ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ | ᠦᠨᠳᠦᠰᠦᠯᠡᠪᠡᠯ ᠦᠨᠤ ᠵᠢᠯ ᠤᠨ 1 — 7 ᠳ᠋ᠤᠭᠠᠷ ᠰᠠᠷ᠎ᠠ ᠳᠤ ᠥᠪᠥᠷ ᠮᠣᠩᠭᠤᠯ ᠤᠨ ᠪᠠᠷᠠᠭᠠᠨ ᠤ ᠲᠡᠭᠡᠭᠡᠪᠦᠷᠢ | ᠲᠣᠭᠲᠠᠭᠤᠨ ᠢᠶᠠᠷ ᠨᠡᠮᠡᠭᠳᠡᠵᠦ᠂ ᠪᠥᠬᠦ ᠣᠷᠣᠨ ᠤ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ ᠪᠠ ᠪᠠᠷᠠᠭᠠᠨ ᠤ | ᠡᠷᠭᠢᠯᠲᠡ ᠶᠢᠨ ᠬᠡᠮᠵᠢᠶ᠎ᠡ ᠲᠣᠰ ᠲᠣᠰ 14.3 ᠳ᠋ᠦᠩᠰᠢᠭᠤᠷ ᠲᠣᠨ᠂ 3207.2 ᠳ᠋ᠦᠩᠰᠢᠭᠤᠷ ᠲᠣᠨ ᠺᠢᠯᠦᠭᠷᠠᠮ | ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠪᠠ 2.4% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠡᠭᠦᠨ ᠳᠤ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 9.0 ᠳ᠋ᠦᠩᠰᠢᠭᠤᠷ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠪᠡ᠃ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ 5.3 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2.4 ᠲᠦᠮᠡᠨ ᠲᠣᠨ ᠳᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 47.3% ᠨᠡᠮᠡᠭᠳᠡᠪᠡ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ | ᠤᠨ ᠬᠢᠨ ᠦᠨᠤ ᠵᠢᠯ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠣᠯᠠᠨ ᠠᠷᠭ᠎ᠠ ᠪᠠᠷ | ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠦᠭᠰᠡᠨ ᠢᠶᠠᠷ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠵᠤ᠂ 1 — 7 ᠳ᠋ᠤᠭᠠᠷ ᠰᠠᠷ᠎ᠠ ᠳᠤ ᠪᠥᠬᠦ ᠣᠷᠣᠨ ᠤ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ 1.42 ᠳ᠋ᠦᠩᠰᠢᠭᠤᠷ ᠲᠣᠨ ᠪᠡᠶᠡᠯᠡᠭᠦᠯᠵᠦ᠂ ᠠᠷᠠᠯᠵᠢᠶᠠᠯᠠᠭᠰᠠᠨ ᠲᠤᠭ᠎ᠠ | 90.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 561%᠂ | 370.1% ᠪᠠᠷ ᠨᠡᠮᠡᠭᠳᠡᠪᠡ᠃ 1 — 7 ᠰᠠᠷ᠎ᠠ ᠳ᠋ᠤᠭᠠᠷ ᠳᠤ ᠭᠠᠭᠴᠠᠮᠣᠳᠤ᠂ ᠴᠡᠭᠡ ᠪᠣᠭᠤᠮᠲᠠ ᠶᠢᠨ ᠬᠢᠯᠢ | ᠠᠯᠤᠰᠯᠠᠭᠰᠠᠨ ᠵᠢᠯᠣᠭᠤᠴᠢ ᠦᠭᠡᠢ ᠲᠡᠭᠡᠭᠡᠪᠦᠷᠢ ᠶᠢᠨ ᠲᠡᠷᠭᠡ ︵AGV︶ ᠨᠡᠶᠢᠲᠡ 4.09 ᠲᠦᠮᠡᠨ ᠤᠳᠠᠭ᠎ᠠ | ᠪᠣᠭᠤᠮᠲᠠ ᠪᠠᠷ ᠥᠩᠭᠡᠷᠡᠵᠦ᠂ ᠨᠡᠶᠢᠲᠡ 270.91 ᠲᠦᠮᠡᠨ ᠲᠣᠨ ᠨᠡᠭᠦᠷᠡᠰᠦ ᠵᠥᠭᠡᠭᠡᠪᠦᠷᠢᠯᠡᠭᠰᠡᠨ ᠪᠠᠶᠢᠨ᠎ᠠ᠃ ᠦᠨᠤ | ᠵᠢᠯ ᠪᠦᠬᠦ ᠤᠯᠤᠰ ᠤᠨ ᠠᠩᠬᠠᠳᠠᠭᠴᠢ ᠬᠤᠣᠰ ᠳ᠋ᠤᠭᠠᠷᠲᠤ ᠮᠠᠰᠢᠨ ᠲᠡᠷᠭᠡᠨ ᠤ ᠭᠠᠯᠲᠤ ᠲᠡᠷᠭᠡ ᠶᠢ ᠤᠷᠢᠳ ᠢᠶᠠᠷ | ᠬᠡᠷᠡᠭᠵᠢᠭᠦᠯᠵᠦ ᠤᠷᠢᠳ ᠢᠶᠠᠷ ᠲᠤᠷᠰᠢᠬᠤ ᠳᠦᠷᠦᠯ ᠵᠦᠢᠯ — ᠣᠷᠳᠣᠰ ᠬᠤᠳᠠ ᠶᠢᠨ ᠡᠵᠡᠨ ᠬᠤᠷᠤᠭ᠎ᠠ | ᠬᠤᠰᠢᠭᠤᠨ ᠤ ᠬᠤᠸᠠᠨ ᠯᠦᠩ ᠸᠠᠨ ᠨᠡᠭᠦᠷᠡᠰᠦᠨ ᠠᠭᠤᠷᠬᠠᠢ ᠠᠴᠠ ᠳᠠᠯᠠᠳ ᠬᠤᠰᠢᠭᠤᠨ ᠤ ᠰᠠᠨ ᠰᠢᠶᠠᠩ ᠯᠢᠶᠠᠩ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠣᠰ ᠳ᠋ᠤᠭᠠᠷᠲᠤ ᠮᠠᠰᠢᠨ ᠲᠡᠷᠭᠡᠨ ᠤ ᠭᠠᠯᠲᠤ ᠲᠡᠷᠭᠡᠨ ᠤ | ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠵᠠᠮ ᠱᠤᠭᠤᠮ 771 ᠤᠳᠠᠭ᠎ᠠ | ᠠᠶᠠᠯᠠᠵᠤ᠂ 4.4 ᠲᠦᠮᠡᠨ ᠲᠣᠨ ᠠᠴᠢᠶᠠᠨ ᠤ ᠲᠡᠭᠡᠭᠡᠪᠦᠷᠢ ᠶᠢᠨ ᠲᠤᠷᠰᠢᠯᠲᠠ ᠶᠢ ᠪᠡᠶᠡᠯᠡᠭᠦᠯᠵᠦ᠂ ᠪᠠᠷᠠᠭᠠᠨ ᠤ | ᠭᠦᠢᠯᠭᠡᠭᠡᠨ ᠤ ᠥᠪᠡᠷ ᠤᠨ ᠦᠷᠳᠡᠭ ᠢ 20% ᠪᠠᠷ ᠪᠠᠭᠤᠷᠠᠭᠤᠯᠵᠤ᠂ ᠲᠡᠭᠡᠭᠡᠪᠦᠷᠢ ᠶᠢᠨ ᠦᠷ᠎ᠡ ᠪᠦᠲᠦᠮᠵᠢ ᠶᠢ | 30% ᠳᠡᠭᠡᠭᠰᠢᠯᠡᠭᠦᠯᠵᠡᠢ᠃ 1 —7 ᠳ᠋ᠤᠭᠠᠷ ᠰᠠᠷ᠎ᠠ ᠳᠤ ᠥᠪᠥᠷ ᠮᠣᠩᠭᠤᠯ ᠤᠨ ᠵᠠᠮ ᠬᠠᠷᠢᠯᠴᠠᠭᠠᠨ ᠤ ᠡᠩ ᠤᠨ | ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠣᠨ ᠤ ᠬᠢᠨᠠᠯᠲᠠ᠂ ᠠᠵᠢᠯ ᠡᠷᠭᠢᠯᠡᠬᠦ ᠬᠢᠷᠢ ᠬᠡᠮ ᠤᠨ | ᠦᠨᠡᠮᠯᠡᠯ ᠢᠶᠠᠷ ᠦᠨᠡᠮᠯᠡᠯ ᠨᠥᠬᠦᠪᠦᠷᠢᠯᠡᠬᠦ᠂ ᠦᠨᠡᠮᠯᠡᠯ ᠰᠣᠯᠢᠬᠤ ᠵᠡᠷᠭᠡ 18 ᠵᠦᠢᠯ ᠤᠨ ᠲᠠᠪᠳᠠᠮᠵᠢ ᠤᠯᠠᠨ ᠵᠦᠢᠯᠡᠰ ᠢ | ︽ᠮᠤᠵᠢ ᠠᠯᠤᠰᠯᠠᠨ ᠲᠤᠭᠤᠰᠢᠳᠠᠢ ᠭᠦᠢᠴᠡᠳᠬᠡᠬᠦ︾ ᠪᠤᠯᠭᠠᠯ᠎ᠠ᠃ | | | | | | | | |