ ᠶᠢᠨ | ᠠᠵᠢᠯᠯᠠᠭ᠎ᠠ ᠳᠤ ᠢᠳᠡᠪᠬᠢᠲᠡᠢ ᠤᠷᠤᠯᠴᠠᠨ ᠬᠠᠯᠠᠮᠵᠢ ᠪᠠᠨ ᠡᠷᠭᠦᠵᠦ᠂ ᠪᠠᠭᠤᠷᠠᠶᠢᠴᠤᠤᠯ ᠪᠠ ᠬᠦᠴᠢᠷᠳᠡᠯᠲᠡᠢ ᠣᠯᠠᠨ | ᠲᠦᠮᠡᠨ ᠳᠤ ᠲᠤᠰᠠᠯᠠᠮᠵᠢ ᠦᠵᠡᠭᠦᠯᠵᠦ᠂ ᠪᠤᠶᠠᠨ ᠦᠢᠯᠡᠳᠤᠵᠡᠬᠡᠶᠡ︾ ᠬᠡᠰᠡᠨ ᠨᠢᠭᠦᠯᠡᠰᠦᠩᠭᠦᠢ ᠶᠢᠨ ᠰᠠᠨᠠᠭᠠᠴᠢᠯᠠᠭ᠎ᠠ | ᠭᠠᠷᠭᠠᠪᠠ᠃ | ᠠᠯᠠᠱᠠ ᠠᠶᠢᠮᠠᠭ ᠤᠨ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠢᠨ ᠤᠷᠴᠢᠮ ᠤᠨ ᠵᠢᠯ ᠡᠯ᠎ᠡ ᠲᠥᠷᠥᠯ ᠤᠨ | ᠨᠢᠭᠦᠯᠡᠰᠦᠩᠭᠦᠢ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ | ᠬᠦᠴᠢᠷᠳᠡᠯᠲᠡᠢ ᠶᠢ ᠲᠡᠳᠬᠦᠨ ᠰᠤᠷᠤᠯᠭ᠎ᠠ ᠶᠢ ᠲᠡᠳᠬᠦᠬᠦ᠂ ᠨᠢᠭᠦᠯᠡᠰᠦᠩᠭᠦᠢ ᠶᠢᠨ ᠲᠤᠰᠠᠯᠠᠮᠵᠢ ᠦᠵᠡᠭᠦᠯᠬᠦ ᠲᠠᠯ᠎ᠠ ᠪᠠᠷ | ︽ᠨᠢᠭᠦᠯᠡᠰᠦᠩᠭᠦᠢ ᠶᠢᠨ ᠨᠢᠭᠡ ᠡᠳᠦᠷ ᠤᠨ ᠬᠠᠨᠳᠢᠪᠯᠡᠯ︾ ︽ᠨᠡᠷᠡᠨ ᠬᠡᠷᠡᠯ · ᠬᠦᠰᠡᠯ — ᠶᠡᠭᠡ ᠬᠠᠶᠢᠷ᠎ᠠ ᠶᠢᠨ | ᠠᠯᠠᠱᠠ ᠶᠢᠨ ᠨᠢᠭᠦᠯᠡᠰᠦᠩᠭᠦᠢ ᠶᠢᠨ ᠳᠠᠭᠤᠤ ᠬᠥᠭᠵᠢᠮ ᠤᠨ ᠦᠳᠡᠰᠢᠯᠡᠭᠡ︾᠂ ᠲᠤᠬᠠᠢ ᠶᠢᠨ ᠲᠠᠯᠠᠪᠤᠷ ᠲᠤ ᠫᠠᠶᠢᠰᠠ | ᠡᠷᠭᠦᠨ ᠬᠠᠨᠳᠢᠪᠯᠡᠬᠤ ᠵᠡᠷᠭᠡ ᠠᠵᠢᠯᠯᠠᠭ᠎ᠠ ᠪᠠᠷ ᠳᠡᠮᠵᠢᠨ ᠨᠢᠭᠦᠯᠡᠰᠦᠩᠭᠦᠢ ᠶᠢᠨ ᠮᠥᠩᠭᠦ ᠴᠤᠭᠯᠠᠭᠤᠯᠪᠠ᠃ | ᠳᠤᠮᠳᠠᠳᠤ ᠶᠢᠨ ᠨᠢᠭᠦᠯᠡᠰᠦᠩᠭᠦᠢ ᠶᠢᠨ ᠦᠢᠯᠡᠰ ᠤᠨ ᠶᠡᠷᠦᠩᠬᠡᠢ ᠡᠪᠯᠡᠯ᠂ ᠰᠢᠯᠵᠢᠮᠡᠯ ᠬᠤᠯᠪᠣᠭᠠᠨ ᠤ ᠺᠣᠮᠫᠠᠨᠢ᠂ ᠪᠦᠦ | ᠮᠠ ᠪᠦᠯᠦᠭᠯᠡᠯ ᠤᠨ ᠬᠢᠨ ᠲᠠᠢ ᠬᠠᠮᠲᠤᠷᠠᠨ ᠰᠤᠷᠤᠯᠭ᠎ᠠ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ 10 | ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ ᠰᠤᠷᠭᠠᠭᠤᠯᠢ ᠳᠤ ᠨᠣᠮ ᠬᠤᠳᠠᠯᠳᠤᠨ ᠠᠪᠴᠤ ᠥᠭᠬᠦ ᠶᠢᠨ ᠬᠠᠮᠲᠤ | 50 ᠶᠠᠳᠠᠭᠤ ᠬᠦᠴᠢᠷᠳᠡᠯᠲᠡᠢ ᠰᠣᠷᠣᠭᠴᠢ ᠶᠢ ᠲᠤᠰᠠᠯᠠᠵᠤ᠂ 40 ᠶᠠᠳᠠᠭᠤ ᠬᠦᠴᠢᠷᠳᠡᠯᠲᠡᠢ ᠰᠣᠷᠣᠭᠴᠢ ᠶᠢ | ᠬᠠᠪᠰᠤᠷᠤᠨ ᠰᠤᠷᠤᠯᠭ᠎ᠠ ᠶᠢ ᠨᠢ ᠲᠡᠭᠦᠰᠬᠡᠪᠡ᠃ 130 ᠡᠷᠦᠬᠡ ᠬᠦᠴᠢᠷᠳᠡᠯᠲᠡᠢ ᠭᠡᠷ ᠪᠦᠯᠢ ᠳᠤ 10 ᠲᠦᠮᠡᠨ | ᠲᠥᠭᠦᠷᠢᠭ ᠤᠨ ᠡᠮ ᠲᠠᠩ ᠲᠦᠭᠡᠭᠡᠨ᠂ ᠬᠦᠨᠳᠦ ᠡᠪᠡᠳᠴᠢᠳᠠᠨ ᠲᠠᠢ ᠬᠦᠴᠢᠷᠳᠡᠯᠲᠡᠢ 40 ᠭᠡᠷ ᠪᠦᠯᠢ ᠳᠤ 30 | ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠣᠯᠭᠤᠪᠠ᠃ 479 ᠲᠦᠮᠡᠨ ᠲᠥᠭᠦᠷᠢᠭ ᠤᠨ ᠪᠡᠯᠡ ᠮᠥᠩᠭᠦ | ᠴᠤᠭᠯᠠᠭᠤᠯᠵᠤ᠂ ᠬᠦᠴᠢᠷᠳᠡᠯᠲᠡᠢ ᠣᠯᠠᠨ ᠲᠦᠮᠡᠨ ᠳᠤ 2000 ᠬᠥᠮᠥᠨ ᠤᠳᠠᠭ᠎ᠠ ᠠᠰᠢᠭ ᠬᠦᠷᠲᠡᠭᠡᠪᠡ᠃ | | | | | | | | | | |