ᠥᠲᠡᠯᠪᠡᠯ ᠠᠰᠠᠷᠠᠮᠵᠢ ᠲᠠᠢ᠂ ᠥᠲᠡᠯᠪᠡᠯ ᠠᠮᠤᠷ ᠠᠮᠤᠭᠤᠯᠠᠩ ᠪᠠᠶᠢᠬᠤ ᠪᠣᠯ ᠠᠷᠠᠳ ᠤᠨ ᠠᠮᠢᠳᠤᠷᠠᠯ ᠤᠨ ᠶᠡᠭᠡ | ᠶᠠᠪᠤᠳᠠᠯ ᠮᠥᠨ᠃ ᠵᠡᠭᠦᠨ ᠦᠵᠦᠮᠦᠴᠢᠨ ᠬᠤᠰᠢᠭᠤᠨ ᠤ ᠶᠡᠷᠦᠩᠬᠡᠢ ᠲᠠᠯᠠᠪᠠᠶ ᠨᠢ 4.73 ᠲᠦᠮᠡᠨ ᠲᠡᠭᠰᠢ | ᠳᠥᠷᠪᠡᠯᠵᠢᠨ ᠺᠢᠯᠣᠮᠧᠲᠷ᠂ ᠤᠮᠠᠷᠠᠰᠢ ᠪᠠᠨ ᠮᠣᠩᠭᠤᠯ ᠤᠯᠤᠰ ᠲᠠᠢ ᠬᠢᠯᠢ ᠨᠡᠶᠢᠯᠡᠵᠦ ᠬᠢᠯᠢ ᠶᠢᠨ ᠱᠤᠭᠤᠮ ᠤᠨ 527. | 6 ᠺᠢᠯᠣᠮᠧᠲᠷ ᠤᠷᠳᠤ ᠪᠦᠬᠡᠳ ᠬᠢᠯᠢ ᠶᠢᠨ ᠮᠠᠯᠵᠢᠬᠤ ᠬᠤᠰᠢᠭᠤᠨ ᠳᠤ ᠬᠠᠷᠢᠶᠠᠯᠠᠭᠳᠠᠨ᠎ᠠ᠃ ᠪᠥᠬᠦ ᠬᠤᠰᠢᠭᠤᠨ ᠤ | ᠪᠥᠬᠦ ᠬᠥᠮᠥᠨ ᠠᠮᠠ 7.06 ᠲᠦᠮᠡᠨ ᠬᠥᠮᠥᠨ᠂ 60 ᠪᠦᠬᠦᠯᠢ ᠨᠠᠰᠤ ᠪᠠ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ 0.87 ᠲᠦᠮᠡᠨ ᠬᠥᠮᠥᠨ ︵ᠮᠠᠯᠵᠢᠬᠤ ᠣᠷᠣᠨ ᠤ ᠨᠠᠰᠤᠲᠠᠶᠢᠴᠤᠳ 0.34 ᠲᠦᠮᠡᠨ ᠬᠥᠮᠥᠨ | ᠪᠠᠶᠢᠵᠤ ᠪᠦᠬᠦ ᠬᠦᠮᠦᠨ ᠠᠮᠨ ᠶᠢᠨ 39.08% ᠶᠢ ᠡᠵᠡᠯᠡᠨ᠎ᠡ︶ ᠲᠠᠢ᠂ ᠪᠥᠬᠦ ᠬᠥᠮᠥᠨ ᠠᠮᠠ ᠶᠢᠨ 12.32% ᠢ | ᠡᠵᠡᠯᠡᠨ᠎ᠡ᠂ ᠡᠶᠢᠮᠦ ᠠᠴᠠ ᠬᠢᠯᠢ ᠬᠢᠵᠠᠭᠠᠷ ᠤᠨ ᠬᠤᠰᠢᠭᠤ ᠰᠢᠶᠠᠨ ᠤ ᠮᠠᠯᠵᠢᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠦᠵᠦᠮᠦᠴᠢᠨ ᠵᠡᠬᠦᠨ ᠬᠤᠰᠢᠭᠤᠨ ᠤ | ᠬᠢᠨ ᠤᠷᠴᠢᠮ ᠤᠨ ᠵᠢᠯ ᠢᠳᠡᠪᠬᠢᠲᠡᠢ ᠪᠠᠷ ᠤᠬᠠᠭᠠᠯᠠᠨ ᠲᠥᠯᠥᠪᠯᠡᠵᠦ ᠰᠠᠨᠠᠭᠠᠴᠢᠯᠠᠭ᠎ᠠ ᠠᠴᠠ ᠪᠠᠨ ᠠᠵᠢᠯ ᠬᠢᠵᠦ | ᠮᠠᠯᠵᠢᠬᠤ ᠣᠷᠣᠨ ᠤ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠨ᠂ ᠬᠤᠰᠢᠭᠤ᠂ ᠰᠤᠮᠤ ︵ | ᠪᠠᠯᠭᠠᠰᠤ︶᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ︾ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠷᠢᠰᠢᠯ ᠢ ᠪᠠᠶᠢᠭᠤᠯᠤᠭᠠᠳ ᠨᠠᠰᠤᠲᠠᠶᠢᠴᠤᠳ ᠤᠨ | ᠬᠦᠷᠲᠡᠮᠵᠢ ᠶᠢᠨ ᠲᠥᠷᠥᠭᠳᠡᠯ ᠢ ᠨᠠᠩ ᠲᠡᠭᠦᠯᠳᠡᠷ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠦᠷᠬᠦᠯᠵᠢᠯᠡᠨ | ᠨᠡᠮᠡᠭᠳᠡᠬᠦᠯᠵᠤ ᠪᠠᠶᠢᠨ᠎ᠠ᠃ | | ᠲᠥᠬᠦᠭᠡᠷᠦᠮᠵᠢ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠤᠨ | ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠤᠤᠷᠵᠢᠯ ᠢ ᠲᠡᠬᠦᠯᠳᠡᠷᠵᠢᠬᠦᠯᠪᠡ | ᠵᠠᠰᠠᠭ ᠤᠨ ᠣᠷᠳᠣᠨ ᠳᠠᠭᠠᠭᠤᠯᠵᠤ ᠦᠨᠳᠦᠰᠦᠨ ᠬᠦᠭ ᠠᠶᠠᠰ ᠢ ᠲᠤᠬᠳᠠᠭᠠᠪᠠ᠃ ᠲᠥᠪ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠦᠵᠦᠮᠦᠴᠢᠨ | ᠵᠡᠭᠦᠨ ᠬᠤᠰᠢᠭᠤᠨ ᠤ ᠬᠢᠨ ᠮᠠᠯᠵᠢᠬᠤ ᠣᠷᠣᠨ ᠤ ᠨᠠᠰᠤᠲᠠᠶᠢᠴᠤᠳ ᠤᠨ ᠰᠠᠭᠤᠷᠢᠰᠢᠯ ᠲᠠᠷᠠᠬᠠᠢ ᠪᠤᠲᠠᠷᠬᠠᠢ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠭᠤᠷᠠᠢ ᠵᠡᠷᠭᠡ ᠬᠦᠴᠢᠷ | ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠲᠥᠪᠯᠡᠷᠡᠨ ᠰᠠᠭᠤᠬᠤ᠂ | ᠨᠠᠰᠤᠲᠠᠨ ᠢ ᠠᠰᠠᠷᠠᠵᠤ ᠨᠢᠯᠬᠠᠰ ᠢ ᠬᠥᠮᠥᠵᠢᠭᠦᠯᠬᠦ᠂ ᠡᠮᠴᠢᠯᠡᠵᠦ ᠰᠤᠪᠢᠯᠠᠬᠤ᠂ ᠵᠠᠰᠠᠭ ᠤᠨ ᠣᠷᠳᠣᠨ ᠲᠡᠳᠬᠦᠬᠦ᠂ | ᠣᠯᠠᠨ ᠡᠰᠢᠴᠢᠯᠡᠨ ᠡᠵᠡᠩᠨᠡᠬᠦ︾ ᠮᠠᠯᠵᠢᠬᠤ ᠣᠷᠣᠨ ᠤ ᠥᠪᠡᠷᠮᠢᠴᠡ ᠣᠨᠴᠠᠯᠢᠭ ᠲᠠᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠵᠠᠭᠪᠤᠷ ᠢ ᠰᠦᠪᠡᠭᠴᠢᠯᠡᠭᠰᠡᠨ ᠪᠠᠶᠢᠨ᠎ᠠ᠃ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠪᠦᠲᠦᠭᠡᠨ ᠪᠠᠶᠢᠭᠤᠯᠪᠠ᠃ ᠬᠤᠰᠢᠭᠤᠨ ᠲᠠᠰ ᠤᠨ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ︵ᠬᠦᠷᠢᠶᠡᠯᠡᠩ ᠲᠣᠭᠤᠷᠢᠭ︶ ᠪᠠᠷ ᠲᠥᠪ ᠪᠣᠯᠭᠠᠵᠤ ᠰᠤᠮᠤ ︵ | ᠪᠠᠯᠭᠠᠰᠤ︶ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢᠶᠠᠷ ᠲᠤᠯᠭᠠᠭᠤᠷᠢᠯᠠᠯ ᠪᠣᠯᠭᠠᠵᠤ | ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠪᠠᠷ ᠰᠠᠭᠤᠷᠢ ᠪᠣᠯᠭᠠᠭᠰᠠᠨ ︽ | ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ︾ ᠶᠢ ᠪᠠᠶᠢᠭᠤᠯᠬᠤ ᠳᠤ ᠪᠠᠨ ᠨᠡᠶᠢᠲᠡ 1. | 79 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ ᠶᠡᠷᠦᠩᠬᠡᠶᠢᠯᠡᠭᠰᠡᠨ ᠨᠠᠰᠤᠵᠢᠯ ᠤᠨ ᠬᠦᠷᠢᠶᠡᠯᠡᠩ | ᠲᠣᠭᠤᠷᠢᠭ 1᠂ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ 5᠂ ᠨᠠᠰᠤᠵᠢᠯ ᠤᠨ | ᠦᠢᠯᠡᠴᠢᠯᠡᠭᠡᠨ ᠤ ᠥᠷᠲᠡᠭᠡ 7᠂ ᠨᠠᠰᠤᠲᠠᠨ ᠢ ᠲᠤᠰᠠᠯᠠᠬᠤ ᠬᠤᠭᠤᠯᠠᠨ ᠭᠡᠷ 5 ᠪᠠᠶᠢᠭᠤᠯᠵᠤ᠂ ᠨᠠᠰᠤᠲᠠᠨ ᠢ | ᠠᠰᠠᠷᠠᠬᠤ ᠣᠷᠣ ᠶᠢᠨ ᠲᠤᠭ᠎ᠠ 1146 ᠳᠤ ᠬᠥᠷᠪᠡ᠃ ᠣᠳᠣᠬᠠᠨ ᠳᠤ ᠪᠥᠬᠦ ᠬᠤᠰᠢᠭᠤᠨ ᠤ 85 | ᠨᠠᠰᠤᠲᠠᠶᠢᠴᠤᠳ ᠤᠨ ᠪᠠᠶᠢᠭᠤᠯᠤᠮᠵᠢ ᠳᠤ ᠰᠠᠭᠤᠵᠤ ᠨᠠᠰᠤᠲᠠᠶᠢᠴᠤᠳ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠳᠤ | 461 ᠡᠷᠦᠬᠡ 879 ᠨᠠᠰᠤᠲᠠᠶᠢᠴᠤᠳ ᠤᠨ ᠣᠷᠣᠨ ᠰᠠᠭᠤᠴᠠ ᠳᠤ ᠣᠷᠣᠵᠤ ᠰᠠᠭᠤᠭᠠᠳ ᠮᠠᠯᠵᠢᠬᠤ ᠣᠷᠣᠨ ᠤ | 2000 ᠭᠠᠷᠤᠢ ᠬᠥᠳᠡᠯᠮᠦᠷᠢ ᠶᠢᠨ ᠬᠦᠴᠦᠨ ᠢ ᠴᠢᠯᠦᠭᠡᠯᠡᠵᠡᠢ᠃ | ᠦᠨᠡᠨ ᠰᠡᠳᠬᠢᠯᠭᠡ ᠪᠠᠷ ᠢᠶᠠᠨ ᠠᠷᠠᠳ ᠲᠤ ᠠᠰᠢᠭ ᠬᠦᠷᠲᠡᠭᠡᠭᠡᠳ ᠦᠷ᠎ᠡ ᠪᠦᠲᠦᠮᠵᠢ ᠣᠯᠪᠠ᠃ ᠨᠠᠰᠤᠵᠢᠯ ᠤᠨ | ᠠᠰᠠᠷᠠᠮᠵᠢ ᠶᠢᠨ ᠨᠡᠶᠢᠲᠡ ᠶᠢᠨ ᠪᠠᠶᠢᠷᠢ ᠶᠢᠨ ᠲᠦᠷᠢᠶᠡᠰᠦᠯᠡᠬᠦ ᠦᠨ᠎ᠡ ᠨᠢ ᠪᠤᠰᠤᠳ ᠭᠡᠷ ᠪᠠᠶᠢᠰᠢᠩ ᠢ | ᠲᠦᠷᠢᠶᠡᠰᠦᠯᠡᠬᠦ ᠠᠴᠠ 3000 ᠲᠥᠭᠦᠷᠢᠭ ᠣᠷᠴᠢᠮ ᠳᠣᠣᠷ᠎ᠠ ᠦᠳᠡᠬᠦᠰ ᠤᠨ ᠨᠦᠬᠦᠪᠤᠷᠢ ᠶᠢ ᠪᠦᠬᠦᠯᠢ 75 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠦᠷᠲᠡᠯ᠎ᠡ ᠥᠷᠭᠡᠳᠬᠡᠵᠦ᠂ ᠵᠢᠯ ᠪᠦᠷᠢ ᠳᠤᠮᠳᠠᠴᠢ ᠪᠠᠷ ᠪᠦᠬᠦᠯᠢ | 75 ᠨᠠᠰᠤᠨ ᠠᠴᠠ ᠳᠡᠭᠡᠭᠰᠢᠬᠢ 1650 ᠭᠠᠷᠤᠢ ᠨᠠᠰᠤᠲᠠᠶᠢᠴᠤᠳ ᠲᠤ ᠦᠳᠡᠬᠦᠰ ᠤᠨ ᠨᠦᠬᠦᠪᠤᠷᠢ ᠶᠢ 210 | ᠲᠦᠮᠡ ᠰᠢᠬᠠᠮ ᠲᠥᠭᠦᠷᠢᠭ ᠣᠯᠭᠤᠪᠠ᠃ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ | ᠳᠡᠭᠡᠭᠰᠢᠯᠡᠭᠦᠯᠦᠭᠡᠳ ᠰᠠᠷ᠎ᠠ ᠳᠤ ᠬᠥᠮᠥᠨ ᠳᠤᠮᠳᠠᠴᠢ ᠪᠠᠷ 1700 ᠲᠥᠭᠦᠷᠢᠭ ᠪᠣᠯᠭᠠᠵᠤ᠂ ᠵᠢᠯ ᠳᠤᠮᠳᠠᠴᠢ ᠪᠠᠷ 56 | ᠨᠠᠰᠤᠲᠠᠶᠢᠴᠤᠳ ᠲᠤ 121 ᠲᠦᠮᠡᠨ ᠲᠥᠭᠦᠷᠢᠭ ᠤᠯᠭᠤᠪᠠ᠃ ᠣᠨᠴᠠᠭᠠᠶ ᠬᠦᠴᠢᠷᠳᠡᠯ ᠲᠠᠢ ᠨᠠᠰᠤᠲᠠᠶᠢᠴᠤᠳ ᠤᠨ | ᠭᠡᠷ ᠪᠦᠯᠢ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢ ᠬᠢᠵᠦ᠂ 57 ᠡᠷᠦᠬᠡ ᠬᠦᠴᠢᠷᠳᠡᠯ ᠲᠠᠢ ᠭᠡᠷ ᠪᠦᠯᠢ ᠶᠢᠨ | ᠬᠢᠨ ᠤ ᠠᠰᠠᠷᠠᠨ ᠬᠠᠷᠠᠭᠠᠯᠵᠠᠬᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠪᠡ᠃ ᠭᠡᠷ ᠲᠤ ᠪᠠᠨ ᠰᠠᠭᠤᠵᠤ | ᠪᠠᠶᠢᠭ᠎ᠠ 12 ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠦᠬᠦᠬᠡᠷᠤᠮᠵᠢ ᠶᠢ ᠪᠠᠶᠢᠭᠤᠯᠬᠤ ᠶᠢ ᠠᠬᠢᠭᠤᠯᠵᠤ᠂ | 66 ᠭᠠᠴᠠᠭ᠎ᠠ ᠨᠡᠶᠢᠭᠡᠮ ᠲᠣᠭᠤᠷᠢᠭ ᠢ ᠬᠠᠮᠤᠷᠤᠨ᠂ 0.68 ᠲᠦᠮᠡᠨ ᠨᠠᠰᠤᠲᠠᠶᠢᠴᠤᠳ ᠲᠤ ᠠᠰᠢᠭ ᠬᠦᠷᠲᠡᠭᠡᠪᠡ᠃ | ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠲᠡᠭᠡᠭᠰᠢᠯᠡᠬᠦᠯᠵᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠬᠦᠯᠪᠡ | | ︽ᠣᠶᠤᠨᠴᠢ ᠨᠠᠰᠤᠵᠢᠯ ᠤᠨ ᠠᠰᠠᠷᠠᠮᠵᠢ︾ ᠶᠢ ᠨᠢᠭᠡᠳᠦᠯᠲᠡᠢ ᠲᠥᠯᠥᠪᠵᠢᠭᠦᠯᠬᠦ ᠠᠵᠢᠯ ᠢ ᠴᠢᠩᠭ᠎ᠠ ᠠᠳᠬᠤᠪᠠ᠃ | ᠬᠤᠰᠢᠭᠤᠨ ᠲᠠᠰ ᠤᠨ ᠣᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ ᠢ | ᠪᠠᠶᠢᠭᠤᠯᠵᠤ᠂ ︽ᠰᠦᠯᠵᠢᠶᠡᠨ ᠳᠡᠭᠡᠷᠡᠬᠢ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ + ᠰᠦᠯᠵᠢᠶᠡᠨ ᠭᠠᠳᠠᠨᠠᠬᠢ | ᠪᠥᠬᠦ ᠲᠠᠯ᠎ᠠ ᠶᠢᠨ ᠦᠢᠯᠡᠴᠢᠯᠡᠭᠡ︾ ᠶᠢ ᠪᠡᠶᠡᠯᠡᠬᠦᠯᠪᠡ᠃ ︽ᠭᠤᠷᠪᠠᠨ ᠨᠠᠷᠢᠨ ᠲᠠᠩᠰᠠ︾ ︽ᠭᠤᠷᠪᠠᠨ ᠲᠠᠩᠰᠠ | ᠡᠪᠬᠡᠮᠡᠯ︾ ᠢ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠲᠤᠰᠠᠯᠠᠮᠵᠢ ᠶᠢᠨ ᠰᠣᠹᠲ︾ ᠡᠭᠦᠯᠡᠨ ᠲᠠᠪᠴᠠᠩ ᠤᠨ | ᠨᠠᠰᠤᠵᠢᠯ ᠤᠨ ᠦᠢᠯᠡᠴᠢᠯᠡᠭᠡᠨ ᠤ ᠲᠤᠰᠬᠠᠢ ᠣᠷᠣᠨ ᠪᠠ 96111 ᠨᠠᠰᠤᠲᠠᠶᠢᠴᠤᠳ ᠲᠤ ᠦᠢᠯᠡᠴᠢᠯᠡᠬᠦ ᠪᠠᠶᠢᠡᠭᠭᠤ | ᠶᠢᠨ ᠤᠲᠠᠰᠤ ᠶᠢ ᠪᠦᠲᠦᠮᠵᠢᠲᠡᠶ ᠵᠣᠯᠭᠠᠭᠤᠯᠵᠤ᠂ ︽ᠬᠠᠭᠤᠳᠠᠰᠤ ᠭᠥᠯᠢᠶᠡᠨ ᠠᠪᠬᠤ᠂ ᠬᠠᠭᠤᠳᠠᠰᠤ ᠲᠣᠮᠢᠯᠠᠬᠤ᠂ | ᠬᠠᠭᠤᠳᠠᠰᠤ ᠳᠠᠭᠠᠬᠤ᠂ ᠦᠨᠡᠯᠡᠬᠦ︾ ᠦᠢᠯᠡᠴᠢᠯᠡᠭᠡᠨ ᠤ ᠴᠤᠪᠤᠷᠠᠯ ᠢ ᠵᠢᠷᠤᠮᠵᠢᠭᠤᠯᠤᠨ᠂ ᠨᠠᠰᠤᠲᠠᠶᠢᠴᠤᠳ ᠲᠤ | ᠣᠨᠣᠪᠴᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠥᠪᠡᠷᠮᠢᠴᠡ ᠦᠢᠯᠡᠴᠢᠯᠡᠭᠡ ᠬᠠᠨᠭ᠍ᠭᠠᠪᠠ᠃ ᠣᠳᠣᠬᠠᠨ ᠳᠤ | ᠪᠥᠬᠦ ᠬᠤᠰᠢᠭᠤᠨ ᠤ ᠨᠠᠰᠤᠲᠠᠶᠢᠴᠤᠳ ᠤᠨ ᠰᠠᠭᠤᠷᠢ ᠮᠡᠳᠡᠭᠡ ᠵᠠᠩᠭᠢ ᠳᠤ ᠡᠯᠧᠺᠲ᠋ᠣᠷᠣᠨᠴᠢᠯᠠᠭᠰᠠᠨ ᠬᠠᠮᠢᠶᠠᠷᠤᠯᠲᠠ ᠶᠢ | ᠪᠡᠶᠡᠯᠡᠭᠦᠯᠵᠦ ᠣᠶᠤᠨᠴᠢ ᠲᠠᠪᠴᠠᠩ ᠤᠨ ᠲᠣᠬᠢᠷᠠᠭᠤᠯᠤᠯᠲᠠ ᠪᠠᠷ ᠳᠡᠮᠵᠢᠨ ᠦᠢᠯᠡᠴᠢᠯᠡᠭᠡ ᠨᠡᠶᠢᠲᠡ 0.3 ᠲᠦᠮᠡᠨ | ᠬᠥᠮᠥᠨ ᠤᠳᠠᠭ᠎ᠠ ᠶᠢ ᠳᠠᠪᠠᠵᠠᠢ᠃ | ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠬᠰᠠᠨ ᠢᠶᠠᠷ ᠨᠡᠩ ᠰᠠᠨᠠᠭ᠎ᠠ ᠠᠮᠤᠷ ᠪᠤᠯᠭᠠᠪᠠ᠃ ︽ᠠᠯᠪᠠᠨ ᠠᠴᠠ | ᠪᠠᠶᠢᠭᠤᠯᠵᠤ ᠠᠷᠠᠳ ᠠᠴᠠ ᠡᠵᠡᠩᠨᠡᠬᠦ᠂ ᠡᠮᠴᠢᠯᠡᠭᠡ ᠰᠤᠪᠢᠯᠠᠯᠳᠠ ᠶᠢ ᠤᠶᠠᠯᠳᠤᠭᠤᠯᠬᠤ︾ ᠬᠡᠯᠪᠡᠷᠢ ᠶᠢᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠵᠠᠭᠪᠤᠷ ᠢ ᠪᠣᠶ ᠪᠣᠯᠭᠠᠵᠤ᠂ ᠬᠤᠰᠢᠭᠤᠨ ᠬᠢᠲᠠᠳ ᠡᠮᠨᠡᠯᠭᠡ ᠶᠢᠨ | ᠬᠤᠷᠢᠶ᠎ᠠ ᠶᠢᠨ ᠬᠢᠨ ᠲᠠᠢ ᠬᠠᠮᠲᠤᠷᠠᠨ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ ᠲᠥᠪ ᠢ ᠡᠵᠡᠩᠨᠡᠵᠦ᠂ ᠠᠶᠠᠨ | ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠲᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠪᠢᠶᠠᠷᠢ | ᠡᠭᠦᠳᠡᠨ ᠡᠮᠨᠡᠯᠭᠡ ᠶᠢ ᠪᠠᠶᠢᠭᠤᠯᠵᠤ᠂ ︽ᠨᠠᠰᠤᠵᠢᠯ ᠤᠨ ᠠᠰᠠᠷᠠᠮᠵᠢ ᠳᠤ ᠲᠦᠰᠢᠭ ᠲᠠᠢ︾ ᠪᠠᠶᠢᠬᠤ ᠶᠢ ᠪᠠᠳᠤᠯᠠᠪᠠ᠃ | | ᠦᠢᠯᠡᠴᠢᠯᠡᠭᠡᠨ ᠤ ᠵᠠᠭᠪᠤᠷ ᠢ ᠴᠢᠩᠭᠠᠳᠬᠠᠨ | ᠨᠠᠰᠤᠵᠢᠯ ᠤᠨ ᠠᠰᠠᠷᠠᠮᠵᠢ ᠶᠢᠨ ᠣᠯᠠᠨ ᠶᠠᠩᠵᠤᠯᠠᠭᠰᠠᠨ ᠦᠢᠯᠡᠴᠢᠯᠡᠭᠡ ᠶᠢ ᠬᠠᠨᠭ᠍ᠭᠠᠪᠠ | | ᠨᠠᠮ ᠤᠨ ᠪᠠᠶᠢᠭᠤᠯᠤᠯᠲᠠ ᠳᠠᠭᠠᠭᠤᠯᠵᠤ ᠬᠥᠭᠵᠢᠯᠲᠡ ᠶᠢ ᠠᠬᠢᠭᠤᠯᠤᠯ᠎ᠠ᠃ ᠪᠠᠶᠢᠭᠤᠯᠤᠮᠵᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠳᠤᠮᠳᠠ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠲᠤ | ᠬᠦᠷᠢᠶᠡᠯᠡᠩ ᠲᠣᠭᠤᠷᠢᠭ ᠤᠨ ᠨᠠᠮ ᠤᠨ ᠡᠭᠦᠷ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠵᠢᠭᠠᠨ | ᠵᠢᠯᠣᠭᠤᠳᠤᠭᠴᠢ ᠶᠢ ᠰᠣᠩᠭᠤᠨ ᠲᠣᠮᠢᠯᠠᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢ ᠵᠣᠬᠢᠶᠠᠨ ᠪᠠᠶᠢᠭᠤᠯᠵᠤ ᠂ ︽ᠤᠯᠠᠭᠠᠨ ᠦᠢᠯᠡᠴᠢᠯᠡᠭᠡ ︾ ᠶᠢ ᠴᠢᠩᠭᠠᠳᠬᠠᠵᠤ ︽ᠤᠯᠠᠭᠠᠨ ᠪᠠᠬᠢᠯᠡᠯᠲᠡ︾ | ᠶᠢ ᠪᠠᠶᠢᠭᠤᠯᠤᠨ ᠬᠦᠴᠦᠷᠬᠡᠭᠵᠢᠭᠦᠯᠪᠡ᠃ ᠨᠡᠶᠢᠭᠡᠮ ᠲᠣᠭᠤᠷᠢᠭ ᠪᠠ ᠭᠡᠷ ᠲᠤ ᠪᠠᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠳᠤᠮᠳᠠ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠪᠠᠭ ᠤᠨ | ᠪᠠᠶᠢᠭᠤᠯᠤᠯᠲᠠ ᠶᠢ ᠴᠢᠩᠭᠠᠳᠬᠠᠵᠤ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠰᠠᠶᠢᠲᠤᠷ ᠠᠳᠬᠤᠵᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ | ᠂ ᠨᠡᠶᠢᠭᠡᠮ ᠲᠣᠭᠤᠷᠢᠭ ᠤᠨ ᠣᠯᠠᠨ ᠴᠢᠳᠠᠮᠵᠢᠲᠤ ᠠᠵᠢᠯᠯᠠᠭᠠᠨ ᠤ ᠥᠷᠥᠭᠡ᠂ ᠭᠡᠷ ᠲᠤ ᠪᠠᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡ ᠵᠡᠷᠭᠡ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠨ᠂ ︽ | 6+N︾ ᠢ ᠨᠠᠰᠤᠲᠠᠶᠢᠴᠤᠳ ᠲᠤ ᠦᠢᠯᠡᠴᠢᠯᠡᠬᠦ ᠲᠣᠳᠣᠷᠬᠠᠢ ᠬᠠᠭᠤᠳᠠᠰᠤ ᠶᠢ ᠲᠣᠭᠲᠠᠭᠠᠵᠤ ᠨᠠᠰᠤᠲᠠᠶᠢᠴᠤᠳ ᠲᠤ | ᠦᠢᠯᠡᠴᠢᠯᠡᠬᠦ ᠬᠡᠪᠴᠢᠶ᠎ᠡ ᠶᠢ ᠦᠷᠬᠡᠳᠭᠡᠭᠰᠡᠨ ᠪᠠᠶᠢᠨ᠎ᠠ᠃ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ ᠦᠢᠯᠡᠴᠢᠯᠡᠭᠡ ᠶᠢ ᠰᠢᠯᠢᠳᠡᠭᠵᠢᠬᠦᠯᠤᠯᠡ᠃ ᠦᠵᠤᠮᠤᠴᠢᠨ | ᠵᠡᠬᠦᠨ ᠬᠤᠰᠢᠭᠤᠨ ᠤ ᠣᠶᠤᠨᠴᠢ ᠲᠣᠬᠢᠷᠠᠭᠤᠯᠤᠯᠲᠠ ᠶᠢᠨ ᠲᠠᠪᠴᠠᠩ ᠢᠶᠠᠷ ᠲᠤᠯᠭᠠᠭᠤᠷᠢᠯᠠᠯ ᠪᠣᠯᠭᠠᠵᠤ ᠰᠦᠯᠵᠢᠶᠡᠨ ᠤ | ᠠᠵᠢᠯᠲᠠᠨ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤ ᠨᠢ ᠬᠦᠷᠴᠤ ᠰᠤᠷᠪᠤᠯᠵᠢᠯᠠᠬᠤ ᠪᠠᠷ ᠳᠡᠮᠵᠢᠨ ᠠᠷᠠᠳ ᠤᠨ | ᠶᠠᠪᠤᠳᠠᠯ ᠤᠨ ᠲᠤᠰᠠᠯᠠᠭᠴᠢ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠤᠷᠪᠤᠯᠵᠢᠯᠠᠬᠤ᠂ ᠭᠠᠴᠠᠭ᠎ᠠ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠠᠮ ᠤᠨ | ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︵ᠠᠶᠢᠨ ᠨᠠᠢ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ᠂ ︽ᠮᠠ ᠪᠧᠢ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠩᠭᠢ︶ ᠶᠢᠨ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠦᠢᠯᠡᠴᠢᠯᠡᠭᠡ ᠬᠤᠳᠠᠯᠳᠤᠨ ᠠᠪᠬᠤ᠂ ︽ᠲᠠᠪᠤᠨ ᠨᠡᠶᠢᠬᠡᠮ | ᠬᠤᠯᠪᠤᠭᠠᠯᠠᠨ ᠬᠥᠳᠡᠯᠦᠯᠴᠡᠬᠦ︾ ᠵᠡᠷᠭᠡ ᠠᠷᠭ᠎ᠠ ᠪᠠᠷ ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ ᠨᠠᠰᠤᠵᠢᠯ ᠤᠨ ᠦᠢᠯᠡᠴᠢᠯᠡᠭᠡ ᠶᠢ | ᠯᠠᠪᠳᠠᠭᠤᠨ ᠪᠠᠲᠤᠲᠠᠢ ᠥᠷᠨᠢᠭᠦᠯᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠨᠭ᠍ᠭᠠᠪᠠ᠃ | ︽ᠲᠣᠭᠲᠠᠮᠠᠯ + ᠰᠢᠯᠵᠢᠯᠲᠡ︾ ᠠᠷᠭ᠎ᠠ ᠨᠢ ᠠᠷᠠᠳ ᠤᠨ ᠰᠡᠳᠬᠢᠯ ᠢ ᠲᠤᠯᠠᠭᠠᠴᠠᠭᠤᠯᠪᠠ᠃ ᠠᠶᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠺᠣᠮᠫᠠᠨᠢ ᠳᠤ ᠲᠦᠰᠢᠭᠯᠡᠨ ᠣᠷᠣᠨ ᠪᠦᠰᠡ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠬᠡᠯᠬᠢᠶᠡᠵᠢᠭᠦᠯᠦᠨ ᠡᠵᠡᠩᠨᠡᠬᠦ ︽ᠲᠣᠭᠲᠠᠮᠠᠯ︾ | ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡ ᠬᠠᠩᠭᠠᠵᠤ ᠨᠡᠭᠦᠳᠡᠯ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ | ᠲᠤᠰᠬᠠᠢ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠬᠤ᠂ ᠮᠠᠯᠵᠢᠬᠤ ᠣᠷᠣᠨ ᠤ ᠬᠥᠷᠰᠢ ᠵᠡᠷᠭᠡᠯᠡᠳᠡᠭᠡ ᠶᠢᠨ | ᠬᠠᠷᠢᠯᠴᠠᠨ ᠬᠠᠪᠰᠤᠷᠴᠤ ᠬᠠᠷᠢᠯᠴᠠᠨ ᠲᠤᠰᠠᠯᠠᠬᠤ ᠶᠢ ᠬᠥᠭᠵᠢᠭᠦᠯᠬᠦ ᠵᠡᠷᠭᠡ ᠬᠡᠯᠪᠡᠷᠢ ᠪᠠᠷ ︽ᠭᠡᠷ ᠲᠤ ᠨᠢ ᠬᠦᠷᠴᠦ︾ | ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡ ᠥᠷᠨᠢᠭᠦᠯᠵᠦ᠂ ᠬᠤᠲᠠ ᠬᠦᠳᠡᠭᠡ ᠶᠢᠨ ᠨᠠᠰᠤᠲᠠᠶᠢᠴᠤᠳ ᠲᠤ ᠴᠥᠮ | ᠰᠠᠶᠢᠨ ᠰᠠᠶᠢᠬᠠᠨ ᠬᠠᠷᠠᠭᠠᠯᠵᠠᠯ ᠬᠦᠷᠳᠡᠬᠡᠪᠡ᠃ | ᠦᠵᠦᠮᠦᠴᠢᠨ ᠵᠡᠭᠦᠨ ᠬᠤᠰᠢᠭᠤ ᠶᠢᠨ ᠬᠢᠨ ᠣᠳᠣ ᠶᠠᠭ ᠨᠠᠰᠤᠵᠢᠯ ᠤᠨ ᠠᠰᠠᠷᠠᠮᠵᠢ ᠶᠢᠨ ᠠᠷᠭ᠎ᠠ ᠨᠤᠭᠤᠳ ᠢ | ᠬᠡᠷᠡᠭᠵᠢᠭᠦᠯᠬᠦ ᠪᠠᠷ ᠳᠡᠮᠵᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠢ ᠨᠠᠶᠢᠳᠠᠪᠤᠷᠢᠵᠢᠭᠤᠯᠵᠤ᠂ ᠨᠠᠩ | ᠥᠨᠳᠥᠷ ᠶᠠᠰᠤ ᠴᠢᠨᠠᠷ᠂ ᠨᠠᠩ ᠦᠷ᠎ᠡ ᠪᠦᠲᠦᠮᠵᠢ ᠲᠠᠢ᠂ ᠨᠠᠩ ᠲᠥᠪ ᠭᠤᠥᠯᠴᠢ᠂ ᠨᠠᠩ ᠲᠠᠭᠠᠭᠠᠮᠠᠭᠠᠢ᠂ ᠨᠠᠩ ᠠᠮᠤᠷ | ᠲᠦᠪᠰᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠᠷ ᠨᠠᠰᠤᠲᠠᠶᠢᠴᠤᠳ ᠤᠨ ᠠᠰᠠᠷᠠᠮᠵᠢ ᠲᠠᠢ᠂ ᠲᠦᠰᠢᠭ | ᠲᠤᠯᠭᠠᠭᠤᠷᠢ ᠲᠠᠢ᠂ ᠪᠠᠶᠠᠷ ᠴᠡᠩᠭᠡᠯ ᠲᠠᠢ᠂ ᠠᠮᠤᠷ ᠠᠮᠤᠭᠤᠯᠠᠩ ᠪᠠᠶᠢᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ | ᠪᠡᠶᠡᠯᠡᠭᠦᠯᠬᠦ ᠳᠤ ᠪᠠᠲᠤ ᠰᠠᠭᠤᠷᠢ ᠲᠠᠯᠪᠢᠵᠤ ᠪᠥᠬᠦ ᠬᠤᠰᠢᠭᠤᠨ ᠤ ᠨᠠᠰᠤᠲᠠᠶᠢᠴᠤᠳ ᠲᠤ ᠢᠲᠡᠭᠡᠭᠦᠰᠢᠲᠡᠢ ᠵᠣᠯ | ᠵᠢᠷᠭᠠᠯ ᠤᠨ ᠵᠢᠷᠤᠭ ᠲᠥᠰᠥᠪ ᠢ ᠵᠢᠷᠤᠬᠯᠠᠬᠰᠠᠭᠠᠷ ᠶᠠᠪᠤᠨ᠎ᠠ᠃ | | | | | | | |