ᠪᠤᠭᠤᠲᠤ ᠬᠤᠲᠠ ᠨᠢᠭᠦᠯᠡᠰᠦᠩᠭᠦᠢ ᠶᠢᠨ ᠦᠢᠯᠡᠰ ᠪᠠ ᠠᠷᠠᠳ ᠤᠨ ᠶᠠᠪᠤᠳᠠᠯ ᠤᠨ  ᠬᠢᠨ‌ᠤᠯᠠᠨ ᠳᠠᠪᠬᠤᠷᠭ᠎ᠠ᠂ ᠤᠯᠠᠨ ᠬᠡᠯᠪᠡᠷᠢ ᠶᠢ ᠰᠦᠪᠡᠭᠴᠢᠯᠡᠵᠦ ︽ᠠᠷᠠᠳ ᠤᠨ ᠠᠮᠢᠳᠤᠷᠠᠯ ᠰᠠᠭᠤᠷᠢ ᠶᠢ ᠨᠢ ᠪᠠᠲᠤᠯᠠᠬᠤ︾  ᠠᠴᠠ ︽ᠠᠷᠠᠳ ᠤᠨ ᠠᠮᠢᠳᠤᠷᠠᠯ ᠢ ᠴᠢᠨᠠᠷᠵᠢᠭᠤᠯᠬᠤ︾  ᠲᠡᠶᠢᠰᠢ ᠬᠤᠪᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/9/25
   ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠲᠡᠬᠡᠷ᠎ᠡ ᠬᠦᠭᠵᠢᠭᠦᠯᠬᠦ ᠶᠠᠪᠤᠴᠠ ᠳᠤ ᠠᠷᠠᠳ ᠤᠨ  ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠤᠯ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠶᠢᠨ ᠴᠢᠬᠤᠯᠠ  ᠶᠡᠭᠡ ᠡᠭᠦᠷᠭᠡ ᠮᠦᠨ ᠭᠡᠵᠦ ᠲᠤᠳᠤᠷᠬᠠᠢ  ᠲᠤᠷᠠᠳᠪᠠ᠃     ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠢᠨ ᠬᠦᠭᠵᠢᠯᠲᠡ ᠶᠢᠨ ᠶᠠᠪᠤᠴᠠ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ︽ᠵᠠᠰᠠᠭ ᠤᠨ ᠤᠷᠳᠤᠨ ᠤ  ᠳᠤᠰᠠᠯᠠᠮᠵᠢ + ᠨᠢᠭᠦᠯᠡᠰᠦᠩᠭᠦᠢ ᠶᠢᠨ ᠳᠡᠳᠬᠦᠮᠵᠢ︾ ᠶᠢ ᠪᠦᠲᠦᠮᠵᠢᠲᠡᠢ ᠵᠤᠯᠭᠠᠭᠤᠯᠬᠤ ᠲᠤᠭᠲᠠᠴᠠ ᠪᠠᠷ ᠠᠴᠢᠶᠠᠯᠠᠪᠤᠷᠢ ᠪᠤᠯᠭᠠᠵᠤ ᠨᠠᠷᠢᠯᠢᠭ ᠤᠨᠤᠪᠴᠢᠲᠠᠢ  ᠪᠠᠷ ᠨᠢᠭᠦᠯᠡᠰᠦᠩᠭᠦᠢ ᠶᠢᠨ ᠦᠢᠯᠡᠰ ᠢ ᠤᠯᠠᠨ ᠳᠠᠪᠬᠤᠷᠭ᠎ᠠ᠂ ᠪᠦᠬᠦ ᠲᠠᠯ᠎ᠠ ᠪᠠᠷ ᠲᠤᠰᠠᠯᠠᠬᠤ ᠰᠢᠰᠲ᠋ᠧᠮ ᠪᠤᠯᠭᠠᠨ ᠪᠠᠶᠢᠭᠤᠯᠵᠤ᠂ ᠡᠯ᠎ᠡ ᠰᠠᠯᠠᠭ᠎ᠠ ᠮᠦᠴᠢᠷ ᠤᠨ ᠲᠦᠷᠦ ᠶᠢᠨ ᠪᠤᠳᠤᠯᠭ᠎ᠠ᠂  ᠳᠤᠰᠠᠯᠠᠮᠵᠢ  ᠬᠦᠷᠲᠡᠭᠰᠡᠳ᠂ ᠪᠡᠯᠡ ᠮᠦᠩᠭᠦ ᠵᠡᠷᠭᠡ ᠲᠠᠯ᠎ᠠ ᠶᠢᠨ  ᠡᠬᠢ ᠪᠠᠶᠠᠯᠢᠭ ᠢ ᠨᠢᠭᠡᠳᠬᠡᠵᠦ ᠪᠦᠬᠦ ᠲᠠᠯ᠎ᠠ ᠶᠢ ᠬᠠᠮᠤᠷᠠᠭᠰᠠᠨ᠂ ᠳᠡᠰ ᠬᠤᠪᠢᠶᠠᠭᠰᠠᠨ᠂ ᠶᠡᠷᠦᠩᠬᠡᠶᠢᠯᠡᠭᠰᠡᠨ ᠦᠨᠳᠦᠷ ᠦᠷ᠎ᠡ ᠪᠦᠲᠦᠮᠵᠢᠲᠡᠢ ︽ᠵᠠᠰᠠᠭ ᠤᠨ ᠤᠷᠳᠤᠨ ᠤ ᠳᠤᠰᠠᠯᠠᠮᠵᠢ +  ᠨᠢᠭᠦᠯᠡᠰᠦᠩᠭᠦᠢ ᠶᠢᠨ ᠳᠡᠳᠬᠦᠮᠵᠢ︾  ᠤᠨ ᠰᠢᠨ᠎ᠡ ᠵᠠᠭᠪᠤᠷ ᠢ ᠰᠦᠪᠡᠭᠴᠢᠯᠡᠨ ᠬᠦᠴᠢᠷᠳᠡᠯᠲᠡᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠤᠯᠠᠨ ᠠᠷᠭ᠎ᠠ᠂ ᠤᠯᠠᠨ  ᠲᠠᠯ᠎ᠠ  ᠪᠠᠷ   ᠬᠠᠩᠭᠠᠪᠠ᠃ ᠵᠠᠰᠠᠭ ᠤᠨ ᠤᠷᠳᠤᠨ ᠤ  ᠳᠤᠰᠠᠯᠠᠮᠵᠢ  ᠪᠠ ᠨᠢᠭᠦᠯᠡᠰᠦᠩᠭᠦᠢ ᠶᠢᠨ ᠳᠡᠳᠬᠦᠮᠵᠢ ᠶᠢ ᠨᠢᠭᠲᠠ  ᠵᠤᠯᠭᠠᠭᠤᠯᠵᠤ᠂ ᠬᠠᠷᠢᠯᠴᠠᠨ ᠨᠦᠬᠦᠪᠦᠷᠢᠯᠡᠭᠰᠡᠨ  ᠳᠤᠰᠠᠯᠠᠮᠵᠢ ᠶᠢᠨ ᠪᠠᠶᠢᠷᠢᠰᠢᠯ ᠢ ᠪᠤᠢ ᠪᠤᠯᠭᠠᠭᠰᠠᠨ ᠪᠠᠶᠢᠨ᠎ᠠ᠃    ︽ᠠᠪᠠᠭ᠎ᠠ ᠡ᠂  ᠲᠡᠷᠭᠡᠯ ᠰᠠᠷ᠎ᠠ ᠶᠢᠨ ᠪᠠᠶᠠᠷ ᠢᠶᠠᠨ ᠶᠠᠭᠠᠬᠢᠵᠤ ᠦᠩᠭᠡᠷᠡᠭᠦᠯᠬᠦ ᠪᠤᠢ︖  ᠶᠧᠪᠢᠡᠭ ᠢᠳᠡᠭᠰᠡᠨ ᠤᠤ︖  ᠪᠢᠳᠡ  