ᠠᠷᠠᠳ ᠤᠨ ᠶᠠᠪᠤᠳᠠᠯ ᠤᠨ ᠶᠠᠮᠤᠨ | | | ᠮᠠᠨ ᠤ ᠤᠯᠤᠰ ᠤᠨ ᠠᠷᠠᠳ ᠤᠨ ᠶᠠᠪᠤᠳᠠᠯ ᠤᠨ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠳᠤ ᠬᠢ | ᠠᠩᠬᠠᠳᠠᠭᠴᠢ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠪᠤᠯᠬᠤ ᠠᠷᠠᠳ ᠤᠨ ᠶᠠᠪᠤᠳᠠᠯ ᠤᠨ ᠠᠵᠢᠯ ᠮᠡᠷᠭᠡᠵᠢᠯ ᠤᠨ | ᠶᠡᠭᠡ ᠰᠤᠷᠭᠠᠭᠤᠯᠢ ᠤᠷᠴᠢᠮ ᠳᠤ ᠪᠠᠶᠢᠭᠤᠯᠤᠭᠳᠠᠪᠠ᠃ ᠠᠷᠠᠳ ᠤᠨ ᠶᠠᠪᠤᠳᠠᠯ ᠤᠨ ᠠᠵᠢᠯ ᠮᠡᠷᠭᠡᠵᠢᠯ ᠤᠨ ᠶᠡᠭᠡ | ᠰᠤᠷᠭᠠᠭᠤᠯᠢ ᠣᠶᠤᠨᠴᠢ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠬᠠᠮᠢᠶᠠᠷᠤᠯᠲᠠ᠂ ᠰᠤᠪᠢᠯᠠᠯᠲᠠ᠂ | ᠨᠡᠶᠢᠭᠡᠮ ᠤᠨ ᠠᠵᠢᠯ᠂ ᠣᠲᠣ ᠦᠶ᠎ᠡ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠵᠡᠷᠭᠡ 25 ᠵᠢᠩᠬᠢᠨᠢ ᠠᠩᠭᠢ ᠪᠠ | ᠲᠤᠰᠬᠠᠢ ᠮᠡᠷᠭᠡᠵᠢᠯ ᠤᠨ ᠠᠩᠭᠢ ᠶᠢᠨ ᠲᠤᠰᠬᠠᠢ ᠮᠡᠷᠭᠡᠵᠢᠯ ᠢ ᠨᠡᠭᠡᠭᠡᠵᠦ᠂ ᠡᠭᠦᠨ ᠳᠤ 7 ᠲᠤᠰᠬᠠᠢ ᠮᠡᠷᠭᠡᠵᠢᠯ ᠨᠢ | ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ | ᠡᠭᠦᠳᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ ᠶᠢᠨ ᠭᠤᠣᠯᠯᠠᠭᠴᠢ ᠲᠤᠰᠬᠠᠢ ᠮᠡᠷᠭᠡᠵᠢᠯ ᠢᠶᠠᠷ ᠦᠨᠡᠯᠡᠭᠳᠡᠵᠡᠢ᠃ | | | ᠨᠡᠶᠢᠭᠡᠮ ᠤᠨ ᠶᠠᠪᠤᠳᠠᠯ | | | ᠤᠯᠠᠭᠠᠨᠴᠠᠪ ᠤᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ ᠨᠡᠶᠢᠭᠡᠮ ᠲᠣᠭᠤᠷᠢᠭ ᠤᠨ | ᠡᠷᠡᠭᠦᠯᠵᠢᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ | ᠮᠥᠴᠢᠷ ᠤᠨ ᠬᠢᠨ ᠢ ᠢᠳᠡᠪᠬᠢᠲᠡᠢ ᠵᠣᠬᠢᠴᠠᠭᠤᠯᠵᠤ᠂ ︽ᠲᠥᠪ + ᠥᠷᠲᠡᠭᠡ ᠴᠡᠭ︾ ᠤᠨ ᠵᠠᠭᠪᠤᠷ ᠶᠣᠰᠣᠭᠠᠷ | ᠥᠷᠲᠡᠭᠡ ᠴᠡᠭ ᠤᠨ ᠦᠢᠯᠡᠴᠢᠯᠡᠭᠡ ᠪᠠᠷ ᠰᠠᠭᠤᠷᠢ ᠪᠣᠯᠭᠠᠭᠰᠠᠨ᠂ ᠪᠠᠶᠢᠭᠤᠯᠤᠮᠵᠢ ᠶᠢᠨ ᠦᠢᠯᠡᠴᠢᠯᠡᠭᠡ ᠪᠠᠷ | ᠲᠤᠯᠭᠠᠭᠤᠷᠢᠯᠠᠯ ᠪᠣᠯᠭᠠᠭᠰᠠᠨ᠂ ᠣᠶᠤᠨ ᠤ ᠰᠠᠭᠠᠳ ᠲᠠᠢ ᠬᠦᠮᠦᠰ ᠪᠠᠶᠢᠭ᠎ᠠ ᠤᠨ ᠨᠡᠶᠢᠭᠡᠮ ᠲᠣᠭᠤᠷᠢᠭ ᠤᠨ | ᠨᠡᠶᠢᠭᠡᠮᠴᠢᠯᠡᠭᠰᠡᠨ᠂ ᠶᠡᠷᠦᠩᠬᠡᠶᠢᠯᠡᠭᠰᠡᠨ᠂ ᠨᠡᠭᠡᠭᠡᠯᠲᠡᠲᠤ ᠡᠷᠡᠭᠦᠯᠵᠢᠯ ᠤᠨ ᠰᠢᠰᠲ᠋ᠧᠮ ᠢ ᠪᠠᠶᠢᠭᠤᠯᠤᠨ᠎ᠠ᠃ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠴᠡᠭ ᠢ ᠨᠡᠶᠢᠯᠡᠭᠦᠯᠵᠦ ᠠᠰᠢᠭᠯᠠᠨ᠂ ᠣᠶᠤ᠋ ᠤ | ᠰᠠᠭᠠᠳ ᠲᠠᠢ ᠬᠦᠮᠦᠰ ᠢ ᠡᠷᠡᠬᠦᠯᠵᠢᠬᠦᠯᠬᠦ ᠦᠢᠯᠡᠴᠢᠯᠡᠭᠡᠨ ᠤ ᠴᠢᠳᠠᠮᠵᠢᠲᠤ ᠣᠷᠣᠨ ᠪᠦᠰᠡ ᠶᠢ ᠪᠣᠶ ᠪᠣᠯᠭᠠᠵᠤ᠂ | ᠦᠢᠯᠡᠴᠢᠯᠡᠭᠡ ᠬᠦᠷᠳᠡᠭᠰᠡᠳ ᠤᠨ ᠣᠶᠢᠷ᠎ᠠ ᠬᠠᠪᠢ ᠳᠤ ᠪᠠᠨ᠂ ᠲᠥᠬᠦᠮ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ | ᠦᠢᠯᠡᠴᠢᠯᠡᠭᠡ ᠭᠥᠷᠳᠡᠬᠦ ᠶᠢ ᠦᠨᠡᠨ ᠬᠦ ᠪᠠᠲᠤᠯᠠᠬᠤ ᠪᠤᠯᠤᠨ᠎ᠠ᠃ | ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽ᠰᠢᠨ᠎ᠡ | ᠬᠤᠲᠠ ᠶᠢᠨ ᠠᠷᠠᠳ ᠢ ᠵᠣᠷᠢᠭᠵᠢᠭᠤᠯᠤᠨ ︿ᠦᠶᠦᠭ ᠳᠤᠯᠠᠭᠠᠨ ᠬᠤᠲᠠ﹀ ᠶᠢᠨ ᠣᠷᠤᠭ ᠲᠠᠩᠰᠠᠯᠠᠭᠤᠯᠬᠤ ᠲᠤᠬᠠᠢ | ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠲᠣᠰ ᠡᠳᠦᠷ ᠠᠴᠠ ᠡᠬᠢᠯᠡᠨ ︽ᠰᠢᠨ᠎ᠡ | ᠬᠤᠲᠠ ᠶᠢᠨ ᠠᠷᠠᠳ︾ ᠣᠷᠳᠣᠰ ᠬᠤᠲᠠ ᠳᠤ ᠣᠷᠤᠭ ᠲᠠᠩᠰᠠᠯᠠᠭᠤᠯᠪᠠ᠂ 1000 ᠲᠥᠭᠦᠷᠢᠭ ᠤᠨ ︽ᠣᠯᠠᠨ | ᠦᠨᠡᠯᠡᠯᠲᠡ︾ ᠶᠢᠨ ᠡᠳ᠋ ᠪᠣᠳᠠᠰ ᠤᠨ ᠬᠤᠪᠢ ᠬᠤᠷᠠᠮᠳᠤᠭᠤᠯᠬᠤ ᠱᠠᠩᠨᠠᠯ ᠭᠥᠷᠳᠡᠵᠦ᠂ ︽ᠣᠯᠠᠨ ᠦᠨᠡᠯᠡᠯᠲᠡ︾ | ᠶᠢᠨ ᠲᠠᠪᠴᠠᠩ ᠳᠤ ᠣᠷᠣᠵᠤ ᠬᠤᠷᠢᠮ ᠤᠨ ᠰᠡᠭᠦᠳᠡᠷ ᠲᠠᠲᠠᠬᠤ ᠳᠤ ᠬᠠᠨᠳᠤᠯᠭ᠎ᠠ ᠲᠠᠢ ᠪᠠᠷ ᠬᠡᠷᠡᠭᠯᠡᠨ᠎ᠡ᠃ ᠬᠤᠲᠠ | ᠬᠤᠰᠢᠭᠤ ᠬᠤᠶᠠᠷ ᠱᠠᠲᠤᠨ ᠤ ᠬᠢᠨ 1000 ᠲᠥᠭᠦᠷᠢᠭ ᠤᠨ ︽ᠤᠯᠠᠨ ᠦᠨᠡᠯᠡᠯᠳᠡ︾ ᠶᠢᠨ ᠪᠣᠳᠠᠰ ᠤᠨ | ᠱᠠᠩᠨᠠᠯ ᠤᠨ ᠬᠤᠷᠠᠮᠳᠤᠯ ᠬᠤᠪᠢ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ | | | ᠨᠠᠰᠤᠵᠢᠯ ᠤᠨ ᠦᠢᠯᠡᠴᠢᠯᠡᠭᠡ | | | ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠲᠠᠰ ᠲᠥᠷᠥᠯ ᠬᠤᠪᠢᠶᠠᠨ | ᠬᠤᠭᠤᠯᠠ ᠤᠮᠳᠠ ᠳᠤ ᠲᠤᠰᠠᠯᠠᠬᠤ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠨᠡ ᠵᠢᠯ ᠤᠨ | ᠡᠭᠦᠷᠭᠡ ᠶᠢᠨ 79% ᠶᠢᠨ ᠬᠤᠭᠤᠯᠠ ᠤᠮᠳᠠ ᠳᠤ ᠲᠤᠰᠠᠯᠠᠬᠤ ᠴᠡᠭ ᠢ ᠲᠥᠪ ᠬᠤᠲᠠ ᠪᠠᠯᠭᠠᠰᠤᠨ ᠳᠤ ᠪᠠᠶᠢᠭᠤᠯᠵᠤ᠂ | ᠲᠥᠪᠯᠡᠷᠡᠩᠭᠦᠢ ᠪᠤᠶᠤ ᠭᠡᠷ ᠲᠤ ᠨᠢ ᠬᠦᠷᠴᠦ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠬᠠᠨᠭ᠍ᠭᠠᠬᠰᠠᠨ | ᠪᠠᠶᠢᠨ᠎ᠠ᠃ 21% ᠶᠢᠨ ᠬᠤᠭᠤᠯᠠᠨ ᠭᠡᠷ ᠢ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠰᠤᠮᠤ ᠰᠢᠶᠠᠩ | ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠪᠠᠶᠢᠭᠤᠯᠵᠤ᠂ ᠰᠤᠮᠤ ᠰᠢᠶᠠᠩ | ᠪᠠᠯᠭᠠᠰᠤ ᠶᠢᠨ ᠬᠤᠭᠤᠯᠠᠨ ᠭᠡᠷ ᠲᠤ ᠲᠦᠰᠢᠭᠯᠡᠨ ᠨᠠᠰᠤᠲᠠᠨ ᠢ ᠲᠤᠰᠠᠯᠠᠬᠤ ᠬᠤᠭᠤᠯᠠᠨ ᠭᠡᠷ ᠪᠠᠶᠢᠭᠤᠯᠪᠠ᠃ ᠪᠤᠶᠢᠳᠠ | ᠪᠥᠭᠯᠡᠭᠦᠦ ᠭᠠᠵᠠᠷ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠰᠤᠮᠤ ᠰᠢᠶᠠᠩ ᠪᠠᠯᠭᠠᠰᠤ ᠪᠣᠯᠣᠨ ᠭᠠᠴᠠᠭ᠎ᠠ | ᠲᠣᠰᠬᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠳᠤ᠂ ᠥᠪᠡᠰᠦᠪᠡᠨ | ᠦᠢᠯᠡᠴᠢᠯᠡᠬᠦ ᠲᠥᠬᠦᠮ ᠬᠤᠭᠤᠯᠠᠨ ᠤ ᠴᠡᠭ ᠪᠠᠶᠢᠭᠤᠯᠬᠤ ᠠᠷᠭ᠎ᠠ ᠪᠠᠷ ᠳᠠᠮᠵᠢᠭᠤᠯᠤᠨ᠂ ᠲᠥᠪ ︵ᠥᠷᠲᠡᠭᠡ︶ ᠤᠨ | ᠬᠤᠭᠤᠯᠠ ᠤᠮᠳᠠ ᠳᠤ ᠲᠤᠰᠠᠯᠠᠬᠤ ᠠᠰᠠᠭᠤᠳᠠᠯ ᠢ ᠰᠢᠢᠳᠪᠤᠷᠢᠯᠡᠬᠡᠳ ᠣᠲᠣ ᠪᠣᠯᠲᠠᠯ᠎ᠠ 94 ᠨᠠᠰᠤᠲᠠᠶᠢᠴᠤᠳ ᠲᠤ | ᠲᠤᠰᠠᠯᠠᠬᠤ ᠬᠤᠭᠤᠯᠠᠨ ᠭᠡᠷ ᠲᠠᠢ ᠪᠤᠯᠤᠬᠰᠠᠨ ᠤ ᠲᠤᠳᠤᠷ᠎ᠠ ᠬᠤᠲᠠ ᠪᠠᠯᠭᠠᠰᠤ ᠳᠤ 65᠂ ᠮᠠᠯᠵᠢᠬᠤ ᠲᠠᠷᠢᠶᠠᠯᠠᠬᠤ | ᠣᠷᠣᠨ ᠳᠤ 29 ᠪᠣᠶ᠃ | | ᠨᠢᠬᠦᠯᠡᠰᠤᠩᠬᠦᠢ ᠶᠢᠨ ᠦᠢᠯᠡᠰ ᠢ ᠠᠬᠢᠭᠤᠯᠬᠤ | | | ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠡᠯ᠎ᠡ ᠬᠤᠰᠢᠭᠤ ᠬᠤᠲᠠ ᠶᠢᠨ | ᠲᠣᠭᠤᠷᠢᠭ ᠢ ᠵᠢᠯᠤᠭᠤᠳᠴᠤ ᠪᠠᠶᠢᠭᠠᠳ ᠶᠢᠰᠦᠳᠦᠭᠡᠷ ︽ᠳᠤᠮᠳᠠᠳᠤ ᠶᠢᠨ ᠨᠢᠭᠦᠯᠡᠰᠦᠩᠭᠦᠢ ᠶᠢᠨ ᠡᠳᠦᠷ︾ ᠲᠤ ︽ | ᠪᠤᠶᠠᠨᠰᠠᠭ ᠦᠢᠯᠨ ᠶᠢ ᠮᠣᠷᠠᠯ ᠢ ᠳᠡᠭᠡᠳᠦᠯᠡᠨ ᠬᠠᠤᠯᠢ ᠶᠤᠰᠣᠭᠠᠷ ᠦᠢᠯᠡᠳᠤᠶᠡ︾ ᠬᠡᠬᠦ ᠭᠤᠣᠯ ᠰᠡᠳᠦᠪ ᠤᠨ | ᠲᠣᠭᠤᠷᠢᠨ ᠳᠤ ᠪᠠᠶᠠᠯᠢᠭ ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ 30 ᠭᠠᠷᠤᠢ | ᠨᠡᠶᠢᠭᠡᠮ ᠤᠨ ᠠᠵᠢᠯ ᠤᠨ ᠪᠠᠶᠢᠭᠤᠯᠤᠮᠵᠢ ᠪᠣᠯᠣᠨ ᠨᠢᠭᠦᠯᠡᠰᠦᠩᠭᠦᠢ ᠶᠢᠨ ᠦᠢᠯᠡᠰ ᠤᠨ ᠵᠣᠬᠢᠶᠠᠨ ᠪᠠᠶᠢᠭᠤᠯᠤᠯᠲᠠ | ᠬᠠᠮᠲᠤᠷᠠᠨ ᠠᠵᠢᠯᠯᠠᠭ᠎ᠠ ᠥᠷᠨᠢᠭᠦᠯᠵᠦ᠂ ᠨᠡᠶᠢᠲᠡ 6.6 ᠲᠦᠮᠡ ᠭᠠᠷᠤᠢ ᠲᠥᠭᠦᠷᠢᠭ ᠤᠨ ᠨᠢᠬᠦᠯᠡᠰᠤᠩᠭᠦᠶ᠋ᠢ ᠶᠢᠨ | ᠮᠥᠩᠭᠦ ᠴᠤᠭᠯᠠᠭᠤᠯᠵᠤ᠂ 800 ᠬᠥᠮᠥᠨ ᠨᠢᠬᠦᠯᠡᠰᠤᠩᠭᠦᠢ ᠶᠢᠨ ᠠᠯᠪᠠᠨ ᠵᠢᠷᠤᠮ ᠤᠨ ᠡᠮᠴᠢᠯᠡᠭᠡ ᠬᠢᠵᠦ᠂ 8500 | ᠭᠠᠷᠤᠢ ᠲᠥᠭᠦᠷᠢᠭ ᠤᠨ ᠨᠢᠬᠦᠯᠡᠰᠤᠩᠭᠦᠢ ᠶᠢᠨ ᠠᠯᠪᠠᠨ ᠵᠢᠷᠤᠮ ᠤᠨ ᠬᠤᠳᠠᠯᠳᠤᠭ᠎ᠠ ᠬᠢᠵᠦ᠂ 4900 ᠭᠠᠷᠤᠢ | ᠬᠠᠭᠤᠳᠠᠰᠤ ᠤᠬᠠᠭᠤᠯᠭ᠎ᠠ ᠶᠢᠨ ᠨᠤᠭᠤᠯᠤᠭᠠᠰᠤ ᠶᠢ ᠲᠠᠷᠬᠠᠭᠠᠵᠤ᠂ ᠨᠡᠶᠢᠳᠡ 3.2 ᠲᠦᠮᠡᠨ ᠬᠥᠮᠥᠨ ᠠᠵᠢᠯᠯᠠᠭ᠎ᠠ ᠳᠤ | ᠤᠷᠤᠯᠴᠠᠬᠰᠠᠨ ᠪᠠᠶᠢᠨ᠎ᠠ᠃ | | | | | | | | | |