ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | | ᠪᠤᠭᠤᠲᠤ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠯᠦ ᠴᠧᠩ ᠬᠤᠨᠭ᠌ ᠱᠧ︾ ᠪᠠᠷ | ᠳᠠᠭᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠠᠶᠢᠴᠢᠯᠠᠨ ᠠᠵᠤ ᠦᠢᠯᠡᠰ ᠬᠥᠭᠵᠢᠨ ᠮᠠᠨᠳᠤᠬᠤ᠂ ᠠᠮᠢ | ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ | ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ ︽ᠲᠠᠪᠤᠨ | ᠲᠠᠯ᠎ᠠ ᠪᠠᠷ ᠬᠦᠴᠦᠨ ᠨᠡᠮᠡᠷᠢᠯᠡᠬᠦ︾ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠶᠢ ᠳᠠᠶᠢᠴᠢᠯᠠᠬᠤ ᠬᠡᠷᠡᠭᠲᠡᠢ ᠭᠡᠵᠦ ᠤᠷᠢᠶᠠᠯᠠᠪᠠ᠃ ᠣᠲᠣ ᠪᠣᠯᠲᠠᠯ᠎ᠠ | ᠮᠢᠩᠭ᠎ᠠ ᠭᠠᠷᠤᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦ ᠨᠡᠮᠡᠷᠢᠯᠡᠵᠦ᠂ 200 ᠭᠠᠷᠤᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ 220 ᠲᠥᠷᠥᠯ ᠵᠦᠢᠯ ᠢ ᠲᠠᠨᠢᠨ ᠠᠪᠴᠤ ᠬᠡᠷᠡᠭᠵᠢᠭᠦᠯᠦᠨ᠂ ᠨᠡᠶᠢᠲᠡ 4249.17 ᠲᠦᠮᠡᠨ | ᠲᠥᠭᠦᠷᠢᠭ ᠤᠨ ᠪᠡᠯᠡ ᠮᠥᠩᠭᠦ ᠣᠷᠣᠭᠤᠯᠵᠤ᠂ 20 ᠲᠦᠮᠡ ᠰᠢᠬᠠᠮ ᠬᠥᠮᠥᠨ ᠤᠳᠠᠭ᠎ᠠ ᠳᠤ ᠰᠢᠭᠤᠳ ᠠᠰᠢᠭ | ᠬᠦᠷᠲᠡᠭᠡᠵᠦ᠂ ︽ᠢ ᠯᠦ ᠴᠢ︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠣᠷᠣᠯᠴᠠᠭᠰᠠᠨ ᠪᠤᠭᠤᠲᠤ ᠶᠢᠨ ᠨᠠᠷᠠᠲᠤ ᠲᠡᠮᠳᠡᠭᠲᠦ ᠶᠢ ᠡᠭᠦᠳᠦᠭᠰᠡᠨ ᠪᠠᠶᠢᠨ᠎ᠠ᠃ | | | ᠨᠡᠶᠢᠭᠡᠮ ᠤᠨ ᠶᠠᠪᠤᠳᠠᠯ | | | ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢᠨ ᠲᠣᠪᠴᠢᠶ᠎ᠠ ᠶᠢᠨ ᠬᠢᠨ ᠲᠠᠢ ᠬᠠᠮᠲᠤᠷᠠᠨ ︽ᠡᠷᠦᠬᠡ | ᠠᠮᠠ ᠶᠢᠨ ᠬᠠᠷᠢᠶ᠎ᠠ ᠶᠢᠨ ᠲᠥᠷᠥᠯ ᠤᠨ ᠡᠯᠧᠺᠲᠷᠣᠨ ᠦᠨᠡᠮᠯᠡᠯ ᠤᠨ ᠤᠷᠤᠭ ᠲᠠᠩᠰᠠᠯᠠᠬᠤ ᠠᠵᠢᠯ ︵ᠲᠤᠷᠰᠢᠨ | ᠬᠡᠷᠡᠭᠵᠢᠭᠦᠯᠬᠦ︶ ᠢ ᠰᠦᠪᠡᠭᠴᠢᠯᠡᠨ ᠥᠷᠨᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠪᠡ᠃ ᠡᠷᠦᠬᠡ ᠠᠮᠠ ᠶᠢᠨ ᠲᠠᠩᠰᠠ | ᠪᠠᠶᠢᠭ᠎ᠠ ᠭᠠᠵᠠᠷ ᠤᠨ ᠵᠠᠰᠠᠭ ᠤᠨ ᠶᠠᠪᠤᠳᠠᠯ ᠤᠨ APP ᠪᠤᠶᠤ ᠠᠯᠪᠠᠨ ᠤ ᠸᠢᠴᠠᠲ ᠢᠶᠠᠷ ᠬᠦᠴᠦᠨ ᠪᠦᠬᠦᠢ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠡᠯᠧᠺᠲᠷᠣᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ | ᠡᠯᠧᠺᠲᠷᠣᠨ ᠦᠨᠡᠮᠯᠡᠯ ᠢ ᠰᠢᠯᠵᠢᠭᠦᠯᠦᠨ ᠠᠪᠴᠤ ᠳᠡᠶᠢᠯᠬᠦ ᠳᠤ ᠭᠦᠷᠪᠡᠯ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ | ᠳᠡᠪᠲᠡᠷ ᠲᠠᠢ ᠠᠳᠠᠯᠢᠬᠠᠨ ᠬᠦᠴᠦᠨ ᠲᠠᠢ ᠪᠠᠶᠢᠵᠤ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠢ ᠬᠠᠩᠭᠠᠬᠤ | ᠴᠢᠬᠤᠯᠠ ᠦᠭᠡᠢ ᠪᠦᠬᠡᠳ ᠪᠠᠰᠨ ᠣᠷᠤᠭ ᠲᠠᠩᠰᠠᠯᠠᠭᠤᠯᠵᠤ ᠪᠣᠯᠣᠨ᠎ᠠ᠃ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ | ᠳᠡᠪᠲᠡᠷ ᠵᠡᠷᠭᠡ ᠡᠯᠧᠺᠲᠷᠣᠨ ᠦᠨᠡᠮᠯᠡᠯ ᠢ ᠲᠦᠷ ᠬᠠᠩᠭᠠᠵᠤ ᠳᠡᠶᠢᠯᠬᠦ ᠦᠭᠡᠢ ᠪᠣᠯ ᠮᠥᠨ ᠯᠡ ᠵᠣᠬᠢᠬᠤ ᠴᠠᠭᠠᠰᠤᠨ | ᠮᠠᠲ᠋ᠧᠷᠢᠶᠠᠯ ᠢ ᠬᠠᠩᠭᠠᠵᠤ ᠤᠷᠤᠭ ᠲᠠᠩᠰᠠᠯᠠᠭᠤᠯᠬᠤ ᠴᠢᠬᠤᠯᠠᠲᠠᠢ᠃ | | | ᠨᠠᠰᠤᠵᠢᠯ ᠤᠨ ᠦᠢᠯᠡᠴᠢᠯᠡᠭᠡ | | | ᠪᠠᠶᠠᠨᠨᠠᠭᠤᠷ ᠬᠤᠲᠠ ᠰᠢᠶᠠᠨ᠂ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠣᠲᠣ ᠪᠣᠯᠲᠠᠯ᠎ᠠ᠂ ᠪᠥᠬᠦ | ᠬᠤᠲᠠ ᠳᠤ ᠨᠢᠭᠡᠨᠲᠡ 45 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠰᠢᠶᠠᠩ | ᠪᠠᠯᠭᠠᠰᠤᠨ ᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 91.84% ᠳᠤ ᠬᠦᠷᠴᠡᠢ᠃ ᠡᠭᠦᠨ ᠠᠴᠠ ᠭᠠᠳᠠᠨ᠎ᠠ | ᠬᠥᠳᠡᠭᠡ ᠲᠣᠰᠬᠤᠨ ᠤ ᠰᠤᠯᠠ ᠪᠠᠶᠢᠬᠤ ᠭᠡᠷ ᠪᠠᠶᠢᠰᠢᠩ ᠳᠤ ᠲᠦᠰᠢᠭᠯᠡᠨ 156 ᠲᠣᠰᠬᠤᠨ ᠤ ᠲᠠᠰ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠭᠡᠷ ᠲᠤ ᠪᠠᠨ ᠬᠤᠴᠣᠷᠤᠭᠰᠠᠨ | ᠨᠠᠰᠤᠲᠠᠶᠢᠴᠤᠳ ᠤᠨ ᠨᠤᠲᠤᠭ ᠠᠴᠠ ᠪᠠᠨ ᠥᠯᠥ ᠰᠠᠯᠬᠤ᠂ ᠭᠠᠵᠠᠷ ᠰᠢᠷᠣᠢ ᠠᠴᠠ ᠪᠠᠨ ᠥᠯᠥ ᠰᠠᠯᠬᠤ ᠨᠠᠰᠤᠵᠢᠯ ᠤᠨ | ᠠᠰᠠᠷᠠᠮᠵᠢ ᠶᠢᠨ ᠬᠡᠷᠡᠭᠴᠡᠭᠡ ᠶᠢ ᠬᠠᠩᠭᠠᠨ᠎ᠠ᠃ | | | ᠬᠡᠦᠬᠡᠳ ᠤᠨ ᠠᠰᠠᠷᠠᠮᠵᠢ | | | ᠬᠥᠯᠥᠨ ᠪᠤᠶᠢᠷ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ ᠤᠷᠴᠢᠮ ᠳᠤ ᠪᠡᠯᠭᠡᠯᠡᠬᠦ | ᠠᠵᠢᠯᠯᠠᠭ᠎ᠠ ᠡᠷᠭᠢᠯᠡᠵᠦ᠂ ᠰᠢᠨ᠎ᠡ ᠰᠤᠷᠤᠯᠭ᠎ᠠ ᠶᠢᠨ ᠵᠢᠯ ᠤᠨ 11 ᠬᠡᠦᠬᠡᠳ ᠴᠢᠷᠮᠠᠶᠢᠯᠭ᠎ᠠ ᠪᠠᠷ ᠢᠶᠠᠨ ᠬᠦᠰᠡᠵᠤ | ᠪᠠᠶᠢᠬᠰᠠᠨ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠵᠤ᠂ 18 ᠬᠡᠦᠬᠡᠳ ᠲᠣᠰ ᠲᠣᠰ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠠᠮᠢᠳᠤᠷᠠᠯ ᠤᠨ | ᠰᠢᠨ᠎ᠡ ᠱᠠᠲᠤᠨ ᠳᠤ ᠣᠷᠣᠭᠰᠠᠨ ᠢ ᠪᠡᠯᠬᠡᠯᠡᠭᠰᠡᠨ ᠤ ᠬᠠᠮᠲᠤ ᠰᠤᠷᠭᠠᠭᠤᠯᠢ ᠳᠤ ᠪᠠᠶᠢᠭ᠎ᠠ ᠬᠡᠦᠬᠡᠳ ᠢ ᠵᠣᠷᠢᠭᠵᠢᠭᠤᠯᠤᠨ | ᠬᠦᠰᠡᠯᠡᠩ ᠤᠨ ᠢᠶᠠᠨ ᠲᠥᠯᠥᠭᠡ ᠴᠢᠷᠮᠠᠶᠢᠨ ᠲᠡᠮᠡᠴᠡᠬᠦ ᠲᠡᠶᠢᠰᠢ ᠲᠠᠶᠢᠴᠢᠯᠠᠪᠠ᠃ | | | ᠣᠷᠣᠨ ᠤ ᠭᠠᠳᠠᠨᠠᠬᠢ ᠮᠡᠳᠡᠭᠡ | | | ᠬᠤᠨᠠᠨ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ︽ᠬᠦᠴᠢᠷᠳᠡᠯᠲᠡᠢ ᠣᠯᠠᠨ | ᠲᠦᠮᠡᠨ ᠢ ᠲᠤᠰᠠᠯᠠᠬᠤ ᠪᠡᠯᠡ ᠮᠥᠩᠭᠦ ᠶᠢ ᠬᠢᠨᠠᠨ ᠪᠠᠶᠢᠴᠠᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ | ᠠᠷᠭ᠎ᠠ ᠳᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠬᠢᠨ ᠲᠠᠢ ᠬᠠᠮᠵᠢᠯᠴᠠᠨ ᠬᠦᠴᠢᠷᠳᠡᠯᠲᠡᠢ ᠣᠯᠠᠨ ᠲᠦᠮᠡᠨ ᠢ ᠲᠤᠰᠠᠯᠠᠬᠤ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠪᠡᠯᠡ | ᠮᠥᠩᠭᠦ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠲᠤᠰᠠᠯᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠦᠴᠢᠷᠳᠡᠯᠲᠡᠢ ᠣᠯᠠᠨ | ᠲᠦᠮᠡᠨ ᠢ ᠲᠤᠰᠠᠯᠠᠬᠤ ᠪᠡᠯᠡ ᠮᠥᠩᠭᠦ ᠶᠢ ᠲᠥᠰᠥᠭᠡᠯᠡᠨ ᠪᠤᠳᠤᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ | ᠱᠠᠭᠠᠷᠳᠠᠬᠰᠠᠨ ᠪᠠᠶᠢᠨ᠎ᠠ᠃ | | | | | | | | | | |