︽ᠲᠣᠰᠬᠤᠨ ᠤ ᠳᠠᠭᠤᠤ ᠬᠠᠨᠭ᠍ᠭᠢᠨᠠᠨᠠᠮ︾ ᠬᠡᠬᠦ ᠭᠤᠣᠯ ᠰᠡᠳᠦᠪᠲᠦ ᠠᠵᠢᠯᠯᠠᠭ᠎ᠠ ᠶᠢᠨ 2024 ᠣᠨ ᠤ ᠪᠦᠬᠦ ᠤᠯᠤᠰ ᠤᠨ ᠲᠥᠪᠯᠡᠷᠡᠩᠭᠦᠢ ᠦᠵᠡᠭᠦᠯᠦᠯᠭᠡ ᠶᠢᠨ ᠲᠣᠭᠯᠠᠯᠲᠠ ᠦᠨᠳᠤᠷᠯᠡᠪᠡ
ᠨᠡᠶᠢᠲᠡᠯᠡᠭᠰᠡᠨ ᠴᠠᠭ᠄
2024/9/23
ᠴᠦ᠋ ᠳ᠋ᠢ᠂ ᠶᠠᠩ ᠶᠢᠨ ᠠᠵᠢᠯᠯᠠᠭ᠎ᠠ ᠳᠤ ᠤᠷᠤᠯᠴᠠᠵᠠᠢ      ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠲᠤᠷᠠᠴᠤᠳ ᠤᠨ ᠨᠡᠶᠢᠭᠡᠮᠯᠢᠭ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠢᠨ ᠤ ᠭᠤᠣᠯᠯᠠᠨ ᠡᠷᠬᠢᠯᠡᠭᠰᠡᠨ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾  ᠤᠨ ᠤᠳᠬ᠎ᠠ ᠤᠷᠠᠯᠢᠭ ᠤᠨ ᠦᠨᠳᠦᠰᠦᠨ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ — ︽ᠲᠣᠰᠬᠤᠨ ᠤ ᠳᠠᠭᠤᠤ  ᠬᠠᠨᠭ᠍ᠭᠢᠨᠠᠨᠠᠮ︾ ᠭᠡᠬᠦ ᠭᠤᠣᠯ ᠰᠡᠳᠦᠪᠲᠦ ᠠᠵᠢᠯᠯᠠᠭ᠎ᠠ ᠶᠢᠨ 2024 ᠣᠨ ᠤ ᠪᠦᠬᠦ ᠤᠯᠤᠰ ᠤᠨ ᠲᠥᠪᠯᠡᠷᠡᠩᠭᠦᠢ ᠦᠵᠡᠭᠦᠯᠦᠯᠭᠡ ᠶᠢᠨ ᠲᠣᠭᠯᠠᠯᠲᠠ 9 ᠳ᠋ᠤᠬᠡᠷ ᠰᠠᠷ᠎ᠠ ᠶᠢᠨ 21  ᠤ ᠣᠷᠣᠢ  ᠣᠷᠳᠣᠰ ᠬᠤᠳᠠ ᠶᠢᠨ ᠡᠵᠡᠨ ᠬᠤᠷᠤᠭ᠎ᠠ ᠬᠤᠰᠢᠭᠤᠨ ᠳᠤ ᠠᠮᠵᠢᠯᠲᠠ ᠲᠠᠢ ᠲᠡᠭᠦᠰᠪᠡ᠃    ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠱᠦᠵᠢ ᠨᠠᠷ ᠤᠨ ᠭᠠᠵᠠᠷ ᠤᠨ ᠱᠦᠵᠢ ᠵᠤ᠋ ᠳ᠋ᠢ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠨᠠᠷ ᠠᠵᠢᠯᠯᠠᠭ᠎ᠠ ᠳᠤ ᠣᠷᠣᠯᠴᠠᠪᠠ᠃    ᠲᠣᠰ ᠠᠵᠢᠯᠯᠠᠭ᠎ᠠ ᠳᠤ ᠪᠥᠬᠦ ᠤᠯᠤᠰ ᠤᠨ 30 ᠮᠤᠵᠢ ︵ᠬᠤᠲᠠ᠂ ᠥᠪᠡᠷᠲᠡᠭᠡᠨ ᠵᠠᠰᠠᠬᠤ ᠣᠷᠣᠨ︶ ᠤ 55 ᠲᠥᠯᠥᠭᠡᠯᠡᠭᠴᠢᠳ ᠤᠨ ᠠᠩᠭᠢ ᠶᠢᠨ 1000 ᠭᠠᠷᠤᠢ ᠬᠥᠮᠥᠨ ᠣᠷᠣᠯᠴᠠᠵᠠᠢ᠃ ᠲᠡᠭᠦᠰᠬᠦ ᠶᠣᠰᠣᠯᠠᠯ ᠤᠨ ᠭᠤᠶᠢᠳᠠ ᠰᠠᠶᠢᠬᠠᠨ  ᠲᠣᠭᠯᠠᠯᠲᠠ ᠨᠤᠭᠤᠳ ᠤᠨ ︽ᠬᠠᠩᠭᠢᠨᠠᠮ᠎ᠠ ᠬᠤᠭᠤᠯᠠᠶᠢᠳᠤ︾ ᠪᠠᠭ᠂ ᠤᠷᠠᠯᠢᠭ ᠤᠨ  ᠠᠨᠳᠠ ᠵᠡᠷᠭᠡ ᠱᠠᠩᠨᠠᠯ ᠢ ᠭᠠᠷᠳᠠᠭᠤᠯᠵᠠᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号