ᠲᠠᠨ ᠳᠤ ᠶᠧᠪᠢᠩ ᠬᠦᠷᠭᠡᠵᠦ ᠢᠷᠡᠯ᠎ᠡ᠃︾    ᠠᠷᠠᠳ ᠤᠨ ᠶᠠᠪᠤᠳᠠᠯ ᠤᠨ ᠲᠤᠰᠠᠯᠠᠬᠴᠢ ᠲᠠᠬᠢᠨᠳᠠ ᠦᠢᠯᠡᠴᠢᠯᠡᠬᠦ ᠪᠠᠷ ᠢᠷᠡᠭᠰᠡᠨ ᠳᠤ ᠸᠠᠩ ᠢᠤ ᠯᠢᠶᠠᠩ ᠨᠠᠰᠤᠳᠠᠨ ᠠᠮᠨ ᠬᠠᠮᠬᠢᠯ ᠦᠬᠡᠢ ᠪᠠᠶᠠᠷᠯᠠᠨ᠎ᠠ᠃    65 ᠨᠠᠰᠤᠲᠠᠢ ᠸᠠᠩ ᠶᠢᠦ ᠯᠢᠶᠠᠩ ᠨᠠᠰᠤᠲᠠᠨ ᠵᠢᠦ ᠶᠤᠸᠠᠨ ᠲᠤᠭᠤᠷᠢᠭ ᠤᠨ ᠱᠠ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠭᠠᠳᠤ ᠡᠷᠦᠬᠡ  ᠪᠦᠭᠡᠳ ᠨᠤᠴᠢᠲᠠᠢ ᠰᠢᠭᠡᠰᠦᠨ ᠬᠤᠤᠷᠳᠠᠯᠭ᠎ᠠ   ᠡᠮᠨᠡᠯᠭᠡ ᠶᠢᠨ ᠵᠠᠷᠤᠳᠠᠯ ᠶᠡᠭᠡ ᠵᠠᠷᠤᠴᠠᠭᠤᠯᠤᠭᠰᠠᠨ ᠪᠠᠶᠢᠨ᠎ᠠ᠃ ᠡᠨᠡ ᠬᠦ ᠪᠠᠶᠢᠳᠠᠯ ᠢ ᠵᠢᠦ ᠶᠤᠸᠠᠨ ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠢᠨ ᠠᠷᠠᠳ ᠤᠨ ᠶᠠᠪᠤᠳᠠᠯ ᠤᠨ ᠳᠤᠰᠠᠯᠠᠭᠴᠢ ᠠᠴᠠ  ᠤᠶᠢᠯᠭᠠᠭᠰᠠᠨ ᠤ ᠳᠠᠷᠠᠭ᠎ᠠ 2024 ᠤᠨ ᠤ ᠨᠢᠭᠦᠯᠡᠰᠦᠩᠭᠦᠢ ᠶᠢᠨ ᠳᠡᠳᠬᠦᠮᠵᠢ ᠶᠢ ᠬᠦᠷᠲᠡᠭᠰᠡᠳ ᠤᠨ ᠲᠤᠭᠠᠨ ᠳᠤ ᠤᠷᠤᠭᠤᠯᠵᠤ  ᠠᠮᠢᠳᠤᠷᠠᠯ ᠤᠨ ᠪᠤᠳᠠᠰ  ᠪᠠ ᠲᠤᠬᠤᠨᠢᠭᠤᠯᠭ᠎ᠠ ᠶᠢᠨ ᠮᠦᠩᠭᠦ  ᠤᠯᠭᠤᠪᠠ᠃ ᠨᠠᠰᠤᠲᠠᠨ ᠰᠡᠳᠬᠢᠯ ᠳᠤᠭᠳᠤᠯᠤᠨ᠄ ︽ᠨᠠᠮ ᠤᠨ ᠲᠦᠷᠦ ᠶᠢᠨ ᠪᠤᠳᠤᠯᠭ᠎ᠠ  ᠶᠢᠨ ᠰᠠᠶᠢᠨ᠂ ᠲᠠ ᠨᠠᠷ ᠤᠨ ᠬᠠᠯᠠᠭᠤᠨ ᠳᠡᠮᠵᠢᠯᠡᠯᠭᠡ ᠶᠢ ᠬᠦᠷᠲᠡᠭᠡᠳ ᠠᠮᠢᠳᠤᠷᠠᠯ ᠳᠤ ᠪᠠᠨ ᠢᠲᠡᠭᠡᠯ ᠲᠠᠢ᠂ ᠵᠢᠷᠭᠠᠯ ᠲᠠᠢ ᠪᠠᠶᠢᠨ᠎ᠠ︾ ᠭᠡᠵᠦ ᠬᠡᠯᠡᠪᠡ᠃    ᠤᠨᠴᠠᠭᠠᠢ ᠬᠦᠴᠢᠷᠳᠡᠯ ᠲᠠᠢ  ᠬᠦᠮᠦᠰ ᠢ  ᠲᠤᠰᠠᠯᠠᠵᠤ ᠪᠠᠶᠢᠭ᠎ᠠ ᠨᠢ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠤᠨ ᠭᠦᠢᠴᠡᠳ ᠢᠯᠡᠷᠡᠯ ᠮᠦᠨ᠃     ᠪᠤᠭᠤᠲᠤ ᠬᠤᠲᠠ ᠶᠢᠨ ᠬᠢᠨ ᠤᠷᠴᠢᠮ ᠤᠨ ᠬᠡᠳᠤᠨ ᠵᠢᠯ ᠵᠠᠰᠠᠭ ᠤᠨ ᠤᠷᠳᠤᠨ ᠤ ᠲᠤᠰᠠᠯᠠᠮᠵᠢ ᠪᠠᠷ ᠭᠤᠤᠯ  ᠴᠤᠭᠴᠠ ᠪᠤᠯᠭᠠᠨ᠂ ᠨᠢᠭᠦᠯᠡᠰᠦᠩᠭᠦᠢ ᠶᠢᠨ ᠳᠡᠳᠬᠦᠮᠵᠢ ᠪᠠᠷ ᠬᠠᠪᠰᠤᠷᠤᠮᠵᠢ ᠪᠤᠯᠭᠠᠬᠰᠠᠨ ᠲᠡᠳᠬᠦᠮᠵᠢ ᠶᠢᠨ ᠲᠤᠭᠲᠠᠴᠨ ᠢ ᠪᠠᠶᠢᠭᠤᠯᠵᠤ᠂ ᠵᠠᠰᠠᠭ ᠤᠨ ᠤᠷᠳᠤᠨ ᠤ ᠳᠤᠰᠠᠯᠠᠮᠵᠢ  ᠪᠠ ᠨᠢᠭᠦᠯᠡᠰᠦᠩᠭᠦᠢ ᠶᠢᠨ ᠳᠡᠳᠬᠦᠮᠵᠢ ᠶᠢ ᠪᠦᠷᠬᠦᠭᠦᠯᠵᠦ  ︽ᠪᠡᠯᠡ ᠮᠦᠩᠭᠦ + ᠡᠳ᠋  ᠪᠤᠳᠠᠰ  + ᠦᠢᠯᠡᠴᠢᠯᠡᠭᠡ︾ ᠶᠢ ᠬᠠᠷᠢᠯᠴᠠᠨ ᠤᠶᠠᠯᠳᠤᠭᠤᠯᠤᠭᠰᠠᠨ ᠨᠢᠭᠦᠯᠡᠰᠦᠩᠭᠦᠢ ᠶᠢᠨ  ᠳᠡᠳᠬᠦᠮᠵᠢ  ᠪᠠ ᠬᠠᠪᠰᠤᠷᠤᠯᠭ᠎ᠠ  ᠪᠠᠷ  ᠲᠡᠳᠡᠨ ᠤ ᠬᠦᠴᠢᠷᠳᠡᠯ ᠤᠨ ᠳᠤᠮᠳᠠᠬᠢ ᠬᠦᠴᠢᠷᠳᠡᠯ᠂ ᠪᠠᠴᠢᠮᠳᠠᠯ ᠢ ᠨᠢ ᠰᠢᠢᠳᠪᠦᠷᠢᠯᠡᠵᠦ᠂ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠪᠠ᠃      ︽ᠠᠪᠠᠭ᠎ᠠ ᠡ᠂ ᠰᠢᠯ ᠢ ᠴᠢᠨᠢ ᠠᠷᠴᠢᠬᠰᠠᠨ ᠠᠴᠠ ᠳᠤᠲᠤᠷ᠎ᠠ  ᠴᠢᠨᠢ ᠤᠡᠭᠭᠤᠶᠢᠯ᠎ᠠ ᠪᠢᠵᠨ︖︾      ︽ᠲᠡᠶᠢᠮᠤ ᠡ᠂ ᠲᠠᠨᠤᠰ ᠲᠤ ᠪᠠᠶᠠᠷᠯᠠᠯ᠎ᠠ᠃ ᠡᠯᠢᠬᠡᠰᠡᠭ ᠦᠢᠯᠡᠴᠢᠯᠡᠭᠡ ᠴᠢᠨᠢ ᠵᠢᠷᠭᠠᠯᠳᠠᠢ ᠰᠠᠨᠠᠭᠳᠠᠭᠤᠯᠵᠤ ᠪᠠᠶᠢᠨ᠎ᠠ ᠃︾           ᠠᠷᠠᠳ ᠤᠨ ᠶᠠᠪᠤᠳᠠᠯ ᠤᠨ ᠲᠤᠰᠠᠯᠠᠠᠬᠴᠢ ᠲᠠᠬᠢᠨᠳᠠ ᠢᠷᠡᠵᠤ ᠬᠡᠷ ᠲᠡᠷᠬᠡ ᠶᠢ ᠨᠢ ᠴᠡᠪᠡᠷᠯᠡᠵᠤ ᠦᠭᠭᠦᠭᠰᠡᠨ ᠢᠶᠠᠷ ᠪᠠᠷᠠᠬᠤ ᠦᠬᠡᠢ ᠤᠶᠤᠨ ᠰᠠᠨᠠᠭᠠᠨ ᠤ ᠲᠠᠶᠢᠳᠬᠤᠷᠠᠯ ᠪᠤᠯᠪᠠ᠃    ᠪᠤᠭᠤᠲᠤ ᠬᠤᠲᠠ ︽ᠨᠠᠰᠤᠳᠠᠳ ᠬᠡᠤᠬᠡᠳ︾ ︽ᠡᠪᠡᠳᠴᠢᠲᠡᠨ ᠪᠠ ᠵᠡᠮᠳᠡᠭᠴᠤᠳ ︾ ︽ᠪᠠᠭᠤᠷᠠᠶᠢᠴᠤᠤᠯ ᠪᠠ ᠬᠦᠴᠢᠷᠳᠡᠯᠳᠡᠶᠢᠴᠤᠤᠯ︾ ᠵᠡᠷᠬᠡ ᠤᠨᠴᠠᠭᠠᠢ ᠬᠦᠴᠢᠷᠳᠡᠯ ᠲᠠᠢ ᠬᠦᠮᠦᠰ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ  ᠠᠩᠬᠠᠷᠴᠤ᠂ ︽ᠬᠤᠭᠤᠯᠠ ᠵᠠᠬᠢᠶᠠᠯᠠᠬᠤ ᠮᠠᠶ᠋ᠢᠭ︾ ᠤᠨ ᠦᠢᠯᠡᠴᠢᠯᠡᠭᠡ  ᠶᠢ ᠪᠠᠶᠢᠭᠤᠯᠵᠤ᠂ ᠬᠦᠴᠢᠷᠳᠡᠯ ᠲᠠᠢ ᠤᠯᠠᠨ ᠲᠦᠮᠡᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ  ᠡᠮᠬᠢᠯᠡᠨ ᠳᠤᠰᠠᠯᠠᠮᠵᠢ ᠬᠦᠷᠲᠡᠭᠡᠵᠦ ︽ᠬᠠᠩᠭᠠᠯᠭ᠎ᠠ ᠶᠢᠨ ᠲᠠᠯ᠎ᠠ︾ ᠪᠤᠯᠤᠨ  ︽ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ︾  ᠶᠢᠨ ᠬᠤᠭᠤᠷᠤᠨᠳᠤ ᠬᠢ ᠬᠠᠶᠢᠷ᠎ᠠ ᠬᠠᠯᠠᠮᠵᠢ ᠪᠠᠨ ︽ᠵᠠᠢ ᠵᠠᠪᠰᠠᠷ ᠦᠭᠡᠢ ᠵᠤᠯᠭᠠᠭᠤᠯᠤᠭᠰᠠᠨ︾ ᠪᠠᠶᠢᠨ᠎ᠠ᠃ ︽ᠨᠡᠶᠢᠲᠡ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠢ︾ ᠪᠠᠷ  ᠳᠠᠮᠵᠢᠨ ᠵᠠᠰᠠᠭ ᠤᠨ ᠤᠷᠳᠤᠨ ᠤ  ᠳᠤᠰᠠᠯᠠᠮᠵᠢ ᠶᠢ ᠨᠠᠶᠢᠳᠠᠪᠦᠷᠢᠵᠢᠭᠤᠯᠵᠤ᠂  ᠲᠤᠰ ᠵᠢᠯ ᠳᠤ ᠭᠡᠷ ᠲᠤ ᠨᠢ ᠬᠦᠷᠴᠦ  ᠦᠢᠯᠡᠴᠢᠯᠡᠬᠦ᠂ ᠭᠡᠷ ᠠᠬᠤᠢ ᠶᠢᠨ ᠦᠢᠯᠡᠴᠢᠯᠡᠭᠡ᠂ ᠤᠶᠤᠨ ᠰᠠᠨᠠᠭᠠᠨ ᠤ  ᠬᠠᠯᠠᠮᠵᠢᠯᠠᠯ᠂ ᠰᠡᠳᠬᠢᠴᠡ ᠶᠢᠨ  ᠵᠦᠪᠯᠡᠯᠭᠡ ᠵᠡᠷᠭᠡ  ᠦᠢᠯᠡᠴᠢᠯᠡᠯᠭᠡ 2416 ᠤᠳᠠᠭ᠎ᠠ  ᠦᠷᠨᠢᠭᠦᠯᠪᠡ᠃ ᠳᠠᠩ ᠭᠠᠭᠴᠠ ᠡᠳ᠋ ᠪᠤᠳᠠᠰ ᠤᠨ ᠳᠤᠰᠠᠯᠠᠮᠵᠢ  ᠶᠢ ︽ᠡᠳ᠋ ᠪᠤᠳᠠᠰ + ᠦᠢᠯᠡᠴᠢᠯᠡᠭᠡ︾ ᠶᠢᠨ  ᠳᠤᠰᠠᠯᠠᠮᠵᠢ ᠶᠢᠨ ᠵᠠᠭᠪᠤᠷ ᠲᠡᠶᠢᠰᠢ ᠲᠡᠰᠢ ᠬᠤᠪᠢᠷᠠᠭᠤᠯᠵᠤ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠲᠠᠢ ᠬᠦᠴᠢᠷᠳᠡᠯᠲᠡᠢ  ᠬᠦᠮᠦᠰ ᠲᠤ ᠳᠦᠭᠦᠮ ᠲᠦᠲᠡ᠂ ᠪᠦᠷᠢᠨ ᠭᠦᠢᠴᠡᠳ ᠦᠢᠯᠡᠴᠢᠯᠡᠭᠡᠨ ᠤ ᠵᠠᠭᠪᠤᠷ ᠢ  ᠪᠤᠢ ᠪᠤᠯᠭᠠᠪᠠ᠃ ᠲᠡᠷᠡᠴᠢᠯᠡᠨ 2024 ᠤᠨ ᠠᠴᠠ 2025 ᠤᠨ ᠬᠦᠷᠳᠡᠯ᠎ᠡ   ᠳᠡᠰ ᠳᠠᠪᠬᠤᠷᠭ᠎ᠠ᠂ ᠪᠦᠯᠦᠭ ᠬᠤᠪᠢᠶᠠᠵᠤ ᠪᠠᠶᠢᠭᠠᠳ ᠪᠦᠬᠦ ᠬᠤᠲᠠ ᠶᠢᠨ ᠬᠡᠪᠴᠢᠶᠡᠨ ᠳᠤ 3000 ᠤᠨᠴᠠᠭᠠᠢ ᠬᠦᠴᠢᠷᠳᠡᠯ ᠲᠠᠢ ᠬᠦᠮᠦᠰ ᠲᠠᠢ  ᠨᠢᠭᠦᠯᠡᠰᠦᠩᠭᠦᠢ ᠶᠢᠨ ᠳᠡᠳᠬᠦᠮᠵᠢ ᠤᠯᠭᠤᠭᠠᠬᠤ ᠪᠠᠷ  ᠲᠦᠯᠦᠪᠯᠡᠭᠰᠡᠨ ᠪᠦᠭᠡᠳ ᠤᠳᠤ ᠳᠤ ᠲᠤᠯᠲᠠᠯ᠎ᠠ 200 ᠭᠠᠷᠤᠢ ᠨᠢᠭᠦᠯᠡᠰᠦᠩᠬᠦᠢ ᠶᠢᠨ ᠳᠡᠳᠬᠦᠮᠵᠢ ᠶᠢᠨ ᠡᠭᠦᠷᠭᠡ ᠪᠠᠨ ᠪᠡᠶᠡᠯᠡᠭᠦᠯᠪᠡ᠃   ᠳᠡᠮᠵᠢᠯᠭᠡ ᠲᠤᠰᠠᠯᠠᠮᠵᠢ ᠪᠤᠯᠭᠠᠨ ᠨᠢ ᠵᠠᠰᠠᠭ ᠤᠨ ᠤᠷᠳᠤᠨ  ᠤ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠵᠤ ᠪᠠᠶᠢᠭ᠎ᠠ  ᠢᠯᠡᠳᠬᠡᠵᠤ ᠪᠠᠶᠢᠨ᠎ᠠ᠃ ᠪᠤᠭᠤᠲᠤ ᠬᠤᠲᠠ  ᠶᠢᠨ ᠬᠢᠨ ᠨᠢ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠭᠤᠤᠯᠳᠠᠯᠭ᠎ᠠ ᠲᠠᠢ᠂ ᠬᠦᠴᠢᠷᠳᠡᠯ ᠲᠠᠢ ᠂ ᠲᠦᠪᠡᠭᠲᠡᠢ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠦᠪᠯᠡᠷᠡᠭᠦᠯᠵᠦ᠂ ᠲᠤᠷᠰᠢᠯᠭ᠎ᠠ ᠪᠠᠨ ᠳ᠋ᠦᠩᠨᠡᠨ ᠲᠤᠭᠲᠠᠴᠠ ᠪᠠᠨ ᠲᠡᠭᠦᠯᠳᠡᠷᠵᠢᠭᠦᠯᠵᠦ᠂ ᠰᠢᠨ᠎ᠡ ᠠᠷᠭ᠎ᠠ ᠶᠢ ᠳ᠋ᠦᠡᠭᠨᠡᠨ᠂ ᠨᠢᠬᠦᠯᠡᠰᠤᠩᠭᠦᠢ ᠶᠢᠨ ᠡᠬᠢ ᠪᠠᠶᠠᠯᠢᠭ ᠢᠶᠠᠷ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠲᠠᠭᠳᠠᠯ ᠢ ᠨᠦᠬᠦᠪᠦᠷᠢᠯᠡᠵᠦ ︽ᠨᠢᠭᠦᠯᠡᠰᠦᠩᠭᠦᠢ + ᠲᠤᠰᠠᠯᠠᠮᠵᠢ︾ ᠶᠢ ᠨᠢᠭᠦᠯᠡᠰᠦᠩᠭᠦᠢ ᠶᠢᠨ ᠦᠢᠯᠡᠰ ᠤᠨ ᠳᠤᠲᠤᠭᠠᠳᠤ ᠬᠦᠳᠡᠯᠭᠡᠬᠦ ᠬᠦᠴᠦᠨ ᠪᠤᠯᠭᠠᠵᠤ ︽ᠠᠷᠠᠳ ᠤᠨ ᠠᠮᠢᠳᠤᠷᠠᠯ ᠶᠢ ᠰᠠᠭᠤᠷᠢ ᠶᠢ ᠪᠠᠳᠤᠯᠠᠬᠤ︾  ᠠᠴᠠ ︽ᠠᠷᠠᠳ ᠤᠨ ᠠᠮᠢᠳᠤᠷᠠᠯ ᠢ ᠴᠢᠨᠠᠷᠵᠢᠭᠤᠯᠬᠤ︾ ᠲᠡᠶᠢᠰᠢ ᠬᠤᠪᠢᠷᠠᠭᠤᠯᠵᠤ ᠪᠠᠶᠢᠨ᠎ᠠ ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号