ᠨᠡᠶᠢᠭᠡᠮ ᠤᠨ ᠠᠵᠢᠯ ᠤᠨ ᠥᠷᠲᠡᠭᠡᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠦᠷᠦᠯ ᠵᠦᠢᠯ ᠢ | ᠭᠦᠨᠵᠡᠭᠡᠢ ᠬᠡᠷᠡᠭᠵᠢᠬᠦᠯᠬᠦ ᠶᠢᠨ ᠲᠦᠯᠤᠬᠡ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠬᠦᠨᠳᠡᠯᠡᠨ ᠬᠤᠶᠢᠳᠤ | ᠬᠡᠰᠡᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠦᠷᠳᠡᠭᠡ ᠶᠢᠨ ᠬᠢᠨ ︽ | ᠬᠠᠢ ᠸᠧᠢ︾ ᠨᠡᠶᠢᠭᠡᠮ ᠲᠣᠭᠤᠷᠢᠭ ᠲᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠤᠭᠰᠠᠨ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢ ᠰᠦᠪᠡᠭᠴᠢᠯᠡᠵᠦ᠂ ᠨᠡᠶᠢᠭᠡᠮ ᠲᠣᠭᠤᠷᠢᠭ ᠤᠨ | ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠵᠤ᠂ ᠠᠷᠠᠳ ᠲᠤ ᠦᠢᠯᠡᠴᠢᠯᠡᠬᠦ ᠴᠢᠨᠠᠷ ᠴᠢᠨᠰᠠᠭ᠎ᠠ | ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ | ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠪᠠ᠃ | ︽ᠨᠡᠶᠢᠭᠡᠮ ᠲᠣᠭᠤᠷᠢᠭ ᠤᠨ ᠠᠵᠤ ᠠᠬᠤᠶᠢᠯᠠᠯ︾ ᠨᠢ ᠬᠤᠳᠠᠯᠳᠤᠭ᠎ᠠ ᠪᠣᠯᠣᠨ ᠨᠢᠭᠦᠯᠡᠰᠦᠩᠭᠦᠢ ᠶᠢᠨ ᠦᠢᠯᠡᠰ ᠤᠨ | ᠨᠡᠶᠢᠯᠡᠯ ᠢ ᠠᠬᠢᠭᠤᠯᠪᠠ | ᠬᠦᠨᠳᠡᠯᠡᠨ ᠬᠤᠶᠢᠲᠤ ᠬᠡᠰᠡᠭ ᠤᠨ ᠬᠠᠷᠢᠶ᠎ᠠ ᠣᠷᠣᠨ ᠢᠶᠠᠷ ᠠᠯᠬᠤᠯᠠᠬᠤ ᠨᠢ ᠬᠠᠯᠠᠭᠤᠨ ᠳᠤᠯᠠᠭᠠᠨ ᠠᠭᠤᠷ | ᠠᠮᠢᠰᠬᠤᠯ ᠳᠤ ᠠᠷᠭ᠎ᠠ ᠦᠬᠡᠢ ᠠᠪᠳᠠᠨᠠ᠃ ᠠᠳᠡ ᠶᠠᠭᠠᠷᠠᠯᠲᠠᠢ ᠠᠵᠢᠯᠯᠠᠵᠤ ᠪᠠᠶᠢᠭ᠎ᠠ ᠬᠥᠮᠥᠰ ᠪᠤᠢ᠂ ᠬᠥᠳᠡᠯᠵᠦ | ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠴᠤ ᠪᠤᠢ᠂ ᠭᠡᠪᠡᠴᠦ ᠲᠡᠳᠡᠨ ᠳᠤ ᠴᠥᠮ ᠬᠠᠮᠲᠤ ᠶᠢᠨ ︽ᠳᠣᠲᠣᠨᠣ | ᠬᠠᠮᠢᠶᠠᠷᠤᠭᠴᠢ︾ — ᠥᠪᠥᠷ ᠮᠣᠩᠭᠤᠯ ᠤᠨ ᠦᠢᠯᠡᠴᠢᠯᠡᠭᠡᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠲᠠᠢ ᠶᠤᠮ᠃ | ᠥᠪᠥᠷ ᠮᠣᠩᠭᠤᠯ ᠤᠨ ᠦᠢᠯᠡᠴᠢᠯᠡᠭᠡᠨ ᠤ ᠠᠵᠢᠯᠲᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠵᠠᠭᠠᠷᠲᠤ | ᠺᠣᠮᠫᠠᠨᠢ ᠪᠣᠯ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠦᠨᠳᠡᠯᠡᠨ ᠬᠤᠶᠢᠳᠤ ᠬᠡᠰᠡᠭ` ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠬᠠᠢ ᠸᠧᠢ︾ ᠨᠡᠶᠢᠭᠡᠮ ᠲᠣᠭᠤᠷᠢᠭ ᠲᠤ ᠪᠠᠶᠢᠷᠢᠯᠠᠳᠠᠭ ᠥᠪᠡᠷᠮᠢᠴᠡ | ᠣᠨᠴᠠᠯᠢᠭ ᠲᠠᠢ ᠠᠵᠤ ᠠᠬᠤᠶᠢᠯᠠᠯ ᠪᠣᠯᠣᠨ᠎ᠠ᠂ ᠲᠡᠭᠦᠨ ᠤ ᠪᠣᠷᠣᠯᠠᠭᠤᠯᠬᠤ ᠲᠠᠸᠠᠷ ᠤᠨ ᠦᠨ᠎ᠡ ᠨᠢ ᠵᠠᠬ᠎ᠠ | ᠳᠡᠯᠭᠡᠭᠦᠷ ᠤᠨ ᠳᠤᠮᠳᠠᠴᠢ ᠲᠦᠪᠰᠢᠨ ᠠᠴᠠ 10% — 15% ᠪᠠᠷ ᠪᠠᠭ᠎ᠠ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠦᠨᠡᠨ ᠬᠦ ᠪᠠᠭᠤᠷᠠᠭᠤᠯᠤᠭᠰᠠᠨ ᠪᠠᠶᠢᠨ᠎ᠠ᠂ ᠡᠭᠦᠨ ᠢᠶᠠᠷ ᠪᠠᠷᠠᠬᠤ | ᠦᠭᠡᠢ᠂ ᠲᠣᠰ ᠠᠵᠤ ᠠᠬᠤᠶᠢᠯᠠᠯ ᠪᠠᠰᠠ ᠠᠰᠢᠭ ᠣᠯᠵᠠᠪᠤᠷᠢ ᠶᠢᠨ ᠢᠶᠠᠨ 20% ᠶᠢ ᠨᠡᠶᠢᠭᠡᠮ ᠲᠣᠭᠤᠷᠢᠭ ᠤᠨ | ᠰᠠᠭᠤᠷᠢ ᠮᠥᠩᠭᠦ ᠪᠣᠯᠭᠠᠨ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠳᠤ ᠬᠡᠷᠡᠭᠯᠡᠵᠦ ᠪᠠᠶᠢᠨ᠎ᠠ᠃ | ᠬᠦᠨᠳᠡᠯᠡᠨ ᠬᠤᠶᠢᠳᠤ ᠬᠡᠰᠡᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ | ᠥᠷᠲᠡᠭᠡᠨ ᠤ ᠨᠠᠷᠢᠨ ᠨᠢᠮᠪᠠᠢ ᠤᠬᠠᠭᠠᠯᠠᠨ ᠰᠡᠳᠦᠭᠰᠡᠨ ᠪᠠ ᠠᠬᠢᠭᠤᠯᠤᠭᠰᠠᠨ ᠢᠶᠠᠷ ᠨᠡᠶᠢᠭᠡᠮ ᠲᠣᠭᠤᠷᠢᠭ ᠤᠨ ᠠᠵᠤ | ᠠᠬᠤᠶᠢᠯᠠᠯ ᠤᠳ ᠢᠷᠡᠵᠤ ᠬᠤᠳᠠᠯᠳᠤᠭᠠᠨ ᠤ ᠡᠵᠡᠩᠨᠡᠯᠲᠡ ᠪᠠ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ | ᠦᠢᠯᠡᠰ ᠢ ᠤᠷᠠᠨ ᠢᠶᠠᠷ ᠠᠭᠤᠰᠤᠯᠴᠠᠭᠤᠯᠤᠭᠰᠠᠨ ᠢᠶᠠᠷ ᠨᠡᠶᠢᠭᠡᠮ ᠲᠣᠭᠤᠷᠢᠭ ᠲᠤ ᠥᠷᠨᠢᠭᠦᠨ ᠪᠠᠳᠠᠷᠠᠩᠭᠤᠢ | ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠪᠤᠯᠤᠬᠰᠠᠨ ᠢᠶᠠᠷ ᠪᠠᠷᠠᠬᠤ ᠦᠭᠡᠢ᠂ ᠨᠠᠩ ᠴᠤ ᠦᠨᠳᠦᠰᠦᠨ | ᠱᠠᠲᠤᠨ ᠤ ᠵᠠᠰᠠᠯᠲᠠ ᠳᠤ ᠴᠣ᠋ ᠰᠢᠨ᠎ᠡ ᠣᠶᠢᠯᠠᠭᠠᠭᠳᠠᠬᠤᠨ ᠪᠠ ᠵᠠᠭᠪᠤᠷ ᠢ ᠬᠠᠩᠭᠠᠵᠤ᠂ ᠨᠡᠶᠢᠭᠡᠮ ᠲᠣᠭᠤᠷᠢᠭ ᠤᠨ | ᠬᠥᠭᠵᠢᠯᠲᠡ ᠶᠢᠨ ᠶᠠᠪᠤᠴᠠ ᠳᠤ ᠬᠢ ᠳᠤᠲᠠᠭᠳᠠᠵᠤ ᠪᠣᠯᠣᠰᠢ ᠦᠭᠡᠢ ᠲᠦᠯᠬᠢᠴᠡ ᠬᠦᠴᠦᠨ ᠪᠣᠯᠤᠭᠰᠠᠨ ᠪᠠᠶᠢᠨ᠎ᠠ᠃ | ︽ᠣᠯᠠᠨ ᠲᠠᠯ᠎ᠠ ᠪᠠᠷ ᠬᠠᠮᠵᠢᠯᠴᠠᠨ︾ ᠣᠯᠠᠨ ᠶᠠᠩᠵᠤ ᠶᠢᠨ ᠦᠢᠯᠡᠴᠢᠯᠡᠭᠡ ᠶᠢ ᠦᠷᠨᠢᠬᠦᠯᠪᠡ | ︽ᠬᠠᠢ ᠸᠧᠢ ᠶᠢᠨ ᠴᠤᠭᠯᠠᠭ᠎ᠠ ᠮᠠᠶᠢᠮᠠᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠰᠠᠭᠤᠭᠠᠯᠢ ᠠᠷᠠᠳ ᠲᠤ | ᠨᠢᠳᠦ ᠳᠦᠭᠦᠷᠡᠩ ᠲᠠᠸᠠᠷ ᠪᠠ ᠰᠢᠯᠢᠳᠡᠭ ᠦᠢᠯᠡᠴᠢᠯᠡᠭᠡ ᠶᠢ ᠬᠠᠨᠲᠠᠯ᠎ᠠ ᠡᠳ᠋ᠯᠡᠭᠦᠯᠬᠦ ᠶᠢᠨ ᠬᠠᠮᠲᠤ ᠰᠠᠭᠤᠭᠠᠯᠢ ᠠᠷᠠᠳ | ᠭᠡᠷ ᠤᠨ ᠢᠶᠠᠨ ᠬᠠᠭᠤᠴᠢᠨ ᠬᠤᠪᠴᠠᠰᠤ ᠬᠤᠨᠠᠷ ᠵᠡᠷᠭᠡ ᠶᠢ ᠠᠰᠢᠭᠯᠠᠭᠠᠳ ᠬᠠᠶᠠᠭᠳᠠᠮᠠᠯ ᠢ ᠡᠷᠳᠡᠨᠢ ᠪᠣᠯᠭᠠᠨ | ᠬᠤᠪᠢᠷᠠᠭᠤᠯᠵᠤ᠂ ᠴᠤᠭᠯᠠᠭ᠎ᠠ ᠮᠠᠶᠢᠮᠠᠢ ᠶᠢᠨ ᠬᠢᠨ ᠪᠠᠰᠠ ︽ᠨᠠᠰᠤᠳᠠᠳ ᠬᠡᠤᠬᠡᠳ ᠪᠠ ᠵᠡᠮᠳᠡᠭᠴᠤᠳ︾ ᠵᠡᠷᠭᠡ ᠡᠯ᠎ᠡ | ᠲᠥᠷᠥᠯ ᠤᠨ ᠣᠨᠴᠠᠭᠠᠶ ᠬᠦᠮᠦᠰ ᠢ ᠣᠨᠴᠠᠭᠠᠶᠢᠯᠠᠨ ᠠᠩᠬᠠᠷᠴᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠳᠤ | ᠴᠢᠭᠯᠡᠭᠦᠯᠦᠨ ᠥᠪᠡᠷᠮᠢᠴᠡ ᠦᠢᠯᠡᠴᠢᠯᠡᠭᠡ ᠶᠢ ᠥᠷᠨᠢᠭᠦᠯᠦᠭᠰᠡᠨ ᠪᠠᠶᠢᠨ᠎ᠠ ᠃ ᠡᠨᠡ ᠬᠦ ᠴᠤᠭᠯᠠᠭ᠎ᠠ ᠮᠠᠶᠢᠮᠠᠢ ᠶᠢᠨ ᠬᠢᠨ | ᠪᠠᠰᠠ ︽ᠨᠠᠰᠤᠳᠠᠳ ᠬᠡᠤᠬᠡᠳ ᠪᠠ ᠵᠡᠮᠳᠡᠭᠴᠤᠳ︾ ᠵᠡᠷᠭᠡ ᠡᠯ᠎ᠡ ᠲᠥᠷᠥᠯ ᠤᠨ ᠣᠨᠴᠠᠭᠠᠶ ᠬᠦᠮᠦᠰ ᠢ | ᠣᠨᠴᠠᠭᠠᠶᠢᠯᠠᠨ ᠠᠩᠬᠠᠷᠴᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠥᠪᠡᠷᠮᠢᠴᠡ ᠦᠢᠯᠡᠴᠢᠯᠡᠭᠡ ᠶᠢ | ᠥᠷᠨᠢᠭᠦᠯᠵᠦ ᠪᠠᠶᠢᠨ᠎ᠠ᠃ ᠳᠤᠮᠳᠠᠳᠤ ᠤᠯᠤᠰ ᠤᠨ ᠨᠡᠶᠢᠭᠡᠮ ᠤᠨ ᠠᠵᠢᠯ᠂ ᠤᠮᠠᠷᠠᠲᠤ ᠬᠢᠯᠢ ᠶᠢᠨ ᠬᠤᠰᠢᠭᠤᠴᠢ᠂ ᠪᠧᠨ | ᠲᠸᠡᠭ ᠬᠠᠮ ᠵᠠᠭᠤᠴᠢᠯᠠᠭᠤᠷ ᠵᠡᠷᠭᠡ ᠣᠯᠠᠨ ᠵᠠᠭᠤᠴᠢᠯᠠᠭᠤᠷ ᠤᠨ ᠬᠢᠨ ᠬᠦᠨᠳᠡᠯᠡᠨ ᠬᠤᠶᠢᠳᠤ ᠬᠡᠰᠡᠭ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡ ᠶᠢᠨ ᠠᠵᠤ ᠠᠬᠤᠶᠢᠯᠠᠯ ᠤᠨ | ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠠᠵᠢᠯ ᠢ ᠠᠬᠢᠭᠤᠯᠵᠤ ᠪᠠᠶᠢᠭ᠎ᠠ ︽ᠬᠠᠢ ᠸᠧᠢ ᠶᠢᠨ | ᠰᠦᠪᠡᠭᠴᠢᠯᠡᠯᠲᠡ︾ ᠶᠢ ᠬᠤᠶᠢᠨ᠎ᠠ ᠬᠤᠶᠢᠨ᠎ᠠ ᠠᠴᠠ ᠪᠠᠨ ᠮᠡᠳᠡᠭᠡᠯᠡᠵᠦ᠂ ᠪᠥᠬᠦ ᠤᠯᠤᠰ ᠤᠨ ᠨᠡᠶᠢᠭᠡᠮ ᠲᠣᠭᠤᠷᠢᠭ ᠤᠨ | ᠰᠦᠯᠵᠢᠶ᠎ᠡ ︽︿ᠮᠤᠩᠭᠤᠯ ᠮᠤᠷᠢᠨ ᠤ ᠵᠤᠷᠢᠭ ᠰᠠᠨᠠᠭ᠎ᠠ﹀ ᠶᠢ ᠨᠠᠮ ᠤᠨ ᠪᠠᠶᠢᠭᠤᠯᠤᠯᠲᠠ ᠪᠠᠷ ᠬᠦᠳᠤᠯᠵᠤ᠂ ᠨᠡᠶᠢᠬᠡᠮ | ᠲᠤᠭᠤᠷᠢᠭ ᠤᠨ ᠤᠳᠤᠬᠢᠴᠢᠯᠠᠯᠳᠠ ᠲᠡᠶᠢᠰᠢ ᠲᠡᠬᠦᠯᠢᠨ ᠲᠠᠪᠬᠢᠭᠤᠯᠤᠶᠠ︾ ᠭᠡᠬᠦ ᠭᠤᠣᠯ ᠰᠡᠳᠦᠪ ᠢᠶᠠᠷ ᠨᠡᠶᠢᠭᠡᠮ | ᠲᠣᠭᠤᠷᠢᠭ ᠤᠨ ᠠᠵᠤ ᠠᠬᠤᠶᠢᠯᠠᠯ ᠤᠨ ᠥᠷᠨᠢᠭᠦᠯᠦᠭᠰᠡᠨ ᠡᠯᠪᠡᠭ ᠪᠠᠶᠠᠯᠢᠭ ᠣᠯᠠᠨ ᠶᠠᠩᠵᠤ ᠶᠢᠨ ᠦᠢᠯᠡᠴᠢᠯᠡᠭᠡᠨ ᠤ | ᠵᠦᠢᠯᠡᠰ ᠢ ᠤᠬᠠᠭᠤᠯᠤᠨ ᠮᠡᠳᠡᠭᠡᠯᠡᠵᠡᠢ᠃ | | ᠠᠷᠠᠳ ᠲᠤ ᠲᠥᠬᠦᠮ ᠦᠵᠡᠭᠦᠯᠬᠦ ᠫᠷᠣᠭ᠍ᠷᠠᠮ ᠨᠢ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ | ᠠᠮᠢᠳᠤᠷᠠᠯ ᠢ ᠡᠬᠢᠯᠡᠭᠦᠯᠪᠡ | ᠬᠦᠨᠳᠡᠯᠡᠨ ᠬᠤᠶᠢᠳᠤ ᠬᠡᠰᠡᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ | ᠠᠵᠢᠯ ᠤᠨ ᠥᠷᠲᠡᠭᠡ ᠶᠢᠨ ᠭᠤᠣᠯᠯᠠᠨ ᠨᠡᠭᠡᠭᠡᠨ ᠬᠥᠭᠵᠢᠭᠦᠯᠦᠭᠰᠡᠨ ︽ᠬᠠᠢ ᠸᠧᠢ ᠠᠷᠠᠳ ᠲᠤ ᠲᠤᠰᠠᠲᠠᠢ︾ ᠫᠷᠣᠭ᠍ᠷᠠᠮ | ᠪᠠ ︽ᠢ ᠮᠢᠨ︾ ᠸᠢᠴᠠᠲ ᠨᠢ ᠰᠠᠭᠤᠭᠠᠯᠢ ᠠᠷᠠᠳ ᠲᠤ ᠬᠡᠵᠢᠶ᠎ᠡ ᠬᠠᠮᠢᠭ᠎ᠠ ᠴᠤ ᠭᠡᠰᠡᠨ ᠳᠥᠭᠦᠮ ᠳᠥᠲᠡ | ᠵᠠᠬᠢᠶᠠᠯᠠᠭ᠎ᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠡᠳᠦᠷ ᠳᠤᠳᠤᠮ ᠤᠨ ᠬᠡᠷᠡᠭᠯᠡᠭᠡᠨ ᠤ ᠵᠦᠢᠯ ᠠᠴᠠ ᠭᠡᠷ ᠤᠨ | ᠶᠠᠪᠤᠳᠠᠯ ᠤᠨ ᠦᠢᠯᠡᠴᠢᠯᠡᠭᠡ ᠬᠦᠷᠲᠡᠯ᠎ᠡ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠠᠴᠠ ᠡᠮᠴᠢᠯᠡᠭᠡ | ᠰᠤᠪᠢᠯᠠᠯᠲᠠ ᠶᠢ ᠤᠶᠠᠯᠳᠤᠭᠤᠯᠬᠤ ᠬᠦᠷᠲᠡᠯ᠎ᠡ᠂ ᠡᠷᠡᠭᠦᠯ ᠮᠡᠨᠳᠦ ᠶᠢᠨ ᠬᠠᠯᠠᠮᠵᠢᠯᠠᠯ ᠠᠴᠠ ᠰᠣᠶᠣᠯ ᠴᠡᠩᠭᠡᠬᠦᠨ | ᠬᠦᠷᠲᠡᠯ᠎ᠡ ᠰᠠᠭᠤᠭᠠᠯᠢ ᠠᠷᠠᠳ ᠤᠨ ᠡᠯ᠎ᠡ ᠲᠦᠷᠦᠯ ᠤᠨ ᠬᠡᠷᠡᠭᠴᠡᠭᠡ ᠪᠣᠯᠣᠨ ᠦᠢᠯᠡᠴᠢᠯᠡᠭᠡᠨ ᠤ ᠬᠠᠩᠭᠠᠯᠭ᠎ᠠ ᠶᠢ ᠤᠨᠢᠨ | ᠳᠡᠭᠡᠷ᠎ᠡ ᠨᠢ ᠲᠦᠷᠭᠡᠨ ᠵᠣᠯᠭᠠᠭᠤᠯᠬᠤ ᠶᠢ ᠪᠡᠶᠡᠯᠡᠭᠦᠯᠪᠡ᠃ ᠰᠦᠯᠵᠢᠶᠡᠵᠢᠭᠰᠡᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠨᠢ ᠬᠡᠯᠪᠡᠷᠢ ᠦᠭᠡᠢ ᠬᠤᠯᠪᠣᠭᠠᠰᠤ ᠰᠢᠭ᠋ ᠢᠶᠠᠷ ᠮᠡᠳᠡᠭᠡ ᠵᠠᠩᠭᠢ ᠶᠢᠨ ᠬᠠᠷᠰᠢ ᠰᠠᠭᠠᠳ ᠢ ᠡᠪᠳᠡᠨ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠤᠯᠭᠠᠨ ᠢ ᠨᠢᠭᠲᠠ ᠬᠤᠯᠪᠣᠵᠤ᠂ ᠡᠬᠢ ᠪᠠᠶᠠᠯᠢᠭ ᠤᠨ ᠭᠦᠢᠯᠭᠡᠭᠡ ᠶᠢ | ᠨᠠᠩ ᠰᠠᠭᠠᠳ ᠦᠭᠡᠢ ᠪᠣᠯᠭᠠᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠲᠥᠬᠦᠮ | ᠦᠵᠡᠭᠦᠯᠦᠭᠰᠡᠨ ᠪᠠᠶᠢᠨ᠎ᠠ᠃ | ᠨᠡᠶᠢᠭᠡᠮ ᠲᠣᠭᠤᠷᠢᠭ ᠤᠨ ᠦᠢᠯᠡᠴᠢᠯᠡᠭᠡ ᠰᠠᠶᠢᠨ ᠰᠠᠶᠢᠬᠠᠨ ᠭᠡᠷ ᠣᠷᠣᠨ ᠢ ᠪᠠᠶᠢᠭᠤᠯᠬᠤ ᠶᠢ ᠠᠬᠢᠭᠤᠯᠪᠠ | ᠬᠦᠨᠳᠡᠯᠡᠨ ᠬᠤᠶᠢᠳᠤ ᠬᠡᠰᠡᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ | ᠤᠨ ᠦᠷᠳᠡᠭᠡ ᠶᠢᠨ ᠬᠢᠨ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ | ᠲᠣᠬᠤᠨᠢᠭᠤᠯᠵᠤ ᠬᠠᠯᠠᠮᠵᠢᠯᠠᠬᠤ ᠬᠠᠷᠢᠭᠤᠴᠠᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ︽ᠪ᠊ ᠦ᠋ᠬᠦ | ᠤᠯᠤᠰ ᠤᠨ ᠨᠡᠶᠢᠭᠡᠮ ᠲᠣᠭᠤᠷᠢᠭ ᠤᠨ ᠴᠠᠭᠠᠨ ᠰᠠᠷ᠎ᠠ ᠶᠢᠨ ᠦᠳᠡᠰᠢᠯᠡᠭᠡ︾ ᠶᠢᠨ ᠬᠠᠢ ᠸᠧᠢ ᠨᠡᠶᠢᠭᠡᠮ ᠲᠣᠭᠤᠷᠢᠭ ᠤᠨ | ᠲᠤᠰᠬᠠᠢ ᠲᠠᠯᠠᠪᠠᠢ ᠶᠢ ᠡᠷᠬᠢᠯᠡᠵᠦ᠂ ᠰᠠᠭᠤᠭᠠᠯᠢ ᠠᠷᠠᠳ ᠤᠨ ︽ᠴᠠᠭᠠᠨ ᠰᠠᠷ᠎ᠠ ᠶᠢᠨ ᠦᠳᠡᠰᠢᠯᠡᠭᠡ ᠳᠤ ᠣᠷᠣᠯᠴᠠᠬᠤ︾ | ᠬᠦᠰᠡᠯ ᠢ ᠲᠡᠷᠭᠡᠯᠰᠢᠭᠦᠯᠬᠦ ᠳᠤ ᠬᠦᠴᠦᠨ ᠨᠡᠮᠡᠷᠢᠯᠡᠪᠡ᠃ ︽ᡁᠢ ᠶᠤᠸᠠᠨ ᠯᠦ ᠴᠸᠡᠭ︾ ᠰᠠᠶᠢᠨ ᠲᠤᠷᠠᠴᠤᠤᠯ ᠤᠨ | ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠲᠤ ︽ᠵᠣᠯ | ᠵᠢᠷᠭᠠᠯ ᠤᠨ ᠠᠮᠲᠠ︾ ᠡᠬᠦᠳᠡᠨ ᠲᠡᠬᠡᠷ᠎ᠡ ᠨᠢ ᠮᠡᠳᠡᠷᠡᠬᠦᠯᠦᠭᠰᠡᠨ ᠪᠠᠶᠢᠨ᠎ᠠ᠃ ︽ᠵᠤᠨ ᠤ ᠠᠮᠠᠷᠠᠯᠲᠠ ᠶᠢᠨ ᠦᠳᠡᠰᠢᠯᠡᠭᠡ | ︾ ︽ᠲᠡᠷᠭᠡᠯ ᠰᠠᠷᠠᠨ ᠤ ᠪᠠᠶᠠᠷ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠲᠤ ᠨᠡᠶᠢᠭᠡᠮ | ᠲᠣᠭᠤᠷᠢᠭ ᠤᠨ ᠬᠦᠴᠦᠷᠬᠡᠭ ᠶᠡᠭᠡ ᠨᠢᠭᠲᠠᠷᠠᠯ ᠤᠨ ᠬᠦᠴᠦᠨ ᠢ ᠭᠦᠨᠵᠡᠭᠡᠢ ᠮᠡᠳᠡᠷᠡᠭᠦᠯᠪᠡ᠃ ᠢᠯᠠᠩᠭᠤᠶ᠎ᠠ ᠨᠡᠶᠢᠭᠡᠮ | ᠲᠣᠭᠤᠷᠢᠭ ᠤᠨ ᠨᠠᠰᠤᠲᠠᠶᠢᠴᠤᠳ᠂ ᠵᠡᠮᠳᠡᠭᠴᠦᠳ᠂ ᠭᠤᠣᠨᠢ ᠪᠡᠯᠪᠡᠰᠦᠨ ᠨᠠᠰᠤᠲᠠᠶᠢᠴᠤᠳ ᠲᠤ ᠵᠣᠷᠢᠭᠤᠯᠤᠨ | ᠲᠣᠭᠲᠠᠭᠠᠭᠰᠠᠨ ︽ᠬᠠᠢ ᠸᠧᠢ ᠶᠢᠨ ᠲᠤᠰᠬᠠᠢ ᠵᠦᠢᠯᠡᠰ︾ ᠤᠨ ᠦᠢᠯᠡᠴᠢᠯᠡᠭᠡ ᠨᠢ ᠣᠨᠴᠠᠭᠠᠶ ᠬᠦᠮᠦᠰ ᠲᠤ | ᠲᠤᠶᠢᠯ ᠤᠨ ᠬᠠᠯᠠᠭᠤᠨ ᠳᠤᠯᠠᠭᠠᠨ ᠰᠠᠨᠠᠭᠳᠠᠭᠤᠯᠵᠠᠢ᠃ ᠨᠡᠶᠢᠭᠡᠮ ᠲᠣᠭᠤᠷᠢᠭ ᠤᠨ ᠭᠦᠸᠧ ᠨᠠᠰᠤᠲᠠᠨ ᠨᠡᠶᠢᠭᠡᠮ | ᠲᠣᠭᠤᠷᠢᠭ ᠤᠨ ᠪᠠᠭ᠎ᠠ ᠰᠠᠭ᠎ᠠ ᠬᠤᠪᠢᠷᠠᠯᠲᠠ ᠶᠢ ᠬᠠᠷᠠᠭᠠᠳ᠄ ︽ᠥᠩᠭᠡᠷᠡᠭᠰᠡᠨ ᠳᠤ ᠠᠮᠢᠳᠤᠷᠠᠯ ᠳᠤ ᠮᠠᠰᠢ ᠣᠯᠠᠨ | ᠳᠥᠭᠦᠮ ᠦᠭᠡᠢ ᠪᠠᠶᠢᠳᠠᠯ ᠣᠷᠣᠰᠢᠵᠤ ᠪᠠᠶᠢᠭᠰᠠᠨ ᠰᠢᠭ᠋ ᠰᠠᠨᠠᠭᠳᠠᠵᠤ ᠪᠠᠶᠢᠪᠠ᠂ ᠣᠳᠣ ᠬᠦᠨᠳᠡᠯᠡᠨ ᠬᠤᠶᠢᠳᠤ ᠬᠡᠰᠡᠭ | ᠤᠨ ᠵᠡᠭᠡᠯᠢ ᠶᠢᠨ ᠨᠡᠶᠢᠭᠡᠮ ᠤᠨ ᠠᠵᠢᠯ ᠤᠨ ᠥᠷᠲᠡᠭᠡᠨ ᠤ ᠬᠢᠨ ᠤ ᠴᠢᠷᠮᠠᠶᠢᠯᠭ᠎ᠠ ᠪᠠᠷ ᠪᠤᠬᠢᠨᠢᠳᠤᠯ ᠠᠶᠠᠨᠳᠠᠭᠠᠨ | ᠰᠢᠢᠳᠪᠤᠷᠢᠯᠡᠭᠳᠡᠬᠡᠳ ᠲᠤᠳᠤᠷ᠎ᠠ ᠤᠡᠭᠭᠤᠶᠢᠵᠤ ᠪᠠᠶᠢᠨ᠎ᠠ︾ ᠭᠡᠵᠦ ᠰᠡᠳᠬᠢᠯ ᠲᠤᠬᠳᠤᠯᠤᠨ ᠶᠠᠷᠢᠵᠤ ᠪᠠᠶᠢᠯ᠎ᠠ᠃ | | | | | | | | | | | | | |