ᠪᠤᠭᠤᠲᠤ ᠬᠤᠲᠠ ᠶᠢᠨ ᠬᠢᠨ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ ᠦᠨᠳᠦᠰᠦᠨ ᠱᠠᠳᠤᠨ ᠤ ᠬᠢᠨ ᠢ ᠬᠠᠯᠠᠮᠵᠢᠯᠠᠵᠤ ᠠᠷᠠᠳ ᠲᠦᠮᠡᠨ ᠳᠤ ᠰᠠᠶᠢᠳᠤᠷ ᠦᠢᠯᠡᠴᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/8/5
   ᠪᠤᠭᠤᠲᠤ ᠬᠤᠲᠠ ᠶᠢᠨ ᠡᠯ᠎ᠡ ᠭᠠᠵᠠᠷ ᠣᠷᠣᠨ ᠤ ᠨᠡᠶᠢᠭᠡᠮ ᠤᠨ ᠠᠵᠢᠯ ᠤᠨ ᠥᠷᠲᠡᠭᠡ ᠶᠢᠨ ᠬᠢᠨ ᠤᠷᠴᠢᠮ ᠳᠤ ︽  ᠨᠠᠰᠤᠳᠠᠳ ᠬᠡᠤᠬᠡᠳ ᠬᠦᠴᠢᠷᠳᠡᠯᠲᠡᠢ ᠬᠦᠮᠦᠰ︾ ᠵᠡᠷᠭᠡ ᠣᠨᠴᠠᠭᠠᠶ  ᠬᠦᠮᠦᠰ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠲᠤᠰᠠᠯᠠᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠡᠦᠬᠡᠳ ᠢ ᠬᠠᠯᠠᠮᠵᠢᠯᠠᠬᠤ᠂ ᠵᠡᠮᠳᠡᠭᠴᠦᠳ ᠢ ᠬᠠᠪᠰᠤᠷᠤᠨ ᠬᠦᠴᠢᠷᠳᠡᠯᠲᠡᠢ ᠬᠦᠮᠦᠰ ᠢ ᠲᠡᠳᠬᠦᠬᠦ ᠵᠡᠷᠭᠡ ᠬᠦᠷᠢᠶ᠎ᠡ ᠴᠠᠷᠠᠭ᠎ᠠ ᠳᠤ ᠲᠤᠰᠬᠠᠢ ᠮᠡᠷᠭᠡᠵᠢᠯ ᠤᠨ ᠨᠡᠶᠢᠭᠡᠮ ᠤᠨ ᠠᠵᠢᠯ ᠤᠨ ᠦᠢᠯᠡᠴᠢᠯᠡᠭᠡ ᠥᠷᠨᠢᠭᠦᠯᠵᠦ᠂ ᠨᠡᠶᠢᠭᠡᠮ ᠤᠨ ᠠᠵᠢᠯ ᠤᠨ ᠥᠷᠲᠡᠭᠡᠨ ᠤ ᠦᠢᠯᠡᠴᠢᠯᠡᠭᠡᠨ ᠤ ᠴᠢᠳᠠᠪᠤᠷᠢ ᠶᠡᠭᠡ ᠪᠠᠷ  ᠲᠡᠭᠡᠭᠰᠢᠯᠡᠬᠦᠯᠦᠭᠰᠡᠨ ᠢᠶᠠᠷ ᠪᠤᠭᠤᠳᠤ ᠬᠤᠲᠠ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡ ᠢᠯᠡᠳᠲᠡ ᠦᠷ᠎ᠡ ᠪᠦᠲᠦᠮᠵᠢ ᠣᠯᠪᠠ᠃    ᠪᠠᠭᠤᠷᠠᠶᠢᠴᠤᠤᠯ ᠤᠨ ᠠᠳᠠᠯᠢ ᠪᠤᠰᠤ ᠬᠡᠷᠡᠭᠴᠡᠭᠡ ᠳᠤ ᠴᠢᠭᠯᠡᠭᠦᠯᠦᠨ᠂ ᠠᠮᠢᠳᠤᠯᠢᠭ ᠢᠶᠠᠷ ᠦᠢᠯᠡᠴᠢᠯᠡᠭᠡ ᠬᠠᠨᠭ᠍ᠭᠠᠪᠠ ᠃ ᠬᠥᠨᠳᠡᠯᠡᠨ ᠲᠣᠭᠤᠷᠢᠭ ᠤᠨ ᠪᠦᠯᠬᠦᠮᠳᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠦᠷᠳᠡᠭᠡ ᠶᠢᠨ ᠬᠢᠨ ᠬᠡᠷᠡᠭᠴᠡᠭᠡ ᠲᠠᠢ ᠨᠠᠰᠤᠲᠠᠶᠢᠴᠤᠳ᠂ ᠵᠡᠮᠳᠡᠭᠴᠤᠳ᠂ ᠡᠮᠡᠭᠲᠡᠶᠢᠴᠦᠳ᠂ ᠬᠦᠴᠢᠷᠳᠡᠯᠲᠡᠢ ᠭᠡᠷ ᠪᠦᠯᠢ ᠵᠡᠷᠭᠡ ᠪᠠᠭᠤᠷᠠᠢ ᠬᠥᠮᠥᠰ ᠲᠤ ᠨᠡᠶᠢᠭᠡᠮ ᠲᠣᠭᠤᠷᠢᠭ ᠤᠨ ᠠᠭᠤᠰᠤᠯᠴᠠᠯ ᠤᠨ ᠲᠥᠯᠥᠪᠯᠡᠭᠡ ᠲᠣᠭᠲᠠᠭᠠᠵᠤ᠂ ᠪᠣᠳᠠᠲᠠᠢ ᠪᠠᠶᠢᠳᠠᠯ ᠢ ᠦᠨᠳᠦᠰᠦᠯᠡᠨ ᠬᠠᠨᠳᠤᠯᠭᠠᠲᠤ ᠴᠢᠨᠠᠷᠲᠠᠢ ᠪᠠᠷ ᠣᠨᠴᠠᠭᠠᠢ ᠬᠡᠷᠡᠭ᠂ ᠳᠤᠭᠤᠶᠢᠯᠠᠩ  ᠤᠨ ᠪᠠ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠥᠷᠨᠢᠭᠦᠯᠵᠡᠢ᠃ ᠣᠲᠣ ᠪᠣᠯᠲᠠᠯ᠎ᠠ ᠣᠨᠴᠠᠭᠠᠶ ᠬᠡᠷᠡᠭ ᠤᠨ ᠦᠢᠯᠡᠴᠢᠯᠡᠭᠡ ᠶᠢ 8 ᠤᠳᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠥᠷᠲᠡᠭᠡ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠨᠢᠭᠡ ᠲᠥᠷᠥᠯ ᠢᠶᠠᠷ ᠭᠦᠢᠴᠡᠳᠬᠡᠬᠦ︾᠂ ︽ᠨᠢᠭᠡ ᠦᠷᠳᠡᠬᠡᠴᠢᠯᠡᠨ ᠦᠢᠯᠡᠴᠢᠯᠡᠬᠦ︾ ᠠᠷᠭ᠎ᠠ ᠪᠠᠷ ᠰᠠᠭᠤᠭᠠᠯᠢ ᠠᠷᠠᠳ ᠤᠨ 1200 ᠤᠴᠢᠷ ᠢ   ᠰᠢᠢᠳᠪᠦᠷᠢᠯᠡᠵᠦ᠂ ᠰᠠᠭᠤᠭᠠᠯᠢ ᠠᠷᠠᠳ ᠤᠨ ᠵᠢᠷᠭᠠᠯᠳᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃   ᠨᠢᠭᠦᠯᠡᠰᠦᠩᠭᠦᠢ ᠶᠢᠨ ᠡᠬᠢ ᠪᠠᠶᠠᠯᠢᠭ ᠢ ᠢᠳᠡᠪᠬᠢᠲᠡᠢ ᠬᠤᠯᠪᠣᠵᠤ᠂ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ ᠳᠤ ᠬᠦᠴᠦ ᠨᠡᠮᠡᠷᠢᠯᠡᠪᠡ᠃ ᠴᠢᠩᠱᠠᠨ ᠲᠣᠭᠤᠷᠢᠭ ᠤᠨ ᠴᠢᠩᠱᠠᠨ ᠵᠠᠮ ᠤᠨ ᠨᠡᠶᠢᠭᠡᠮ ᠤᠨ ᠠᠵᠢᠯ ᠤᠨ ᠥᠷᠲᠡᠭᠡ ᠶᠢᠨ ᠬᠢᠨ ᠬᠤᠳᠠᠯᠳᠤᠭᠠᠨ ᠤ ᠫᠦᠰᠡ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠤᠯᠪᠣᠬᠤ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠬᠦᠴᠢᠷᠳᠡᠯᠲᠡᠢ ᠣᠯᠠᠨ ᠲᠦᠮᠡᠨ ᠳᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ 5 ᠲᠦᠮᠡ ᠭᠠᠷᠤᠢ ᠲᠥᠭᠦᠷᠢᠭ ᠤᠨ ᠡᠳ᠋ ᠪᠣᠳᠠᠰ ᠬᠦᠷᠭᠡᠨ ᠨᠠᠰᠤᠲᠠᠶᠢᠴᠤᠳ᠂ ᠬᠡᠦᠬᠡᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠯᠭ᠎ᠠ᠂ ᠡᠷᠡᠭᠦᠯᠵᠢᠯ ᠤᠨ ᠹᠢᠽᠢᠺ ᠵᠠᠰᠠᠯ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠲᠤᠰᠬᠠᠢ ᠦᠢᠯᠡᠴᠢᠯᠡᠭᠡ ᠬᠠᠨᠭ᠍ᠭᠠᠯ᠎ᠠ᠃ ᠵᠢᠤᠶᠤᠸᠠᠨ ᠲᠣᠭᠤᠷᠢᠭ ᠤᠨ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡᠨ ᠤ ᠬᠢᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠲᠠᠶᠢᠴᠢᠯᠠᠨ ᠬᠡᠦᠬᠡᠳ ᠤᠨ ᠡᠷᠡᠭᠦᠯ ᠮᠡᠨᠳᠤ ᠶᠢ  ᠬᠠᠯᠠᠮᠵᠢᠯᠠᠬᠤ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ᠂ ᠨᠠᠰᠤᠲᠠᠶᠢᠴᠤᠳ ᠤᠨ ᠮᠡᠭᠡᠯᠡᠭᠳᠡᠬᠦ ᠠᠴᠠ ᠰᠡᠷᠭᠡᠶᠢᠯᠡᠬᠦ᠂ ᠦᠰᠤ ᠬᠡᠵᠢᠬᠡ ᠶᠢ ᠨᠢ ᠵᠠᠰᠠᠵᠤ ᠦᠭᠭᠦ ᠠᠯᠪᠠᠨ ᠵᠢᠢᠷᠤᠮ ᠤᠨ ᠠᠵᠢᠯᠯᠠᠭ᠎ᠠ ᠪᠠ ᠵᠢᠷᠤᠮ ᠤᠨ ᠡᠮᠴᠢᠯᠡᠭᠡ᠂ ᠡᠷᠡᠭᠦᠯ ᠬᠠᠮᠠᠭᠠᠯᠠᠯ ᠤᠨ ᠤᠬᠠᠭᠤᠯᠭ᠎ᠠ᠂  ᠪᠤᠯᠭᠤᠭᠠᠨ ᠲᠣᠬᠤᠨᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠪᠠᠷ ᠬᠦᠴᠦ ᠪᠠᠨ ᠡᠷᠭᠦᠵᠦ᠂ ᠭᠡᠷ ᠲᠤ ᠨᠢ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡ  ᠬᠠᠨᠭ᠍ᠭᠠᠭᠠᠳ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 24  ᠤᠳᠠᠭ᠎ᠠ ᠥᠷᠨᠢᠭᠦᠯᠵᠦ᠂ 2000 ᠭᠠᠷᠤᠢ ᠤᠳᠠᠭ᠎ᠠ ᠦᠢᠯᠡᠴᠢᠯᠡᠭᠡ ᠬᠠᠨᠭ᠍ᠭᠠᠵᠠᠢ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号