ᠯᠢ ᠴᠢᠶᠠᠩ ᠤᠯᠠᠨ ᠤᠯᠤᠰ ᠤᠨ ᠠᠲ᠋ᠣᠮ ᠤᠨ ᠡᠨᠧᠷᠭᠢ ᠶᠢᠨ ᠪᠠᠶᠢᠭᠤᠯᠤᠮᠵᠢ ᠶᠢᠨ 68 ᠳ᠋ᠤᠭᠠᠷ ᠬᠤᠭᠤᠴᠠᠭᠠᠨ ᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/9/18
     ᠰᠢᠠᠬᠤᠧᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠭᠢᠯᠭᠠᠨ ᠮᠠᠲᠡᠭᠡ ᠲᠥᠷᠥ ᠶᠢᠨ ᠶᠠᠪᠤᠲᠠᠯ ᠤᠨ ᠬᠤᠷᠢᠶᠠᠨ ᠤ ᠶᠠᠷᠣᠩᠭᠡᠢ ᠰᠠᠶᠢᠣᠠ ᠯᠢ ᠴᠢᠶᠠᠩ 9 ᠳ᠋ᠦ᠋ᠭᠡᠷ ᠰᠠᠷ᠎ᠠ ᠶᠢᠨ 16 ᠤ ᠡᠳᠦᠷ ᠤᠯᠠᠨ ᠤᠯᠤᠰ ᠤᠨ ᠠᠲ᠋ᠤᠮ ᠤᠨ ᠡᠨᠧᠷᠭᠢ ᠶᠢᠨ ᠪᠠᠶᠢᠭᠤᠯᠤᠮᠵᠢ ᠶᠢᠨ 68 ᠳ᠋ᠤᠭᠠᠷ ᠬᠤᠭᠤᠴᠠᠭᠠᠨ ᠤ ᠶᠡᠭᠡ ᠬᠤᠷᠠᠯ ᠳᠤ ᠪᠠᠶᠠᠷ ᠤᠨ ᠵᠠᠭᠢᠲᠠᠯ ᠢᠯᠡᠬᠡᠪᠡ᠃    ᠯᠢ ᠴᠢᠶᠠᠩ ᠡᠩ ᠲᠡᠷᠢᠭᠦᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ᠃ ᠲᠡᠷᠡ ᠪᠠᠷ ᠴᠥᠮ᠎ᠡ ᠶᠢᠨ ᠡᠨᠧᠷᠭᠢ ᠪᠣᠯ ᠴᠢᠬᠤᠯᠠ ᠴᠡᠪᠡᠷ ᠡᠨᠧᠷᠭᠢ ᠮᠥᠨ᠃ ᠲᠡᠷᠢᠭᠦᠯᠡᠭᠴᠢ ᠰᠢ ᠶᠢᠨ ᠫᠢᠩ ᠡᠷᠬᠡ ᠲᠡᠭᠰᠢ᠂ ᠬᠠᠮᠲᠤᠷᠠᠯᠴᠠᠬᠤ᠂ ᠬᠠᠮᠲᠤ ᠪᠠᠷ ᠠᠰᠢᠭ ᠬᠦᠷᠲᠡᠬᠦ ᠣᠯᠠᠨ ᠤᠯᠤᠰ ᠤᠨ ᠴᠥᠮ᠎ᠡ ᠶᠢᠨ ᠠᠶᠤᠯ ᠦᠭᠡᠢ ᠲᠣᠭᠲᠠᠯᠴᠠᠭ᠎ᠠ ᠪᠠᠶᠢᠭᠤᠯᠬᠤ ᠶᠢ ᠳᠤᠷᠠᠳᠴᠠᠢ᠃ ᠳᠣᠮᠲᠠᠲᠤ ᠤᠯᠤᠰ ᠣᠯᠠᠨ ᠤᠯᠤᠰ ᠤᠨ ᠴᠦᠮ᠎ᠠ ᠶᠢᠨ ᠡᠨᠧᠷᠭᠢ ᠶᠢᠨ ᠪᠠᠶᠢᠭᠤᠯᠣᠮᠵᠢ ᠳᠤ ᠣᠷᠣᠭᠰᠠᠨ 40 ᠵᠢᠯ ᠤᠨ ᠲᠤᠷᠰᠢᠳᠠ᠂ ᠢᠮᠠᠬᠲᠠ ᠪᠤᠲᠠᠲᠤ ᠠᠵᠢᠯᠯᠠᠭ᠎ᠠ ᠪᠠᠷ ᠢᠶᠠᠨ ᠣᠯᠠᠨ ᠤᠯᠤᠰ ᠤᠨ ᠴᠦᠮ᠎ᠠ ᠶᠢᠨ ᠡᠨᠧᠷᠭᠢ ᠶᠢᠨ ᠪᠠᠶᠢᠭᠤᠯᠣᠮᠵᠢ ᠶᠢᠨ ᠠᠵᠢᠯ ᠢ ᠲᠠᠮᠵᠢᠵᠤ᠂ ᠬᠤᠶᠠᠷ ᠲᠠᠯ᠎ᠠ ᠪᠠᠷ ᠢᠶᠠᠨ ᠴᠦᠮ᠎ᠠ ᠶᠢᠨ ᠡᠨᠧᠷᠭᠢ ᠶᠢ ᠰᠣᠳᠣᠯᠣᠨ ᠨᠡᠭᠡᠭᠡᠵᠦ ᠠᠰᠢᠬᠯᠠᠬᠤ᠂ ᠴᠦᠮ᠎ᠠ ᠶᠢᠨ ᠠᠶᠤᠯ ᠦᠭᠡᠢ ᠪᠠ ᠴᠥᠮ᠎ᠡ ᠶᠢᠨ ᠠᠮᠤᠷ ᠲᠦᠪᠰᠢᠨ ᠤ ᠪᠠᠲᠤᠯᠠᠭ᠎ᠠ᠂ ᠬᠢᠨᠠᠯᠲᠠ ᠲᠠᠯᠪᠢᠬᠤ ᠶᠢ ᠪᠠᠲᠤᠯᠠᠬᠤ ᠪᠠ ᠥᠷᠭᠡᠳᠬᠡᠨ ᠲᠠᠷᠬᠠᠭᠠᠬᠤ ᠶᠢ ᠰᠡᠷᠭᠡᠶᠢᠯᠡᠨ ᠬᠤᠷᠢᠭᠯᠠᠬᠤ ᠵᠠᠷᠭᠡ ᠬᠦᠷᠢᠶᠡᠨ ᠳᠤ ᠪᠦᠭᠦ ᠲᠠᠯ᠎ᠠ ᠪᠠᠷ ᠬᠠᠮᠲᠣᠷᠠᠯᠴᠠᠨ᠂ ᠡᠯᠪᠡᠭ ᠪᠠᠶᠠᠯᠢᠭ ᠣᠢᠷ᠎ᠠ ᠪᠦᠲᠣᠭᠡᠯ ᠣᠯᠵᠤ᠂ ᠪᠦᠭᠦ ᠪᠦᠮᠪᠦᠷᠴᠡᠭ ᠤᠨ ᠴᠦᠮ᠎ᠡ ᠶᠢᠨ ᠡᠨᠧᠷᠭᠢ ᠶᠢᠨ ᠵᠠᠰᠠᠯᠲᠠ ᠪᠠ ᠬᠦᠭᠵᠢᠯᠲᠡ ᠳᠤ ᠴᠢᠬᠤᠯᠠ ᠬᠦᠴᠦᠨ ᠴᠢᠲᠠᠯ ᠢᠶᠠᠨ ᠨᠡᠮᠡᠷᠢᠯᠡᠵᠡᠢ ᠬᠡᠮᠡᠨ ᠵᠢᠭᠠᠵᠤ ᠭᠠᠷᠭᠠᠪᠠ᠃    ᠯᠢ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠳᠤᠷᠠᠲᠠᠶ᠎ᠠ ᠣᠯᠠᠨ ᠤᠯᠤᠰ ᠤᠨ ᠴᠥᠮ᠎ᠡ ᠶᠢᠨ ᠡᠨᠧᠷᠭᠢ ᠶᠢᠨ ᠪᠠᠶᠢᠭᠤᠯᠤᠮᠵᠢ ᠬᠢᠭᠡᠳ ᠪᠤᠰᠤᠳ ᠪᠦᠷᠢᠯᠳᠦᠬᠦᠨ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠪᠥᠮᠪᠥᠷᠴᠡᠭ ᠤᠨ ᠴᠥᠮ᠎ᠡ ᠶᠢᠨ ᠡᠨᠧᠷᠭᠢ ᠶᠢᠨ ᠵᠠᠰᠠᠯᠲᠠ ᠶᠢ ᠨᠠᠩ ᠲᠥᠪ ᠭᠤᠤᠯᠴᠢ ᠵᠦᠶ ᠵᠣᠬᠢᠰᠲᠠᠶ ᠂ ᠴᠥᠮ᠎ᠡ ᠶᠢᠨ ᠡᠨᠧᠷᠭᠢ ᠶᠢᠨ ᠬᠥᠭᠵᠢᠯᠲᠡ ᠶᠢ ᠨᠠᠩ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠶ᠂ ᠴᠥᠮ᠎ᠡ ᠶᠢᠨ ᠡᠨᠧᠷᠭᠢ ᠶᠢᠨ ᠬᠠᠮᠲᠤᠷᠠᠯᠴᠠᠭ᠎ᠠ ᠶᠢ ᠨᠠᠩ ᠨᠡᠭᠡᠭᠡᠯᠲᠡᠲᠡᠶ ᠡᠮᠬᠢ ᠵᠢᠷᠤᠮ ᠲᠠᠢ ᠪᠣᠯᠭᠠᠨ᠎ᠠ ᠬᠡᠮᠡᠵᠡᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号