ᠣᠷᠳᠣᠰ ᠬᠤᠲᠠ ᠶᠢᠨ ᠳᠠᠯᠠᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ | ᠨᠡᠶᠢᠭᠡᠮ ᠤᠨ ᠨᠢᠭᠦᠯᠡᠰᠦᠩᠭᠦᠢ ᠶᠢᠨ ᠬᠦᠴᠦᠨ ᠢ ᠤᠯᠠᠨ ᠠᠷᠭ᠎ᠠ ᠪᠠᠷ ᠬᠥᠭᠵᠢᠭᠡᠵᠦ᠂ ᠨᠡᠶᠢᠲᠡ ᠶᠢᠨ ᠠᠰᠠᠷᠠᠮᠵᠢ | ᠨᠢᠭᠦᠯᠡᠰᠦᠩᠭᠦᠢ ᠶᠢᠨ ᠬᠦᠴᠦᠨ ᠤ ᠨᠡᠶᠢᠭᠡᠮ ᠤᠨ ᠲᠤᠰᠠᠯᠠᠮᠵᠢ ᠳᠤ ᠣᠷᠣᠯᠴᠠᠬᠤ ᠠᠷᠭ᠎ᠠ ᠵᠠᠮ ᠢ ᠬᠦᠴᠦᠯᠡᠨ | ᠨᠠᠪᠲᠠᠷᠡᠭᠦᠯᠵᠦ ︽ᠨᠢᠭᠡ ᠳᠤ᠂ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠤ ᠪᠦᠳᠤᠬᠡᠨ ᠪᠠᠶᠢᠭᠤᠯᠵᠤ᠂ | ᠭᠤᠷᠪᠠ ᠳᠤ ᠰᠢᠨ᠎ᠡ ᠶᠢ ᠡᠭᠦᠳᠬᠦ︾ ᠠᠵᠢᠯ ᠤᠨ ᠵᠠᠭᠪᠤᠷ ᠢᠶᠠᠷ ᠵᠠᠰᠠᠭ ᠤᠨ ᠣᠷᠳᠣᠨ ᠤ ᠲᠤᠰᠠᠯᠠᠮᠵᠢ ᠪᠠ | ᠨᠢᠭᠦᠯᠡᠰᠦᠩᠭᠦᠢ ᠶᠢᠨ ᠲᠡᠳᠬᠦᠮᠵᠢ ᠶᠢ ᠵᠣᠬᠢᠴᠠᠭᠤᠯᠤᠨ ᠬᠠᠮᠵᠢᠯᠴᠠᠬᠤ᠂ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠠᠭᠤᠰᠤᠯᠴᠠᠨ ᠥᠨᠳᠥᠷ ᠪᠦᠲᠦᠮᠵᠢᠲᠡᠶ ᠪᠠᠶᠢᠬᠤ | ᠰᠢᠨ᠎ᠡ ᠪᠠᠶᠢᠷᠢᠰᠢᠯ ᠢ ᠢᠳᠡᠪᠬᠢᠲᠡᠢ ᠪᠣᠶ ᠪᠣᠯᠭᠠᠵᠤ ᠬᠦᠴᠢᠷᠳᠡᠯᠲᠡᠢ ᠣᠯᠠᠨ ᠲᠦᠮᠡᠨ ᠤ ᠪᠠᠴᠢᠮᠳᠠᠯ ᠬᠦᠴᠢᠷᠳᠡᠯ ᠵᠣᠪᠠᠨᠢᠯ | ᠪᠠᠷᠠᠯᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠵᠦ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ | ᠲᠤᠤᠷᠵᠢᠯ ᠢ ᠨᠢᠭᠲᠠ ᠰᠦᠯᠵᠢᠵᠦ᠂ ᠨᠡᠶᠢᠭᠡᠮ ᠦ᠊ ᠲᠤᠰᠠᠯᠠᠮᠵᠢ ᠶᠢ ᠨᠠᠩ ᠬᠠᠯᠠᠭᠤᠨ ᠳᠤᠯᠠᠭᠠᠨ ᠪᠣᠯᠭᠠᠵᠤ ᠠᠷᠠᠳ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠨᠠᠩ | ᠲᠡᠭᠡᠭᠰᠢᠯᠡᠬᠦᠯᠪᠡ᠃ | | ︽ᠠᠷᠠᠳ ᠤᠨ ᠠᠮᠢᠳᠤᠷᠠᠯ ᠤᠨ ᠦᠢᠯᠡᠴᠢᠯᠡᠭᠡ︾ ᠳᠤ ᠠᠩᠬᠠᠷᠤᠯ ᠢᠶᠠᠨ ᠲᠥᠪᠯᠡᠷᠡᠭᠦᠯᠦᠨ ᠵᠦᠷᠢᠶᠡᠴᠢᠯᠡᠭᠰᠡᠨ | ᠨᠡᠶᠢᠭᠡᠮ ᠤᠨ ᠲᠤᠰᠠᠯᠠᠮᠵᠢ ᠬᠠᠨᠭ᠍ᠭᠠᠪᠠ | | | ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠳᠤ ᠲᠦᠰᠢᠭᠯᠡᠨ ᠵᠠᠰᠠᠭ ᠤᠨ | ᠣᠷᠳᠣᠨ ᠤ ᠲᠤᠰᠠᠯᠠᠮᠵᠢ ᠪᠠ ᠨᠢᠭᠦᠯᠡᠰᠦᠩᠭᠦᠢ ᠶᠢᠨ ᠲᠡᠳᠬᠦᠮᠵᠢ ᠶᠢᠨ ᠠᠵᠢᠯ ᠤᠨ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠠᠷᠠᠳ ᠤᠨ | ᠶᠠᠪᠤᠳᠠᠯ ᠤᠨ ᠲᠤᠰᠠᠯᠠᠭᠴᠢᠳ ᠡᠳᠦᠷ ᠲᠤᠲᠤᠮ ᠤᠨ ᠠᠵᠢᠯ ᠤᠨ ᠳᠤᠮᠳᠠ ᠪᠠᠨ ᠲᠤᠭ᠎ᠠ ᠪᠦᠷᠢᠳᠬᠡᠯ ᠤᠨ ᠬᠦᠰᠡᠯ ᠤᠨ | ᠺᠠᠷᠲ ᠤᠨ ᠠᠷᠭ᠎ᠠ ᠪᠠᠷ ᠬᠦᠴᠢᠷᠳᠡᠯᠲᠡᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠰᠦᠪᠡᠭᠴᠢ ᠶᠢ | ᠴᠤᠭᠯᠠᠭᠤᠯᠵᠤ ︽ᠨᠢᠭᠡ ᠡᠷᠦᠬᠡ ᠶᠢ ᠨᠢᠭᠡ ᠵᠥᠪᠯᠡᠬᠦ︾ ᠠᠷᠭ᠎ᠠ ᠪᠠᠷ ᠲᠤᠰᠠᠯᠠᠮᠵᠢ ᠬᠦᠷᠳᠡᠭᠰᠡᠳ ᠤᠨ ᠪᠣᠳᠠᠲᠠᠢ | ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠵᠦᠷᠢᠶᠡᠴᠢᠯᠡᠭᠰᠡᠨ ᠨᠡᠶᠢᠭᠡᠮ ᠤᠨ ᠲᠤᠰᠠᠯᠠᠮᠵᠢ | ᠬᠠᠨᠭ᠍ᠭᠠᠬᠰᠠᠨ ᠪᠠᠶᠢᠨ᠎ᠠ᠃ | | ᠲᠣᠭᠠᠴᠢᠯᠠᠭᠰᠠᠨ ᠲᠠᠪᠴᠠᠩ ᠢ ᠪᠠᠶᠢᠭᠤᠯᠵᠤ ᠪᠦᠬᠦ ᠶᠠᠪᠤᠴᠠ ᠶᠢ ᠮᠦᠷᠳᠡᠨ ᠲᠡᠮᠳᠡᠭᠯᠡᠪᠡ | | | ᠲᠣᠭᠠᠴᠢᠯᠠᠭᠰᠠᠨ ᠲᠤᠰᠠᠯᠠᠮᠵᠢ ᠶᠢᠨ ᠲᠠᠪᠴᠠᠩ ᠢ ᠪᠠᠶᠢᠭᠤᠯᠵᠤ᠂ ᠲᠤᠰᠠᠯᠠᠮᠵᠢ ᠶᠢᠨ ᠮᠡᠳᠡᠭᠡ ᠵᠠᠩᠭᠢ ᠶᠢ | ᠬᠤᠷᠠᠮᠳᠤᠭᠤᠯᠪᠠ᠃ ︽ ᠦᠶᠦᠭ ᠲᠤᠯᠠᠭᠠᠬᠠᠨ ᠬᠤᠲᠠ ᠶᠢᠨ ᠦᠢᠯᠡᠴᠢᠯᠡᠭᠡ︾ ᠲᠣᠭᠠᠴᠢᠯᠠᠭᠰᠠᠨ ᠤᠶᠤᠨᠴᠢ | ᠲᠤᠰᠠᠯᠠᠮᠵᠢ ᠶᠢᠨ ᠲᠠᠪᠴᠠᠩ ᠢ ᠰᠤᠳᠤᠯᠤᠨ ᠨᠡᠭᠡᠭᠡᠵᠦ᠂ ᠦᠢᠯᠡᠴᠢᠯᠡᠭᠡ ᠬᠦᠷᠳᠡᠭᠰᠡᠳ ᠤᠨ ᠪᠡᠶ᠎ᠡ ᠪᠠᠨ ᠳᠠᠭᠠᠭᠠᠵᠤ | ᠭᠤᠶᠤᠴᠢᠯᠠᠬᠤ᠂ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ᠂ | ᠵᠥᠪᠯᠡᠯᠴᠡᠭᠡᠷ ᠲᠣᠭᠲᠠᠬᠤ᠂ ᠠᠷᠠᠳ ᠤᠨ ᠶᠠᠪᠤᠳᠠᠯ ᠤᠨ ᠬᠢᠨᠠᠯᠲᠠ ᠲᠠᠯᠪᠢᠬᠤ᠂ ᠬᠠᠨᠤᠮᠵᠢ ᠶᠢᠨ ᠬᠡᠮᠵᠢᠶ᠎ᠡ ᠶᠢ ᠦᠨᠡᠯᠡᠬᠦ | ᠵᠡᠷᠭᠡ ᠪᠥᠬᠦ ᠶᠠᠪᠤᠴᠠ ᠶᠢ ᠮᠥᠷᠳᠡᠨ ᠲᠡᠮᠳᠡᠭᠯᠡᠬᠦ ᠶᠢ ᠪᠡᠶᠡᠯᠡᠭᠦᠯᠪᠡ᠃ ᠦᠢᠯᠡᠴᠢᠯᠡᠭᠡ ᠶᠢᠨ ᠪᠦᠬᠦ ᠶᠠᠪᠤᠴᠨ ᠶᠢ ᠨᠢᠭᠡ | ᠴᠣᠭᠴᠠᠵᠢᠭᠤᠯᠤᠭᠰᠠᠨ ᠲᠣᠮᠣ ᠳᠡᠯᠭᠡᠴᠡ ᠪᠠᠷ ᠦᠵᠡᠭᠦᠯᠵᠦ᠂ ᠦᠢᠯᠡᠴᠢᠯᠡᠭᠡᠨ ᠤ ᠪᠣᠳᠠᠲᠠᠢ ᠪᠠᠶᠢᠳᠠᠯ ᠢ ᠲᠣᠳᠣᠷᠬᠠᠢ | ᠡᠵᠡᠮᠰᠢᠨ᠂ ᠦᠢᠯᠡᠴᠢᠯᠡᠭᠡᠨ ᠤ ᠶᠠᠪᠤᠴᠨ ᠶᠢ ᠪᠦᠲᠦᠮᠵᠢᠲᠡᠶ ᠬᠢᠨᠠᠨ ᠬᠠᠮᠢᠶᠠᠷᠪᠠ᠃ ︽ᠥᠪᠥᠷ ᠮᠣᠩᠭᠤᠯ ᠤᠨ | ᠲᠤᠰᠠᠯᠠᠮᠵᠢ ᠶᠢᠨ ᠰᠤᠹᠲ︾ ᠶᠢ ᠭᠦᠢᠴᠡᠳ ᠠᠰᠢᠭᠯᠠᠨ ᠨᠢᠭᠦᠯᠡᠰᠦᠩᠭᠦᠢ ᠶᠢᠨ ᠡᠬᠢ ᠪᠠᠶᠠᠯᠢᠭ ᠪᠠ ᠨᠡᠶᠢᠭᠡᠮ ᠤᠨ | ᠵᠣᠬᠢᠶᠠᠨ ᠪᠠᠶᠢᠭᠤᠯᠤᠯᠲᠠ ᠲᠠᠢ ᠵᠣᠯᠭᠠᠭᠤᠯᠵᠤ᠂ ᠨᠢᠭᠦᠯᠡᠰᠦᠩᠭᠦᠢ ᠶᠢᠨ ᠲᠡᠳᠬᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ | ᠲᠡᠮᠡᠴᠡᠨ ᠣᠯᠵᠤ᠂ ᠬᠦᠴᠢᠷᠳᠡᠯᠲᠡᠢ ᠣᠯᠠᠨ ᠲᠦᠮᠡᠨ ᠳᠤ ︽ᠢᠨᠲ᠋ᠧᠷ ᠰᠦᠯᠵᠢᠶ᠎ᠡ + ᠨᠡᠶᠢᠭᠡᠮ ᠤᠨ ᠲᠤᠰᠠᠯᠠᠮᠵᠢ︾ | ᠶᠢᠨ ᠲᠦᠷᠭᠡᠨ ᠪᠦᠬᠡᠳ ᠲᠥᠬᠦᠮ ᠨᠥᠬᠦᠴᠡᠯ ᠢ ᠣᠶᠢᠯᠠᠭᠠᠭᠤᠯᠵᠤ᠂ ︽ᠲᠤᠭ᠎ᠠ ᠪᠠᠷᠢᠮᠲᠠ ᠶᠢ ᠢᠯᠡᠭᠦᠬᠡᠨ | ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠪᠡ᠃ | ︽ᠲᠠᠪᠤᠨ ᠨᠡᠶᠢᠬᠡᠮ ᠵᠢᠷᠭᠤᠭᠠᠨ ᠥᠷᠲᠡᠭᠡ︾ ᠶᠢᠨ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠵᠤ ᠲᠤᠰᠠᠯᠠᠵᠤ | ᠲᠡᠳᠬᠦᠬᠦ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠪᠠ᠃ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠵᠦ᠂ | ᠵᠢᠷᠭᠤᠭᠠᠨ ᠥᠷᠲᠡᠭᠡ ᠠᠭᠤᠰᠤᠯᠴᠠᠬᠤ︾ ᠨᠢᠭᠡ ᠬᠥᠯᠭᠡ ᠰᠢᠲᠠᠷ᠎ᠠ ᠶᠢᠨ ᠬᠥᠭᠵᠢᠯᠲᠡ ᠶᠢᠨ ᠤᠶᠢᠯᠠᠭᠠᠬᠳᠠᠬᠤᠨ ᠢ | ᠪᠠᠷᠢᠮᠲᠠᠯᠠᠨ᠂ ᠠᠷᠠᠳ ᠤᠨ ᠶᠠᠪᠤᠳᠠᠯ ᠤᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ | ᠪᠣᠶ ᠪᠤᠯᠭᠠᠪᠠ᠃ ︽ᠲᠠᠪᠤᠨ ᠨᠡᠶᠢᠬᠡᠮ ᠵᠢᠷᠭᠤᠭᠠᠨ ᠥᠷᠲᠡᠭᠡ︾ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠢᠶᠠᠷ ᠵᠠᠩᠭᠢᠯᠠᠭ᠎ᠠ ᠪᠣᠯᠭᠠᠵᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠤ ᠡᠬᠢ ᠪᠠᠶᠠᠯᠢᠭ ᠢ ᠬᠠᠮᠳᠤ ᠪᠠᠷ | ᠡᠳ᠋ᠯᠡᠬᠦ᠂ ᠦᠢᠯᠡᠴᠢᠯᠡᠭᠡᠨ ᠤ ᠬᠠᠷᠢᠯᠴᠠᠨ ᠬᠤᠯᠪᠣᠭᠠᠯᠠᠬᠤ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠶᠢ | ᠴᠢᠨᠠᠭᠰᠢᠳᠠ ᠠᠬᠢᠭᠤᠯᠵᠤ᠂ ᠲᠥᠷᠥᠯ ᠬᠤᠪᠢᠶᠠᠨ ᠪᠦᠷᠢᠳᠬᠡᠬᠦ᠂ ᠡᠮᠬᠢᠯᠡᠨ ᠬᠤᠷᠢᠶᠠᠩᠭᠤᠶᠢᠯᠠᠬᠤ ᠪᠠᠷ ᠳᠠᠮᠵᠢᠭᠤᠯᠤᠨ | ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠣᠶ ᠪᠣᠯᠭᠠᠵᠤ᠂ ᠠᠵᠤ ᠠᠬᠤᠢ ᠶᠢᠨ ᠲᠤᠰᠠᠯᠠᠮᠵᠢ᠂ ᠭᠡᠷ ᠲᠤ ᠨᠢ | ᠬᠦᠷᠴᠦ ᠬᠠᠷᠠᠭᠠᠯᠵᠠᠨ ᠠᠰᠠᠷᠠᠬᠤ᠂ ᠭᠡᠷ ᠪᠦᠯᠢ ᠶᠢᠨ ᠠᠷᠢᠭᠤᠨ ᠴᠡᠪᠡᠷ ᠲᠤ ᠲᠤᠰᠠᠯᠠᠬᠤ ᠵᠡᠷᠭᠡ ᠬᠡᠷᠡᠭᠴᠡᠭᠡ | ᠱᠠᠭᠠᠷᠳᠠᠯᠭ᠎ᠠ ᠶᠢ 1050 ᠵᠤᠷᠪᠤᠰ ᠴᠤᠭᠯᠠᠭᠤᠯᠵᠤ᠂ ᠡᠬᠢ ᠪᠠᠶᠠᠯᠢᠭ ᠤᠨ ᠨᠠᠷᠢᠨ ᠲᠠᠩᠰᠠ ᠶᠢ ᠪᠠᠶᠢᠭᠤᠯᠤᠨ᠂ | ᠬᠠᠨᠳᠢᠪ ᠡᠷᠬᠦᠬᠦ ᠠᠵᠤ ᠠᠬᠤᠶᠢᠯᠠᠯ᠂ ᠰᠠᠶᠢᠨ ᠳᠤᠷ᠎ᠠ ᠶᠢᠨ ᠠᠵᠢᠯᠯᠠᠭᠴᠢ᠂ ᠰᠠᠭᠤᠭ᠎ᠠ ᠭᠠᠵᠠᠷ ᠤᠨ ᠨᠢᠬᠡᠴᠢ ᠵᠡᠷᠭᠡ | 217 ᠡᠬᠢ ᠪᠠᠶᠠᠯᠢᠭ ᠢ ᠬᠤᠯᠪᠣᠵᠤ᠂ 16 ᠬᠥᠮᠥᠨ ᠢ ᠬᠠᠪᠰᠤᠷᠤᠨ ᠵᠡᠮᠳᠡᠭ ᠤᠨ ᠦᠨᠡᠮᠯᠡᠯ ᠢ ᠭᠦᠢᠴᠡᠳᠬᠡᠵᠦ᠂ 13 | ᠡᠷᠦᠬᠡ ᠶᠢᠨ 18 ᠬᠥᠮᠥᠨ ᠢ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠬᠦᠴᠢᠷᠳᠡᠯ ᠳᠤ ᠲᠤᠯᠭᠠᠷᠠᠭᠰᠠᠨ | 18 ᠬᠡᠦᠬᠡᠳ ᠲᠤ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠬᠠᠷᠠᠭᠠᠯᠵᠠᠨ ᠠᠰᠠᠷᠠᠬᠤ ᠭᠤᠶᠤᠴᠢᠯᠠᠯ | ᠭᠠᠷᠭᠠᠵᠤ ᠥᠭᠪᠡ᠃ | | ᠰᠢᠨ᠎ᠡ ᠨᠠᠷᠠᠲᠤ ᠲᠡᠮᠳᠡᠭᠲᠦ ᠶᠢ ᠡᠭᠦᠳᠴᠦ ᠦᠢᠯᠡᠴᠢᠯᠡᠭᠡᠨ ᠤ ᠴᠢᠨᠰᠠᠭ᠎ᠠ ᠶᠢ ᠲᠡᠭᠡᠭᠰᠢᠯᠡᠬᠦᠯᠪᠡ | | ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ︽ᠪᠣᠳᠠᠰ + ᠦᠢᠯᠡᠴᠢᠯᠡᠭᠡ︾ ᠶᠢᠨ ᠲᠤᠰᠠᠯᠠᠮᠵᠢ ᠶᠢᠨ ᠦᠷ᠎ᠡ | ᠪᠦᠲᠦᠮᠵᠢ ᠶᠢ ᠲᠡᠭᠡᠭᠰᠢᠯᠡᠬᠦᠯᠪᠡ᠃ ᠲᠤᠰᠬᠠᠢ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠲᠤᠰᠠᠯᠠᠮᠵᠢ ᠶᠢᠨ | ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠣᠷᠣᠯᠭ᠎ᠠ ᠪᠠᠭ᠎ᠠ ᠬᠦᠴᠢᠷᠳᠡᠯᠲᠡᠢ ᠭᠡᠷ | ᠪᠦᠯᠢ ᠳᠤ ᠬᠠᠨᠳᠤᠭᠤᠯᠤᠨ ︽ᠪᠣᠳᠠᠰ + ᠦᠢᠯᠡᠴᠢᠯᠡᠭᠡ︾ ᠵᠢ᠊ ᠲᠤᠰᠠᠯᠠᠮᠵᠢ ᠶᠢᠨ ᠠᠵᠢᠯ ᠢ ᠥᠷᠨᠢᠭᠦᠯᠵᠦ᠂ | ᠠᠮᠢᠳᠤᠷᠠᠯ ᠤᠨ ᠦᠢᠯᠡᠴᠢᠯᠡᠭᠡ᠂ ᠡᠷᠡᠭᠦᠯ ᠮᠡᠨᠳᠦ ᠶᠢᠨ ᠬᠠᠮᠢᠶᠠᠷᠤᠯᠲᠠ᠂ ᠠᠰᠠᠷᠠᠨ ᠰᠤᠪᠢᠯᠠᠬᠤ᠂ ᠨᠡᠶᠢᠭᠡᠮ ᠤᠨ | ᠠᠭᠤᠰᠤᠯᠴᠠᠯ᠂ ᠴᠢᠳᠠᠪᠤᠷᠢ ᠶᠢᠨ ᠳᠡᠭᠡᠭᠰᠢᠯᠡᠯᠲᠡ ᠪᠠ ᠡᠬᠢ ᠪᠠᠶᠠᠯᠢᠭ ᠤᠨ ᠬᠤᠯᠪᠣᠯᠳᠤᠯ ᠵᠡᠷᠭᠡ 6 ᠶᠡᠭᠡ ᠲᠥᠷᠥᠯ ᠤᠨ | 26 ᠵᠦᠢᠯ ᠤᠨ ᠦᠢᠯᠡᠴᠢᠯᠡᠭᠡ ᠶᠢ ᠬᠠᠮᠤᠷᠤᠭᠠᠳ 570 ᠤᠳᠠᠭ᠎ᠠ ᠦᠢᠯᠡᠴᠢᠯᠡᠭᠡ ᠥᠷᠨᠢᠭᠦᠯᠵᠦ᠂ 392 | ᠡᠷᠦᠬᠡ ᠳᠤ ᠬᠦᠷᠴᠦ ᠲᠡᠳᠬᠦᠪᠡ᠃ | ᠲᠦᠷᠦᠯ ᠵᠦᠢᠯ ᠢ ᠪᠠᠶᠢᠭᠤᠯᠵᠤ ᠪᠠᠭᠤᠷᠠᠶᠢᠴᠤᠤᠯ ᠤᠨ ᠠᠮᠢᠳᠤᠷᠠᠯ ᠢ ᠰᠠᠶᠢᠵᠢᠷᠠᠭᠤᠯᠪᠠ᠃ ᠲᠠᠯᠠᠳ | ᠬᠤᠰᠢᠭᠤᠨ ᠤ ᠡᠩᠭᠡᠪᠠᠢ ᠪᠠᠯᠭᠠᠰᠤ᠂ ᠰᠢᠨ᠎ᠡ ᠵᠡᠭᠡᠯᠢ ᠭᠤᠳᠤᠮᠵᠢ᠂ ᠫᠢᠡᠭ ᠶᠤᠸᠠᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠬᠢᠨ ᠤ ᠨᠠᠰᠤᠳᠠᠶᠢᠴᠤᠳ ᠬᠡᠤᠬᠡᠳ ᠵᠡᠷᠬᠡ ᠬᠦᠴᠢᠷᠳᠡᠯᠲᠡᠢ ᠬᠦᠮᠦᠰ᠂ ᠵᠡᠮᠳᠡᠭᠴᠤᠳ᠂ | ᠪᠠᠭᠤᠷᠠᠶᠢᠴᠤᠤᠯ ᠤᠨ ᠲᠣᠭᠤᠷᠢᠨ ᠳᠤ ︽ᠬᠡᠦᠬᠡᠳ ᠢ ᠬᠠᠯᠠᠮᠵᠢᠯᠠᠬᠤ︾ — ᠠᠯᠲᠠᠨ ᠨᠠᠮᠤᠷ ᠤᠨ ᠰᠤᠷᠤᠯᠭ᠎ᠠ ᠶᠢ | ᠲᠡᠳᠬᠦᠬᠦ᠂ ︽ᠲᠤᠰᠠᠯᠠᠮᠵᠢ ᠲᠡᠷᠬᠡᠳᠡ ᠴᠢᠨᠢ ᠪᠤᠢ︾ — ᠶᠡᠭᠡ ᠬᠠᠶᠢᠷ᠎ᠠ ᠪᠠᠷ ᠬᠤᠲᠠ ᠶᠢ ᠳᠤᠯᠠᠭᠠᠯᠠᠬᠤ᠂ ︽ | ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ᠦᠳᠡᠯᠤᠬᠡ ᠪᠤᠭᠤᠷᠤᠯᠴᠤᠤᠯ ᠳᠤ ᠲᠤᠰᠠᠯᠠᠬᠤ︾ | ᠨᠢᠭᠦᠯᠡᠰᠦᠩᠭᠦᠢ ᠶᠢᠨ ᠲᠤᠰᠠᠯᠠᠮᠵᠢ᠂ ︽ᠬᠠᠶᠢᠷ᠎ᠠ ᠲᠠᠢ ᠪᠣᠯ ᠰᠠᠭᠠᠳ ᠦᠭᠡᠢ᠂ ᠣᠯᠠᠨ ᠢᠶᠠᠷ ᠢᠶᠠᠨ ᠬᠠᠶᠢᠷ᠎ᠠ ᠪᠠᠷ | ᠠᠶᠠᠯᠠᠬᠤ ᠶᠢ ᠳᠡᠮᠵᠢᠬᠦ︾ ᠵᠡᠮᠳᠡᠭᠴᠦᠳ ᠤᠨ ᠬᠦᠷᠳᠦᠲᠦ ᠰᠠᠨᠳᠠᠯᠢ ᠬᠠᠨᠳᠢᠪᠯᠡᠬᠤ ᠵᠡᠷᠭᠡ ᠲᠥᠷᠥᠯ ᠵᠦᠢᠯ ᠢ | ᠥᠷᠨᠢᠭᠦᠯᠵᠡᠢ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠨᠡᠶᠢᠲᠡ 20.45 ᠲᠦᠮᠡᠨ ᠲᠥᠭᠦᠷᠢᠭ ᠤᠨ | ᠬᠠᠨᠳᠢᠪ ᠤᠨ ᠮᠥᠩᠭᠦ ᠴᠤᠭᠯᠠᠭᠤᠯᠵᠤ᠂ ᠬᠠᠷᠢᠶᠠᠲᠤ ᠣᠷᠣᠨ ᠤ 22 ᠡᠷᠦᠬᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠬᠦᠴᠢᠷᠳᠡᠯ ᠲᠠᠢ ᠭᠡᠷ ᠪᠦᠯᠢ ᠳᠤ 2.1 ᠲᠦᠮᠡᠨ | ᠲᠥᠭᠦᠷᠢᠭ ᠤᠨ ᠨᠢᠭᠦᠯᠡᠰᠦᠩᠭᠦᠢ ᠶᠢᠨ ᠲᠤᠰᠠᠯᠠᠮᠵᠢ ᠶᠢᠨ ᠮᠥᠩᠭᠦ ᠴᠤᠭᠯᠠᠭᠤᠯᠵᠤ᠂ ᠬᠠᠷᠢᠶᠠᠲᠤ ᠣᠷᠣᠨ ᠤ 20 | ᠡᠷᠦᠬᠡ ᠶᠢᠨ ᠵᠡᠮᠳᠡᠭᠴᠦᠳ ᠤᠨ ᠭᠡᠷ ᠪᠦᠯᠢ᠂ ᠭᠠᠭᠴᠠᠭᠠᠷ ᠰᠠᠭᠤᠭ᠎ᠠ ᠦᠳᠡᠬᠦᠰ ᠂ ᠭᠡᠷ ᠲᠤ ᠪᠠᠨ ᠬᠤᠴᠣᠷᠤᠭᠰᠠᠨ | ᠨᠠᠰᠤᠲᠠᠶᠢᠴᠤᠳ ᠲᠤ 1 ᠲᠦᠮᠡᠨ ᠲᠥᠭᠦᠷᠢᠭ ᠤᠨ ᠨᠢᠭᠦᠯᠡᠰᠦᠩᠭᠦᠢ ᠶᠢᠨ ᠲᠤᠰᠠᠯᠠᠮᠵᠢ ᠶᠢᠨ ᠮᠥᠩᠭᠦ | ᠴᠤᠬᠯᠠᠭᠤᠯᠤᠭᠠᠳ ᠭᠡᠷ ᠲᠤ ᠨᠢ ᠬᠦᠷᠴᠦ ᠠᠷᠢᠭᠤᠨ ᠴᠡᠪᠡᠷ ᠲᠤ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠳᠤ | ᠬᠡᠷᠡᠭᠯᠡᠵᠦ᠂ ᠬᠦᠴᠢᠷᠳᠡᠯ ᠲᠠᠢ ᠣᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠪᠠ᠃ | ᠨᠠᠷᠠᠲᠤ ᠲᠡᠮᠳᠡᠭᠲᠦ ᠶᠢ ᠪᠣᠶ ᠪᠣᠯᠭᠠᠵᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠬᠢᠨ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯ ᠢ ᠬᠦᠭᠵᠢᠬᠡᠪᠡ᠃ ᠵᠠᠰᠠᠭ ᠤᠨ ᠣᠷᠳᠣᠨ ᠤ | ᠲᠤᠰᠠᠯᠠᠮᠵᠢ ᠪᠠ ᠨᠢᠭᠦᠯᠡᠰᠦᠩᠭᠦᠢ ᠶᠢᠨ ᠲᠡᠳᠬᠦᠮᠵᠢ ᠶᠢ ᠪᠦᠲᠦᠮᠵᠢᠲᠡᠶ ᠵᠣᠯᠭᠠᠭᠤᠯᠬᠤ ᠲᠤᠷᠰᠢᠯᠲᠠ ᠶᠢᠨ ᠴᠡᠭ ᠤᠨ | ᠲᠥᠷᠥᠯ ᠵᠦᠢᠯ ᠢ ᠬᠡᠷᠡᠭᠵᠢᠭᠦᠯᠵᠦ ︽ᠨᠢᠬᠦᠯᠡᠰᠤᠩᠭᠦᠢ ᠶᠢᠨ ᠠᠵᠢᠯᠯᠠᠭ᠎ᠠ ᠶᠢ ᠤᠯᠠᠮᠵᠢᠯᠠᠨ ᠬᠦᠮᠦᠰ ᠤᠨ ᠰᠡᠳᠬᠢᠯ ᠢ | ᠦᠶᠦᠭᠰᠢᠬᠦᠯᠤᠶᠡ︾ ᠬᠡᠬᠦ ᠨᠢᠭᠦᠯᠡᠰᠦᠩᠭᠦᠢ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠨᠢᠭᠦᠯᠡᠰᠦᠩᠭᠦᠢ ᠶᠢᠨ | ᠦᠳᠡᠰᠢᠯᠡᠭᠡ ᠡᠷᠭᠢᠯᠡᠵᠦ ᠬᠠᠨᠳᠢᠪ ᠡᠷᠬᠦᠬᠦ ᠠᠵᠤ ᠠᠬᠤᠶᠢᠯᠠᠯ᠂ ᠨᠡᠶᠢᠭᠡᠮ ᠤᠨ ᠬᠥᠮᠥᠰ ᠵᠡᠷᠭᠡ ᠨᠡᠶᠢᠭᠡᠮ ᠤᠨ | ᠬᠦᠴᠦᠨ ᠢ ᠪᠠᠶᠢᠩᠭᠤᠵᠢᠭᠤᠯᠤᠨ ᠵᠢᠯᠤᠭᠤᠳᠴᠤ ᠪᠠᠶᠢᠭᠠᠳ ᠡᠳ᠋ ᠮᠥᠩᠭᠦ ᠡᠳ᠋ ᠪᠣᠳᠠᠰ ᠬᠠᠨᠳᠢᠪᠯᠠᠭᠤᠯᠵᠤ᠂ | ᠨᠢᠬᠦᠯᠡᠰᠤᠩᠭᠦᠢ ᠶᠢᠨ ᠮᠥᠩᠭᠦ ᠪᠠ ᠡᠳ᠋ ᠪᠣᠳᠠᠰ 71.63 ᠲᠦᠮᠡᠨ ᠲᠥᠭᠦᠷᠢᠭ ᠴᠤᠭᠯᠠᠭᠤᠯᠪᠠ᠃ | | | | | | | | |