2024 ᠣᠨ ᠳᠤ ᠪᠦᠬᠦ ᠤᠯᠤᠰ ᠤᠨ ᠲᠦᠮᠡᠨ ᠬᠥᠮᠥᠨ ᠤ ᠬᠠᠮᠲᠤ ᠶᠢᠨ ᠬᠤᠷᠢᠮ ᠤᠨ ᠶᠣᠰᠣᠯᠠᠯ ᠪᠣᠯᠬᠤ ︽ᠤᠮᠠᠷᠠᠲᠤ ᠬᠢᠯᠢ ᠳᠤ ᠬᠠᠶᠢᠷ᠎ᠠ ᠮᠢᠨᠢ ᠪᠤᠢ︾ — ᠥᠪᠥᠷ ᠮᠣᠩᠭᠤᠯ ᠤᠨ ᠬᠤᠪᠢᠶᠠᠷᠢ ᠲᠠᠯᠠᠪᠠᠢ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/9/23
ᠪᠦᠦ ᠰᠢᠶᠠᠨ ᠬᠤᠸᠠ ᠪᠠᠶᠠᠷ ᠤᠨ ᠦᠭᠡ ᠬᠡᠯᠡᠵᠡᠢ       9 ᠳ᠋ᠤᠬᠡᠷ ᠰᠠᠷ᠎ᠠ ᠶᠢᠨ 22  ᠤᠨ ᠡᠳᠦᠷ ︽ᠤᠯᠤᠰ ᠭᠡᠷ ᠤᠨ ᠪᠠᠶᠠᠷ ᠢᠶᠠᠨ ᠬᠠᠮᠳᠤ ᠪᠠᠷ ᠪᠡᠯᠬᠡᠯᠡᠶ᠎ᠡ · ᠵᠢᠷᠭᠠᠯ ᠮᠦᠴᠨ ᠶᠢᠨ ᠢᠮ ᠲᠠᠮᠠᠭ᠎ᠠ︾ 2024 ᠣᠨ ᠤ ᠪᠦᠬᠦ ᠤᠯᠤᠰ ᠤᠨ ᠲᠦᠮᠡᠨ ᠬᠥᠮᠥᠨ ᠤ ᠬᠠᠮᠲᠤ ᠶᠢᠨ ᠬᠤᠷᠢᠮ ᠤᠨ ᠶᠣᠰᠣᠯᠠᠯ ︽ᠤᠮᠠᠷᠠᠲᠤ ᠬᠢᠯᠢ ᠳᠤ ᠬᠠᠶᠢᠷ᠎ᠠ ᠮᠢᠨᠢ ᠪᠤᠢ︾ — ᠥᠪᠥᠷ ᠮᠣᠩᠭᠤᠯ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠡ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃   ᠠᠵᠢᠯᠯᠠᠭ᠎ᠠ ᠶᠢᠨ ᠳᠤᠮᠳᠠ ᠮᠠᠨ ᠤ ᠣᠷᠣᠨ ᠤ ᠨᠡᠶᠢᠭᠡᠮ ᠤᠨ ᠡᠯ᠎ᠡ ᠡᠲᠡᠭᠡᠳ ᠤᠨ 300 ᠰᠢᠬᠠᠮ ᠰᠢᠨ᠎ᠡ ᠬᠤᠤᠰ ᠨᠠᠰᠤᠨ ᠲᠤᠷᠰᠢᠲᠠ ᠪᠠᠨ ᠬᠠᠶᠢᠷᠠᠯᠠᠯᠴᠠᠬᠤ ᠲᠠᠩᠭᠠᠷᠢᠭ ᠲᠠᠯᠪᠢᠵᠤ᠂ ᠪᠦᠬᠦ ᠤᠯᠤᠰ ᠤᠨ 5000 ᠭᠠᠷᠤᠢ ᠰᠢᠨ᠎ᠡ ᠬᠤᠤᠰ ᠬᠠᠮᠲᠤ ᠶᠢᠨ ᠬᠤᠷᠢᠮ ᠤᠨ ᠶᠣᠰᠣᠯᠠᠯ ᠳᠤ ᠤᠷᠤᠯᠴᠠᠬᠰᠠᠨ ᠪᠠᠶᠢᠨ᠎ᠠ᠃   ᠲᠣᠰ ᠠᠵᠢᠯᠯᠠᠭ᠎ᠠ ᠶᠢ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ᠂ ᠠᠷᠠᠳ ᠤᠨ ᠶᠠᠪᠤᠳᠠᠯ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠤᠨ ᠬᠢᠨ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠡᠮᠡᠭᠲᠡᠶᠢᠴᠦᠳ ᠤᠨ  ᠬᠤᠯᠪᠤᠭ᠎ᠠ ᠵᠡᠷᠭᠡ 14 ᠨᠢᠬᠡᠴᠢ ᠳᠠᠭᠠᠭᠠᠴᠢᠯᠠᠨ ᠡᠷᠭᠢᠯᠡᠪᠡ    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号