ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/11
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠠᠨ ᠷᠦᠨ ᠱᠧᠩ ᠲᠣᠰ ᠲᠣᠰ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠪᠣᠯᠣᠨ ᠤᠯᠠᠭᠠᠨᠴᠠᠪ ᠤᠨ ᠾᠧᠨᠠᠨ ᠤ ᠬᠤᠳᠠᠯᠳᠤᠭᠠᠴᠢᠳ ᠤᠨ ᠡᠪᠯᠡᠯ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃   ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠶᠤᠤ ᠶᠦᠩ ᠪᠥᠸᠧ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠲᠥᠷᠥᠭᠳᠡᠯ ᠢᠶᠠᠨ ᠤᠯᠠᠨ ᠲᠠᠢ ᠬᠤᠪᠢᠶᠠᠯᠴᠠᠯ᠎ᠠ᠃      ᠶᠤᠤ ᠶᠦᠩ ᠪᠥᠸᠧ᠄ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠪᠣᠯᠣᠨ ᠦᠨᠳᠦᠰᠦᠨ ᠵᠠᠮ ᠢ ᠵᠢᠭᠠᠵᠤ ᠥᠭᠴᠡᠢ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠨᠠᠮ ᠤᠨ ᠲᠥᠪ ᠬᠤᠷᠢᠶᠠᠨ ᠤ ᠭᠠᠷᠭᠠᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︿ᠲᠤᠰ ᠪᠡᠶ᠎ᠡ ᠶᠢᠨ ᠣᠨᠴᠠᠯᠢᠭ ᠲᠠᠢ ᠥᠭᠡᠷᠡᠴᠢᠯᠡᠯᠲᠡ﹀ ᠶᠢ ᠰᠠᠨᠠᠭᠠᠴᠢᠯᠠᠭ᠎ᠠ ᠠᠴᠠ  ᠪᠠᠨ ᠰᠦᠪᠡᠭᠴᠢᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︿ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ﹀ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ  ᠤᠨ ᠲᠥᠪ ᠬᠤᠷᠢᠶ᠎ᠠ ᠠᠴᠠ ᠮᠠᠨ  ᠤ ᠣᠷᠣᠨ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠵᠤ ᠠᠬᠤᠶᠢᠯᠠᠯ  ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠬᠡᠷᠡᠭᠲᠡᠢ︾ ᠬᠡᠪᠡ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠬᠦᠯᠡᠭᠴᠢ ᠯᠥᠸᠧ ᡁᠢ ᠬᠤ᠋ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠭᠦᠳᠡ ᠬᠤᠷᠠᠯ ᠤᠨ ︽ᠲᠣᠭᠲᠠᠭᠠᠯ︾ ᠤᠨ ᠲᠣᠭᠤᠷᠢᠨ ᠳᠤ  ᠥᠭᠡᠷᠡᠴᠢᠯᠡᠯᠲᠡ ᠶᠢ ᠪᠦᠬᠦ ᠲᠠᠯ᠎ᠠ  ᠪᠠᠷ ᠤᠯᠠᠮ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ ᠵᠡᠷᠭᠡ ᠲᠠᠯ᠎ᠠ  ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠲᠠᠶᠢᠯᠪᠤᠷᠢᠯᠠᠵᠤ᠂ ︿ᠲᠣᠭᠲᠠᠭᠠᠯ﹀ ᠳᠤ  ᠬᠢ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠭᠠᠷᠭᠠᠭᠰᠠᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ  ᠶᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠣᠳᠠᠲᠠᠢ ᠲᠠᠢ ᠤᠶᠠᠯᠳᠤᠭᠤᠯᠤᠨ ᠭᠦᠨᠵᠡᠭᠡᠢ ᠲᠠᠶᠢᠯᠪᠤᠷᠢᠯᠠᠬᠰᠠᠨ ᠪᠥᠭᠡᠳ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ︽ᠬᠦᠴᠦ ᠣᠷᠣᠭᠤᠯᠬᠤ︾ ᠲᠠᠪᠤᠨ ᠱᠠᠭᠠᠷᠳᠠᠯᠭ᠎ᠠ ᠶᠢ ᠲᠤᠷᠠᠳᠤᠯ᠎ᠠ᠃    ᠤᠯᠠᠭᠠᠨᠴᠠᠪ ᠤᠨ ᠾᠧᠨᠠᠨ ᠤ ᠬᠤᠳᠠᠯᠳᠤᠭᠠᠴᠢᠳ ᠤᠨ ᠡᠪᠯᠡᠯ ᠳᠤ ᠠᠨ ᠷᠦᠨ ᠱᠧᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠢ ᠬᠤᠷᠠᠯᠳᠤᠭᠤᠯᠤᠭᠰᠠᠨ ᠠᠬᠤᠢ ᠪᠠᠶᠢᠳᠠᠯ᠂ ᠭᠤᠣᠯ ᠠᠭᠤᠯᠭ᠎ᠠ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠵᠥᠪ ᠣᠶᠢᠯᠠᠭᠠᠬᠤ ᠲᠠᠢ ᠨᠢᠭᠲᠠ ᠤᠶᠠᠯᠳᠤᠭᠤᠯᠤᠨ᠂ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠵᠤ᠂ ᠪᠤᠰᠤᠳᠴᠢ ᠵᠠᠳᠠᠯᠤᠯᠲᠠ ᠪᠠ ᠭᠦᠨᠵᠡᠭᠡᠢ ᠲᠠᠶᠢᠯᠤᠮᠵᠢ ᠬᠢᠵᠡᠢ᠃ ᠠᠨ ᠷᠦᠨ ᠱᠸᠡᠭ᠄ ︽ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠡᠪᠲᠡᠷᠬᠡᠢ ᠣᠶᠢᠯᠠᠭᠠᠬᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠂ ᠪᠣᠳᠠᠲᠤ ᠦᠷ᠎ᠡ ᠪᠦᠲᠦᠮᠵᠢ ᠣᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂  ᠴᠢᠨᠠᠷᠵᠢᠭᠤᠨ ᠦᠢᠯᠡᠴᠢᠯᠡᠭᠡ᠂ ᠯᠠᠪᠳᠠᠭᠤᠨ ᠪᠠᠲᠤᠲᠠᠢ ᠰᠤᠷᠲᠠᠯ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠠᠷ ︿ᠬᠤᠶᠠᠷ ᠡᠷᠡᠭᠦᠯ ᠮᠡᠨᠳᠦ﹀ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠳᠡᠮᠵᠢᠬᠦ ᠬᠡᠷᠡᠭᠲᠡᠢ︾ ᠭᠡᠵᠦ ᠱᠠᠭᠠᠷᠳᠠᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号