ᠲᠦᠩᠯᠢᠶᠣᠣ ᠬᠤᠲᠠ ᠶᠢᠨ ᠬᠢᠨ ᠬᠠᠯᠠᠮᠵᠢ ᠶᠢᠨ ᠳᠠᠭᠠᠳᠬᠠᠯ ᠢᠶᠠᠷ ᠪᠠᠭᠤᠷᠠᠶᠢᠴᠤᠤᠯ ᠤᠨ ᠬᠡᠦᠬᠡᠳ ᠲᠤ ᠥᠮᠥᠭ ᠲᠦᠰᠢᠭ ᠪᠣᠯᠵᠤ  ᠪᠠᠶᠢᠨ᠎ᠠ
ᠨᠡᠶᠢᠲᠡᠯᠡᠭᠰᠡᠨ ᠴᠠᠭ᠄
2024/9/3
    ‍ᠦ᠋ᠴᠢᠷᠳᠡᠯ ᠳᠤ ᠲᠤᠯᠭᠠᠷᠠᠭᠰᠠᠨ ᠬᠡᠦᠬᠡᠳ ᠪᠠ ᠭᠡᠷ ᠲᠤ ᠪᠠᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ  ᠴᠢᠩᠭᠠᠳᠬᠠᠨ ᠵᠠᠰᠠᠭ ᠤᠨ ᠣᠷᠳᠣᠨ ᠤ ᠦᠨᠳᠦᠰᠦᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠬᠦᠨᠳᠦ ᠡᠪᠡᠳᠴᠢᠨ᠂ ᠠᠳᠡᠯ ᠤᠨ ᠭᠡᠮᠲᠦᠯ ᠵᠡᠷᠭᠡ ᠰᠢᠯᠲᠠᠭᠠᠨ ᠠᠴᠠ ᠪᠣᠯᠵᠤ ᠠᠮᠢᠳᠤᠷᠠᠯ ᠤᠨ ᠬᠦᠴᠢᠷᠳᠡᠯ ᠢ ᠢᠳᠡᠪᠬᠢᠲᠡᠢ ᠪᠠᠷ ᠰᠡᠷᠬᠡᠶᠢᠯᠡᠬᠦ ᠶᠢᠨ ᠲᠦᠯᠤᠬᠡ ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 30 ᠲᠦᠮᠡᠨ ᠲᠥᠭᠦᠷᠢᠭ ᠣᠷᠣᠭᠤᠯᠵᠤ ᠪᠥᠬᠦ ᠬᠤᠲᠠ ᠶᠢᠨ 3848 ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠠ ᠭᠡᠷ ᠲᠤ ᠪᠠᠨ ᠬᠤᠴᠣᠷᠤᠭᠰᠠᠨ ᠬᠡᠦᠬᠡᠳ ᠲᠤ ᠠᠳᠡᠯ  ᠤᠨ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠦᠭᠬᠦᠬᠡᠳ  ᠬᠠᠯᠠᠮᠵᠢ ᠶᠢᠨ ᠳᠠᠭᠠᠳᠬᠠᠯ ᠢᠶᠠᠷ ᠳᠠᠮᠵᠢᠭᠤᠯᠤᠨ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠦᠰᠦᠨ ᠪᠤᠶᠢᠵᠢᠯᠳᠠ ᠳ᠋ᠥ‌ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ ᠥᠭᠪᠡ᠃   ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ ᠵᠠᠷᠴᠢᠮ ᠶᠣᠰᠣᠭᠠᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠪᠠ ᠬᠥᠭᠵᠢᠯᠲᠡ ᠳᠤ ᠰᠠᠭᠤᠷᠢᠯᠠᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦ ᠨᠡᠮᠡᠷᠢᠯᠡᠬᠦ ᠶᠢ ᠪᠠᠷᠢᠮᠲᠠᠯᠠᠪᠠ᠃ ᠨᠢᠭᠡ ᠳᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠤᠬᠡᠳ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ 2298 ᠲᠥᠭᠦᠷᠢᠭ ᠪᠠᠶᠢᠭᠰᠠᠨ ᠠᠴᠠ 2500 ᠲᠥᠭᠦᠷᠢᠭ ᠪᠣᠯᠭᠠᠨ ᠲᠠᠷᠬᠠᠢ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ 1880 ᠲᠥᠭᠦᠷᠢᠭ ᠪᠠᠶᠢᠭᠰᠠᠨ ᠠᠴᠠ 2050 ᠲᠥᠭᠦᠷᠢᠭ ᠪᠣᠯᠭᠠᠨ ᠳᠡᠭᠡᠭᠰᠢᠯᠡᠭᠦᠯᠪᠡ᠂ ᠡᠨᠡ ᠵᠢᠯ ᠤᠨ 1—8 ᠰᠠᠷ᠎ᠠ ᠳᠤ ᠪᠥᠬᠦ ᠬᠤᠲᠠ ᠳᠤ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠶᠢ 1120 ᠲᠦᠮᠡᠨ ᠲᠥᠭᠦᠷᠢᠭ ᠲᠠᠷᠬᠠᠭᠠᠵᠠᠢ᠃ ᠬᠤᠶᠠᠷ ᠲᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠭᠦᠷ  ᠤᠷᠭᠤᠭᠤᠯᠬᠤ ᠲᠥᠯᠥᠪᠯᠡᠭᠡ︾ ︽ᠢᠷᠡᠬᠡᠳᠤᠶᠢᠴᠢ ᠲᠥᠯᠥᠪᠯᠡᠭᠡ︾ ᠪᠠ ︽ᠬᠦᠰᠡᠯ ᠵᠡᠭᠦᠳᠦ ᠪᠠᠨ ᠲᠡᠷᠭᠡᠯᠰᠢᠭᠦᠯᠵᠦ ᠰᠤᠷᠤᠯᠭ᠎ᠠ ᠶᠢ ᠲᠡᠳᠬᠦᠬᠦ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠬᠦᠯᠦᠭᠰᠡᠨ  ᠠᠴᠠ ᠨᠠᠭᠠᠰᠢ ᠬᠦᠴᠢᠷᠳᠡᠯ ᠳᠤ ᠲᠤᠯᠭᠠᠷᠠᠭᠰᠠᠨ 360 ᠬᠡᠦᠬᠡᠳ ᠢ ᠰᠢᠭᠰᠢᠨ ᠪᠠᠶᠢᠴᠠᠭᠠᠵᠤ ᠨᠥᠬᠦᠴᠡᠯ ᠳᠤ ᠨᠡᠶᠢᠴᠡᠬᠦ 46 ᠬᠡᠦᠬᠡᠳ ᠲᠤ ᠮᠡᠰᠡ ᠵᠠᠰᠠᠯ ᠬᠢᠵᠦ᠂ ᠡᠮᠨᠡᠯᠭᠡ ᠶᠢᠨ ᠵᠠᠷᠤᠳᠠᠯ ᠢ ᠨᠢ ᠨᠡᠶᠢᠳᠡ 270 ᠭᠠᠷᠤᠢ ᠲᠦᠮᠡᠨ ᠲᠥᠭᠦᠷᠢᠭ ᠠᠷᠪᠢᠯᠠᠵᠤ ᠦᠭᠬᠦᠬᠡᠳ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ ᠪᠡᠯᠡ ᠮᠥᠩᠭᠦ ᠶᠢ 358 ᠲᠦᠮᠡᠨ ᠲᠥᠭᠦᠷᠢᠭ ᠲᠠᠷᠬᠠᠭᠠᠪᠠ᠃ ᠭᠤᠷᠪᠠ ᠳᠤ᠂ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠵᠢᠯ ᠤᠨ ᠥᠷᠲᠡᠭᠡ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠡᠬᠢ ᠪᠠᠶᠠᠯᠢᠭ ᠢ ᠡᠮᠬᠢᠯᠡᠨ   ᠬᠤᠲᠠ ᠶᠢᠨ ᠱᠠᠲᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ 1᠂ ᠬᠤᠰᠢᠭᠤ ᠰᠢᠶᠠᠨ ᠤ ᠱᠠᠲᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ 9᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ 110᠂ ᠬᠡᠦᠬᠡᠳ ᠤᠨ ᠭᠡᠷ 446 ᠶᠢ ᠪᠠᠶᠢᠭᠤᠯᠵᠤ᠂ ᠪᠥᠬᠦ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠲᠤᠰᠠᠯᠠᠵᠤ ᠬᠠᠮᠠᠭᠠᠯᠠᠬᠤ ᠦᠢᠯᠡᠴᠢᠯᠡᠭᠡ ᠶᠢ ᠨᠡᠶᠢᠳᠡᠮ ᠳᠤ ᠨᠢ ᠪᠦᠷᠬᠦᠭᠦᠯᠪᠡ︔ ᠳᠥᠷᠪᠡ ᠳᠤ᠂ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠬᠤ ᠵᠠᠷᠴᠢᠮ ᠢ ᠪᠠᠷᠢᠮᠲᠠᠯᠠᠨ ᠬᠡᠦᠬᠡᠳ ᠤᠨ ᠠᠵᠢᠯ ᠦᠢᠯᠡᠰ ᠲᠤ ᠬᠠᠶᠢᠷᠠᠲᠠᠢ᠂ ᠠᠵᠢᠯ ᠤᠨ ᠴᠢᠳᠠᠪᠤᠷᠢ ᠲᠠᠢ ᠨᠡᠶᠢᠭᠡᠮ ᠤᠨ ᠲᠤᠰᠬᠠᠢ ᠠᠵᠢᠯᠲᠠᠨ᠂ ᠬᠤᠶᠠᠷ ᠵᠥᠪᠯᠡᠯ ᠤᠨ ᠪᠠᠭ ᠤᠨ ᠪᠦᠷᠢᠯᠳᠦᠭᠦᠨ ᠢ ᠰᠣᠩᠭᠤᠵᠤ ᠦᠨᠳᠦᠰᠦᠨ ᠱᠠᠲᠤᠨ ᠤ ᠬᠡᠦᠬᠡᠳ ᠤᠨ ᠠᠵᠢᠯ ᠤᠨ ᠡᠩᠨᠡᠭᠡ ᠶᠢ ᠲᠡᠭᠦᠯᠳᠡᠷᠵᠢᠭᠦᠯᠦᠨ ᠦᠨᠳᠦᠰᠦᠨ ᠱᠠᠲᠤᠨ ᠤ ᠬᠡᠦᠬᠡᠳ ᠤᠨ ᠠᠰᠠᠷᠠᠮᠵᠢ ᠶᠢᠨ ᠠᠵᠢᠯ ᠤᠨ ᠡᠩᠨᠡᠭᠡ ᠶᠢ ᠪᠦᠬᠦᠨ ᠢ  ᠬᠠᠮᠤᠷᠠᠭᠤᠯᠤᠭᠠᠳ ᠬᠡᠦᠬᠡᠳ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠲᠠᠨ ᠤ ᠪᠣᠯᠪᠠᠰᠤᠷᠠᠯ ᠢ ᠲᠠᠰ ᠲᠥᠷᠥᠯ ᠬᠤᠪᠢᠶᠠᠨ ᠰᠠᠶᠢᠲᠤᠷ ᠬᠢᠵᠦ ᠪᠣᠯᠪᠠᠰᠤᠷᠠᠯ ᠤᠨ ᠪᠦᠷᠬᠦᠴᠡ ᠶᠢᠨ   100% ᠳᠤ ᠬᠦᠷᠬᠡᠪᠡ᠃         
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号