ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | | ︽ᠬᠤᠶᠠᠳᠤᠭᠠᠷ ᠬᠤᠭᠤᠴᠠᠭᠠᠨ ᠤ ᠳᠤᠮᠳᠠᠳᠤ ᠶᠢᠨ ᠨᠢᠭᠦᠯᠡᠰᠦᠩᠭᠦᠢ ᠶᠢᠨ ᠲᠣᠭᠠᠴᠢᠯᠠᠭᠰᠠᠨ ᠨᠡᠶᠢᠲᠡ ᠶᠢᠨ | ᠠᠰᠠᠷᠠᠮᠵᠢ ᠶᠢᠨ ᠪᠠᠶᠠᠷ︾ ᠤᠨ ᠵᠢᠷᠭᠠᠯᠲᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯᠯᠠᠭ᠎ᠠ ᠶᠢᠨ | ᠳᠠᠶᠢᠴᠢᠯᠠᠯᠲᠠ ᠪᠠᠶᠢᠷᠢᠯᠠᠭᠤᠯᠤᠯᠲᠠ ᠪᠠ ᠪᠣᠯᠪᠠᠰᠤᠷᠠᠯ ᠤᠨ ᠬᠤᠷᠠᠯ 7 ᠳ᠋ᠤᠭᠠᠷ ᠰᠠᠷ᠎ᠠ ᠶᠢᠨ 31 ᠠᠴᠠ 8 ᠳ᠋ᠤᠭᠠᠷ | ᠰᠠᠷ᠎ᠠ ᠶᠢᠨ 1 ᠤ ᠡᠳᠦᠷ ᠬᠥᠬᠡᠬᠤᠲᠠ ᠳᠤ ᠬᠤᠷᠠᠯᠳᠤᠪᠠ᠃ ᠳᠤᠮᠳᠠᠳᠤ ᠶᠢᠨ ᠨᠢᠭᠦᠯᠡᠰᠦᠩᠭᠦᠢ ᠶᠢᠨ ᠶᠡᠷᠦᠩᠬᠡᠢ ᠡᠪᠯᠡᠯ᠂ | 27 ᠮᠤᠵᠢ ︵ᠣᠷᠣᠨ᠂ ᠬᠤᠲᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠪᠠ ᠬᠤᠯᠪᠣᠭᠳᠠᠯ ᠪᠦᠬᠦᠢ ᠨᠢᠬᠡᠴᠢ ᠶᠢᠨ ᠬᠢᠨ ᠬᠤᠷᠠᠯ ᠳᠤ | ᠣᠷᠣᠯᠴᠠᠵᠠᠢ᠃ ᠬᠤᠷᠠᠯ ᠲᠡᠬᠡᠷ᠎ᠡ ᠤᠷᠴᠢᠮ ᠤᠨ ᠵᠢᠯ ᠤᠨ ᠲᠤᠷᠰᠢᠬᠢ ᠮᠠᠨ ᠤ ᠤᠯᠤᠰ ᠤᠨ ᠲᠣᠭᠠᠴᠢᠯᠠᠭᠰᠠᠨ | ᠨᠡᠶᠢᠲᠡ ᠶᠢᠨ ᠠᠰᠠᠷᠠᠮᠵᠢ ᠪᠣᠯᠣᠨ ︽ᠵᠢᠷᠭᠠᠯᠲᠤ ᠭᠡᠷ ᠣᠷᠣᠨ︾ ᠲᠣᠰᠬᠤᠨ ᠤ ᠬᠢᠨ ᠤ ᠬᠠᠷᠢᠯᠴᠠᠨ ᠬᠠᠪᠰᠤᠷᠤᠯᠴᠠᠬᠤ | ᠢᠨᠵᠧᠨᠧᠷᠢᠩ ᠤᠨ ᠲᠦᠷᠦᠯ ᠵᠦᠢᠯ ᠤᠨ ᠬᠦᠭᠵᠢᠬᠦᠯᠤᠯᠳᠡ ᠶᠢᠨ ᠦᠷ᠎ᠡ ᠪᠦᠲᠦᠭᠡᠯ ᠢ ᠶᠡᠭᠡ ᠪᠠᠷ ᠬᠤᠷᠢᠶᠠᠩᠭᠤᠶᠢᠯᠠᠵᠤ | ᠂ ︽ᠬᠤᠶᠠᠳᠤᠭᠠᠷ ᠬᠤᠭᠤᠴᠠᠭᠠᠨ ᠤ ᠳᠤᠮᠳᠠᠳᠤ ᠶᠢᠨ ᠨᠢᠭᠦᠯᠡᠰᠦᠩᠭᠦᠢ ᠶᠢᠨ ᠲᠣᠭᠠᠴᠢᠯᠠᠭᠰᠠᠨ ᠨᠡᠶᠢᠲᠡ ᠶᠢᠨ | ᠠᠰᠠᠷᠠᠮᠵᠢ ᠶᠢᠨ ᠪᠠᠶᠠᠷ︾ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠤᠭᠰᠠᠨ ᠪᠥᠭᠡᠳ | ᠲᠤᠷᠰᠢᠯᠭ᠎ᠠ ᠪᠠᠨ ᠰᠣᠯᠢᠯᠴᠠᠬᠤ᠂ ᠲᠤᠰᠬᠠᠢ ᠰᠡᠳᠦᠪ ᠢᠶᠠᠷ ᠵᠢᠯᠤᠭᠤᠳᠬᠤ ᠵᠡᠷᠭᠡ ᠠᠷᠭ᠎ᠠ ᠪᠠᠷ ᠪᠣᠯᠪᠠᠰᠤᠷᠠᠯ | ᠥᠷᠨᠢᠭᠦᠯᠵᠡᠢ᠃ | | | ᠨᠡᠶᠢᠭᠡᠮ ᠤᠨ ᠲᠤᠰᠠᠯᠠᠮᠵᠢ | | ᠪᠠᠶᠠᠨᠨᠠᠭᠤᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽ᠥᠪᠥᠷ | ᠮᠣᠩᠭᠤᠯ ᠤᠨ ᠲᠤᠰᠠᠯᠠᠮᠵᠢ ᠶᠢᠨ ᠰᠤᠹᠲ︾ ᠤᠨ ᠸᠢᠴᠠᠲ ᠫᠷᠣᠭ᠍ᠷᠠᠮ ᠢ ᠣᠯᠠᠨ ᠬᠠᠷᠠᠭᠠᠰᠤ ᠠᠴᠠ ᠳᠡᠯᠭᠡᠷᠡᠭᠦᠯᠵᠦ᠂ | ᠨᠡᠶᠢᠭᠡᠮ ᠤᠨ ᠲᠤᠰᠠᠯᠠᠮᠵᠢ ᠶᠢᠨ ᠦᠢᠯᠡᠴᠢᠯᠡᠭᠡ ᠶᠢ ᠰᠢᠯᠵᠢᠮᠡᠯ ᠬᠤᠯᠪᠤᠭ᠎ᠠ ᠲᠡᠶᠢᠰᠢ ᠤᠷᠳᠤᠳᠬᠠᠵᠤ᠂ ᠲᠤᠰᠠᠯᠠᠮᠵᠢ | ᠶᠢᠨ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ︽ᠬᠤᠷᠤᠭᠤᠨ ᠤ ᠦᠨᠳᠡᠭᠡ ᠪᠠᠷ ᠭᠦᠢᠴᠡᠳᠬᠡᠬᠦ︾ ᠳᠤ | ᠬᠦᠴᠦ ᠨᠡᠮᠡᠷᠢᠯᠡᠵᠦ᠂ ︽ᠲᠤᠭ᠎ᠠ ᠪᠠᠷᠢᠮᠲᠠ ᠶᠢ ᠭᠦᠶᠦᠯᠭᠡᠬᠦ︾ ᠪᠠᠷ ︽ᠣᠯᠠᠨ ᠲᠦᠮᠡᠨ ᠢ ᠭᠦᠶᠦᠯᠭᠡᠬᠦ︾ ᠶᠢ | ᠣᠷᠣᠯᠠᠭᠤᠯᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠪᠠᠶᠠᠨᠨᠠᠭᠤᠷ ᠬᠤᠲᠠ ᠶᠢᠨ 86.7 ᠲᠦᠮᠡᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠲᠤ ︽ | ᠥᠪᠥᠷ ᠮᠣᠩᠭᠤᠯ ᠤᠨ ᠲᠤᠰᠠᠯᠠᠮᠵᠢ ᠶᠢᠨ ᠰᠤᠹᠲ︾ ᠢ ᠲᠡᠩᠰᠠᠯᠠᠭᠤᠯᠵᠤ᠂ ᠡᠯᠧᠺᠲᠷᠣᠨ ᠡᠷᠬᠡ ᠣᠯᠭᠤᠬᠤ | ᠪᠢᠴᠢᠭ ᠲᠤ ᠭᠠᠷ ᠤᠨ ᠥᠰᠥᠭ ᠵᠢᠷᠤᠵᠤ᠂ ᠪᠡᠶᠡᠯᠡᠭᠦᠯᠦᠭᠰᠡᠨ ᠬᠠᠷᠢᠴᠠᠯ ᠨᠢ 80% ᠳᠤ ᠬᠥᠷᠪᠡ᠃ | | ᠨ᠊ᠡᠶᠢᠭᠡᠮ ᠤᠨ ᠶᠠᠪᠤᠳᠠᠯ | | ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 222 ᠲᠦᠮᠡᠨ ᠲᠥᠭᠦᠷᠢᠭ ᠤᠨ | ᠠᠰᠠᠷᠠᠮᠵᠢ ᠶᠢᠨ ᠮᠥᠩᠭᠦ ᠣᠷᠣᠭᠤᠯᠵᠤ᠂ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ 12 ᠬᠤᠰᠢᠭᠤ | ᠬᠤᠲᠠ ᠲᠣᠭᠤᠷᠢᠭ ᠲᠤ ︽ ᠮᠡᠳᠡᠷᠡᠯ ᠪᠠ ᠡᠷᠡᠬᠦᠯᠵᠢᠬᠦᠯᠬᠦ ᠶᠢ ᠠᠭᠤᠰᠤᠯᠴᠠᠭᠤᠯᠬᠤ︾ ᠠᠵᠢᠯᠯᠠᠭ᠎ᠠ ᠥᠷᠨᠢᠭᠦᠯᠵᠦ᠂ | ᠭᠠᠵᠠᠷ ᠣᠷᠣᠨ ᠢ ᠨᠡᠶᠢᠳᠡᠮ ᠬᠠᠮᠤᠷᠬᠤ ᠶᠢ ᠪᠡᠶᠡᠯᠡᠭᠦᠯᠦᠨ᠂ ᠣᠶᠣᠨ ᠤ ᠰᠠᠭᠠᠳ ᠲᠠᠢ 439 ᠡᠪᠡᠳᠴᠢᠲᠡᠨ ᠳᠤ | ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠳᠡᠩᠰᠡᠯᠡᠵᠦ ᠡᠷᠡᠭᠦᠯᠵᠢᠭᠦᠯᠬᠦ ᠡᠲᠡᠭᠡᠳ ᠤᠨ | ᠵᠢᠷᠤᠮᠵᠢᠭᠰᠠᠨ ᠦᠢᠯᠡᠴᠢᠯᠡᠭᠡ ᠭᠥᠷᠳᠡᠬᠦ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠭᠰᠡᠨ ᠪᠠᠶᠢᠨ᠎ᠠ᠃ ︽ | ᠣᠶᠤᠨ ᠤ ᠰᠠᠭᠠᠳ ᠲᠠᠢ ᠬᠦᠮᠦᠰ ᠪᠦᠬᠦᠢ ᠨᠡᠶᠢᠭᠡᠮ ᠲᠣᠭᠤᠷᠢᠭ ᠤᠨ ᠡᠷᠡᠭᠦᠯᠵᠢᠯ ᠢ ᠵᠢᠯᠤᠭᠤᠳᠬᠤ ᠭᠠᠷ ᠳᠡᠪᠲᠡᠷ︾ ᠢ | ᠳᠠᠷᠤᠮᠠᠯᠯᠠᠨ ᠲᠠᠷᠬᠠᠭᠠᠬᠤ ᠪᠠᠷ ᠳᠠᠮᠵᠢᠭᠤᠯᠤᠨ᠂ ᠬᠥᠯᠥᠨ ᠪᠤᠶᠢᠷ ᠬᠤᠲᠠ ᠶᠢᠨ ᠣᠶᠤᠨ ᠤ ᠰᠠᠭᠠᠳ ᠲᠠᠢ ᠬᠦᠮᠦᠰ | ᠪᠦᠬᠦᠢ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ | ᠠᠩᠭᠢ ᠶᠢ ᠡᠷᠭᠢᠯᠡᠵᠦ᠂ ᠰᠢᠭᠤᠳ ᠦᠢᠯᠡᠴᠢᠯᠡᠬᠦ ᠬᠥᠮᠥᠰ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ | ᠲᠡᠭᠡᠭᠰᠢᠯᠡᠬᠦᠯᠪᠡ᠃ | | | ᠬᠡᠦᠬᠡᠳ ᠤᠨ ᠠᠰᠠᠷᠠᠮᠵᠢ | | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽︿ᠬᠦᠰᠡᠯ ᠢ ᠨᠢ | ᠲᠡᠷᠭᠡᠯᠰᠢᠭᠦᠯᠬᠦ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ﹀ ᠤᠨ ᠲᠥᠷᠥᠯ ᠵᠦᠢᠯ ᠢ | ᠵᠢᠷᠤᠮᠵᠢᠭᠤᠯᠤᠨ ᠬᠡᠷᠡᠭᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠰᠤᠷᠤᠯᠭ᠎ᠠ ᠶᠢ ᠲᠡᠳᠬᠦᠬᠦ | ᠢᠨᠵᠧᠨᠧᠷᠢᠩ︾ ᠠᠴᠠ ᠤᠬᠤᠷᠢᠨ ᠭᠠᠷᠬᠤ ᠶᠢ ᠵᠢᠷᠤᠮᠵᠢᠭᠤᠯᠤᠭᠰᠠᠨ ᠪᠠᠶᠢᠳᠠᠯ᠂ ᠥᠨᠥᠴᠢᠨ ᠬᠡᠦᠬᠡᠳ ᠤᠨ | ᠰᠤᠷᠤᠯᠭ᠎ᠠ ᠶᠢ ᠲᠡᠳᠬᠦᠬᠦ ᠠᠵᠢᠯ ᠤᠨ ᠪᠦᠷᠢᠨ ᠲᠡᠭᠦᠯᠳᠡᠷ ᠲᠠᠩᠰᠠ ᠡᠪᠬᠡᠮᠡᠯ᠂ ᠰᠤᠷᠤᠯᠭ᠎ᠠ ᠶᠢᠨ ᠲᠡᠳᠬᠦᠮᠵᠢ ᠶᠢᠨ | ᠮᠥᠩᠭᠦ ᠣᠯᠭᠤᠬᠤ ᠳᠦᠷᠢᠮ ᠪᠠ ᠲᠥᠷᠥᠯ ᠵᠦᠢᠯ ᠤᠨ ᠭᠤᠶᠤᠴᠢᠯᠠᠯ ᠵᠡᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ | ᠥᠨᠥᠴᠢᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠤᠯᠠᠮ ᠪᠦᠷᠢᠨᠰᠢᠭᠦᠯᠵᠦ᠂ ᠥᠨᠥᠴᠢᠨ ᠬᠡᠦᠬᠡᠳ ᠤᠨ ᠰᠤᠷᠭᠠᠨ | ᠬᠥᠮᠦᠵᠢᠯ ᠭᠥᠷᠳᠡᠬᠦ ᠡᠷᠬᠡ ᠶᠢ ᠬᠠᠮᠠᠭᠠᠯᠠᠪᠠ᠃ | ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠤ ᠵᠢᠯ ︽ ᠬᠡᠷ ᠲᠤ ᠨᠢ | ᠤᠴᠢᠵᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ + ᠲᠤᠬᠠᠢ ᠶᠢᠨ ᠴᠠᠭ ᠤᠨ ᠮᠡᠳᠡᠭᠡ ᠵᠠᠩᠭᠢ ᠶᠢᠨ ᠬᠠᠷᠢᠴᠠᠭᠤᠯᠤᠯ | +ᠭᠤᠶᠤᠴᠢᠯᠠᠬᠤ ᠳᠤ ᠨᠢ ᠰᠠᠨᠠᠭᠠᠴᠢᠯᠠᠭ᠎ᠠ ᠠᠴᠠ ᠪᠠᠨ ᠬᠠᠪᠰᠤᠷᠬᠤ︾ ᠠᠷᠭ᠎ᠠ ᠪᠠᠷ ᠪᠤᠳᠠᠳᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ ᠤᠨ ᠲᠤᠭ᠎ᠠ ᠪᠠᠷᠢᠮᠲᠠ ᠶᠢ ᠨᠠᠷᠢᠯᠢᠭᠵᠢᠭᠤᠯᠤᠨ ᠵᠢᠭᠰᠠᠭᠠᠨ ᠪᠠᠶᠢᠴᠠᠭᠠᠪᠠ᠃ ᠬᠡᠷ ᠲᠤ ᠨᠢ | ᠤᠴᠢᠵᠤ ᠰᠤᠷᠪᠤᠯᠵᠢᠯᠠᠬᠤ᠂ ᠬᠠᠷᠠᠭᠠᠯᠵᠠᠨ ᠬᠠᠮᠠᠭᠠᠯᠠᠵᠤ ᠭᠠᠷ ᠲᠦᠷᠦᠭᠦ᠂ ᠲᠡᠳᠬᠦᠵᠦ ᠰᠢᠯᠵᠢᠭᠦᠯᠦᠨ ᠲᠠᠨᠢᠯᠴᠠᠭᠤᠯᠬᠤ | ᠂ ᠲᠤᠰᠠᠯᠠᠵᠤ ᠬᠠᠮᠠᠭᠠᠯᠠᠬᠤ᠂ ᠮᠥᠷᠳᠡᠵᠦ ᠬᠠᠷᠢᠭᠤ ᠰᠤᠷᠪᠤᠯᠵᠢᠯᠠᠬᠤ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠵᠦ᠂ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠮᠢᠳᠤᠷᠠᠯ ᠤᠨ | ᠪᠠᠶᠢᠳᠠᠯ ᠢ ᠬᠥᠳᠡᠯᠦᠩᠭᠦᠢ ᠪᠠᠷ ᠡᠵᠡᠮᠰᠢᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠰᠢᠨ᠎ᠡ | ᠳᠡᠭᠲᠡᠷ ᠲᠤ ᠭᠠᠷᠭᠠᠵᠤ᠂ ᠬᠦᠯᠤᠨ ᠪᠤᠶᠢᠷ ᠬᠤᠳᠠ ᠶᠢᠨ ᠬᠦᠴᠢᠷᠳᠡᠯ ᠳᠤ ᠲᠤᠯᠭᠠᠷᠠᠬᠰᠠᠨ 800 ᠬᠡᠤᠬᠡᠳ ᠲᠤ | ᠪᠠᠳᠤᠯᠠᠭ᠎ᠠ ᠬᠠᠨᠭ᠍ᠭᠠᠯ᠎ᠠ᠃ | | | | |