ᠰᠦᠨ ᠱᠤᠤ ᠴᠸᠡᠭ ᠬᠤᠷᠠᠯ ᠢ ᠡᠷᠬᠢᠯᠡᠨ᠂ ᠸᠠᠩ ᠯᠢ ᠰᠢᠶ᠋ᠨ ᠵᠠᠰᠠᠭ ᠤᠨ ᠤᠷᠳᠤᠨ ᠤ ᠮᠡᠳᠡᠬᠦᠯᠤᠯᠳᠡ ᠬᠢᠪᠠ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ 1 ᠳ᠋ᠤᠬᠡᠷ ᠰᠠᠷ᠎ᠠ ᠶᠢᠨ 14 ᠤ ᠡᠳᠦᠷ ᠤᠨ | ᠦᠳᠡ ᠶᠢᠨ ᠡᠮᠦᠨ᠎ᠡ ᠬᠦᠬᠡᠬᠤᠳᠠ ᠳᠤ ᠡᠬᠢᠯᠡᠯ᠎ᠡ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ1 ᠳ᠋ᠤᠬᠡᠷ ᠰᠠᠷ᠎ᠠ ᠶᠢᠨ 14 ᠤ ᠡᠳᠦᠷ ᠤᠨ | ᠦᠳᠡ ᠶᠢᠨ ᠡᠮᠦᠨᠡᠬᠢ 9 ᠴᠠᠭ ᠲᠤ ᠦᠪᠤᠷ ᠮᠤᠩᠭᠤᠯ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠵᠤ | ᠪᠠᠶᠢᠭ᠎ᠠ ᠨᠢ | ᠥᠪᠥᠷ ᠮᠣᠩᠭᠤᠯ ᠤᠨ ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠰᠦᠨ ᠱᠤᠤ ᠴᠧᠩ ᠶᠡᠭᠡ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ᠂ ᠵᠠᠩ ᠱᠤᠤ | ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠸ ᠹᠸᠡᠭ᠂ ᠠᠢ ᠯᠢ ᠬᠤᠸ᠋ᠨ᠂ ᠯᠢ ᠪᠢᠩ ᠷᠦᠩ᠂ | ᠦ᠋ ᠶᠠᠨ ᠭᠠᠩ᠂ ᠸᠠᠨ ᠴᠤᠤ ᠴᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠯ᠎ᠠ᠃ | ᠸᠠᠩ ᠯᠢ ᠰᠢᠶᠠ᠂ ᠵᠠᠩ ᠶᠠᠨ ᠺᠦᠨ᠂ ᠱᠢ ᠭᠤᠸᠠᠩ ᠬᠤᠢ᠂ ᠯᠢᠦ ᠱᠤᠸᠠᠩ᠂ ᠪᠦᠦ ᠭᠠᠩ᠂ ᠮᠧᠩ ᠰᠢᠶᠠᠨ | ᠳ᠋ᠦᠩ᠂ ᠶᠠᠩ ᠰᠢᠶᠤᠤ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠤᠳᠠᠭᠤᠯᠨ᠂ ᠢᠦᠢ ᠯᠢ ᠰᠢᠨ᠂ ᠪᠦᠦ | ᠰᠢᠶᠠᠨ ᠬᠤᠸᠠ᠂ ᠵᠧᠩ ᠭᠤᠸᠠᠩ ᠵᠤᠤ ᠂ ᠶᠤᠤ ᠶᠦᠩ ᠪᠥᠸᠧ᠂ ᠲᠠᠶᠢᠴᠢᠨ᠂ ᠶᠠᠩ ᠶᠢᠨ᠂ ᠰᠦᠨ ᠵᠢᠶᠦ᠋ᠨ | ᠴᠢᠩ᠂ ᠶᠠᠩ ᠸᠧᠢ ᠳ᠋ᠦᠩ᠂ ᠯᠥᠸᠧ ᡁᠢ ᠬᠤ᠋᠂ ᠴᠢᠮᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ | ᠵᠠᠩ ᠪᠠᠢ ᠴᠧᠩ᠂ ᠶᠠᠩ ᠵᠢᠶᠧ᠂ ᠶᠠᠩ ᠭᠦᠸᠧ ᠠᠨ᠂ ᠵᠠᠩ ᠸᠧᠨ ᠬᠤᠶ᠂ ᠶᠠᠩ ᠽᠥᠩ ᠷᠧᠨ᠂ ᠯᠢ ᠶᠦᠩ | ᠵᠢᠶᠦ᠋ᠨ᠂ ᠴᠧᠨ ᠯᠦ ᠱᠧᠩ᠂ ᠵᠠᠩ ᠵᠢᠶᠦ᠋ᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠤᠵᠠᠭᠠᠬᠰᠠᠨ ᠶᠤᠮ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 532 ᠬᠥᠮᠥᠨ ᠤ ᠲᠤᠳᠤᠷ᠎ᠠ ᠲᠣᠰ ᠪᠥᠬᠦᠳᠡ | ᠬᠤᠷᠠᠯ ᠳᠤ 509 ᠲᠦᠯᠤᠬᠡᠯᠡᠭᠴᠢ ᠤᠷᠤᠯᠴᠠᠨ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ | ᠃ | | | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠬᠦ | ᠲᠡᠷᠢᠭᠦᠯᠡᠭᠴᠢ ᠰᠦᠨ ᠱᠣᠸ ᠴᠧᠩ 1 ᠳ᠋ᠤᠬᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠶᠡᠭᠡ ᠬᠤᠷᠠᠯ ᠢ | ᠡᠷᠭᠢᠯᠡᠪᠡ᠃ | ᠰᠤᠷᠪᠤᠯᠵᠢᠯᠠᠭᠴᠢ ᠮᠠ ᠵᠢᠶᠠᠨ ᠴᠢᠤᠸᠠᠨ ᠰᠡᠭᠦᠳᠡᠷᠯᠡᠪᠡ | ᠰᠦᠨ ᠱᠣᠸ ᠴᠧᠩ ᠦᠳᠡ ᠶᠢᠨ ᠡᠮᠦᠨᠡᠬᠢ 9 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠲᠠᠭᠠᠵᠤ | ᠳᠠᠭᠤᠯᠠᠪᠠ᠃ | | | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ | ᠸᠠᠩ ᠯᠢ ᠰᠢᠶᠠ 1 ᠳ᠋ᠤᠬᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠶᠡᠭᠡ ᠬᠤᠷᠠᠯ ᠳᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠬᠢᠵᠤ ᠪᠠᠶᠢᠭ᠎ᠠ ᠨᠢ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ | ᠸᠠᠩ ᠯᠢ ᠰᠢᠶᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | ᠸᠠᠩ ᠯᠢ ᠰᠢᠶᠠ᠄ ︽2024 ᠣᠨ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠠᠭᠠᠭᠤᠯᠭ᠎ᠠ ᠪᠠᠷ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠳᠤᠳᠬᠠᠨ | ᠥᠭᠡᠷᠡᠴᠢᠯᠡᠯᠲᠡ ᠶᠢᠨ ᠠᠷᠭ᠎ᠠ ᠪᠠᠷ ᠬᠥᠳᠡᠯᠭᠡᠬᠦ ᠬᠦᠴᠦᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ | ᠠᠵᠤ ᠠᠬᠤᠢ ᠶᠢᠨ ᠬᠥᠭᠵᠢᠯᠲᠡ ᠶᠢ ᠠᠳᠬᠤᠬᠤ ᠶᠢᠨ ᠬᠠᠮᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ | ᠢ ᠶᠢ ᠠᠳᠬᠤᠵᠤ᠂ ᠬᠤᠶᠠᠷ ᠶᠡᠭᠡ ᠶᠠᠪᠤᠳᠠᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ ︽ᠵᠢᠷᠭᠤᠭᠠᠨ | ᠢᠨᠵᠧᠨᠧᠷᠢᠩ︾ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ ᠰᠢᠨ᠎ᠡ ᠵᠠᠮ ᠢᠶᠠᠷ ᠵᠠᠮᠨᠠᠵᠤ ᠳᠤᠮᠳᠠ | ᠲᠦᠪᠰᠢᠨ ᠳᠤ ᠣᠷᠣᠬᠤ ᠪᠣᠳᠠᠲᠠᠢ ᠠᠯᠬᠤᠮ ᠢ ᠠᠯᠬᠤᠪᠠ᠃ ᠡᠶᠢᠮᠦ ᠠᠮᠵᠢᠯᠲᠠ ᠶᠢ ᠣᠯᠵᠤ ᠴᠢᠳᠠᠭᠰᠠᠨ ᠤ ᠦᠨᠳᠦᠰᠦ | ᠨᠢ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠷ ᠢ ᠠᠳᠬᠤᠨ ᠠᠶᠠᠯᠠᠯ ᠢ ᠵᠢᠯᠤᠭᠤᠳᠤᠬᠰᠠᠨ ᠪᠠ ᠳᠣᠲᠣᠨᠣ | ᠬᠠᠯᠠᠮᠵᠢᠯᠠᠯ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠳᠠᠶᠠᠭᠠᠷ ᠢᠶᠠᠨ ᠳᠠᠭᠠᠭᠤᠯᠤᠨ ᠪᠦᠯᠬᠦᠮᠳᠡᠨ | ᠨᠢᠭᠡᠳᠴᠦ ᠬᠦᠴᠢᠷ ᠢ ᠲᠠᠪᠠᠨ ᠤᠷᠤᠭᠰᠢᠯᠠᠵᠤ ᠡᠷᠡᠯᠬᠡᠭᠯᠡᠨ ᠲᠡᠮᠡᠴᠡᠭᠰᠡᠨ ᠳᠤ ᠪᠠᠶᠢᠨ᠎ᠠ︾ ᠬᠡᠵᠡᠢ᠃ | ᠸᠠᠩ ᠯᠢ ᠰᠢᠶᠠ᠄ ︽ᠡᠨᠡ ᠵᠢᠯ ᠤᠨ ᠠᠵᠢᠯ ᠢᠶᠠᠨ ᠰᠠᠶᠢᠲᠤᠷ ᠬᠢᠵᠦ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ | ᠵᠢᠯᠣᠭᠤᠳᠤᠮᠵᠢ ᠪᠤᠯᠭᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠲᠣᠭᠲᠠᠭᠤᠨ ᠤ ᠳᠤᠮᠳᠠ | ᠤᠷᠤᠭᠰᠢᠯᠠᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠰᠢᠨ᠎ᠡ ᠶᠢ ᠡᠭᠦᠳᠬᠦ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠬᠥᠭᠵᠢᠯᠲᠡ ᠪᠣᠯᠣᠨ ᠠᠶᠤᠯ ᠦᠬᠡᠢ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ︽ᠨᠢᠭᠡ | ᠭᠤᠣᠯ ᠰᠢᠵᠢᠮ ᠢ ᠲᠤᠭᠤᠰᠢᠯᠠᠭᠤᠯᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠤᠨ ᠰᠢᠨ᠎ᠡ ᠵᠠᠮ ᠢᠶᠠᠷ ᠵᠠᠮᠨᠠᠵᠤ ᠳᠤᠮᠳᠠ ᠲᠦᠪᠰᠢᠨ ᠳᠤ ᠤᠷᠤᠬᠤ︾ ᠲᠠᠯ᠎ᠠ ᠪᠠᠷ ᠨᠡᠩ ᠶᠡᠭᠡ | ᠠᠬᠢᠴᠠ ᠲᠠᠢ ᠪᠣᠯᠬᠤ ᠪᠠᠷ ᠴᠢᠷᠮᠠᠶᠢᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠬᠦ ᠬᠡᠷᠡᠭᠳᠡᠢ︾ ᠬᠡᠪᠡ᠃ | ᠸᠠᠩ ᠯᠢ ᠰᠢᠶᠠ ᠮᠡᠳᠡᠭᠦᠯᠦᠯᠲᠡ ᠳᠤ ᠪᠠᠨ᠄ ︽2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠵᠢᠱᠢᠭᠰᠡᠨ ᠬᠠᠷᠠᠯᠲᠠ ᠶᠢ ᠳᠤᠷᠠᠳᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% | ᠣᠷᠴᠢᠮ ᠢᠶᠠᠷ ᠨᠡᠮᠡᠭᠳᠡᠬᠦᠯᠤᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ | 7% ᠣᠷᠴᠢᠮ ᠢᠶᠠᠷ ᠨᠡᠮᠡᠭᠳᠡᠭᠦᠯᠦᠨ᠎ᠡ᠃ ᠲᠣᠭᠲᠠᠮᠠᠯ ᠬᠦ᠋ᠷᠦᠩᠬ᠋ᠡ ᠶᠢᠨ ᠪᠡᠯᠡ ᠣᠷᠣᠭᠤᠯᠤᠯᠲᠠ ᠶᠢ 10% ᠡᠩ ᠤᠨ | ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ᠃ | ᠬᠤᠳᠠ ᠪᠠᠯᠭᠠᠰᠤᠨ ᠳᠤ 18 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ ᠬᠤᠳᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5 % ᠣᠷᠴᠢᠮ ᠪᠠᠶᠢᠯᠭᠠᠨ᠎ᠠ᠃ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 2% ᠣᠷᠴᠢᠮ ᠤᠯᠤᠰ ᠠᠴᠠ ᠪᠠᠭᠤᠯᠭᠠᠭᠰᠠᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠢ ᠡᠨᠧᠷᠭᠢ ᠶᠢᠨ ᠬᠤᠷᠣᠭᠳᠠᠭᠤᠯᠤᠯ ᠤᠨ | ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ︾ ᠬᠡᠯᠡ᠃ | ᠸᠠᠩ ᠯᠢ ᠰᠢᠶᠠ ᠄ ︽ᠡᠨᠡ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ ︿ᠲᠠᠪᠤᠨ ᠶᠡᠭᠡ ᠡᠭᠦᠷᠭᠡ﹀ ᠶᠢᠨ ᠲᠣᠭᠤᠷᠢᠨ ᠳᠤ ᠨᠢᠭᠡ ᠵᠢᠷᠤᠭ ᠲᠥᠰᠥᠪ ᠢ ᠡᠴᠦᠰ ᠲᠤ ᠨᠢ | ᠲᠤᠯᠲᠠᠯ᠎ᠠ ᠵᠢᠷᠤᠭᠯᠠᠵᠤ ︿ᠵᠢᠷᠭᠤᠭᠠᠨ ᠢᠨᠵᠧᠨᠧᠷᠢᠩ﹀ ᠢ ᠦᠷᠭᠦᠯᠵᠢᠯᠡᠨ ᠬᠡᠷᠡᠭᠵᠢᠭᠦᠯᠵᠦ ︿ᠵᠢᠷᠭᠤᠭᠠᠨ ᠠᠵᠢᠯᠯᠠᠭ᠎ᠠ﹀ | ᠶᠢ ᠵᠣᠬᠢᠶᠠᠨ ᠪᠠᠶᠢᠭᠤᠯᠤᠨ ᠥᠷᠨᠢᠭᠦᠯᠵᠦ 11 ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ | ᠴᠢᠬᠤᠯᠠ ᠶᠡᠭᠡ ᠵᠦᠢᠯᠡᠰ ᠢ ᠲᠥᠯᠥᠪᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠪᠡᠯᠡ ᠣᠷᠣᠭᠤᠯᠤᠯᠲᠠ ᠶᠢ ᠡᠷᠡᠰ | ᠭᠤᠶᠢᠪᠢᠰᠢ ᠦᠭᠡᠢ ᠪᠠᠷ ᠠᠳᠬᠤᠬᠤ ᠬᠡᠷᠡᠭᠳᠡᠢ᠃ ᠬᠤᠶᠠᠷ ᠲᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠢᠶᠠᠨ | ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠡᠷᠡᠭᠯᠡᠭᠡ ᠶᠢ | ᠬᠥᠭᠵᠢᠭᠡᠨ᠎ᠡ᠃ ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ ﹀ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ | ᠬᠥᠭᠵᠢᠭᠦᠯᠬᠦ ᠶᠢ ᠲᠦᠷᠭᠡᠳᠬᠡᠨ᠎ᠡ᠃ ᠳᠥᠷᠪᠡ ᠳᠤ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ | ᠲᠣᠬᠢᠷᠠᠭᠤᠯᠵᠤ᠂ ᠳᠠᠪᠠᠭᠤᠯᠢᠭ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ | ᠪᠠᠶᠢᠭᠤᠯᠤᠨ᠎ᠠ᠃ ᠲᠠᠪᠤ ᠳᠤ᠂ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ | ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠵᠢᠷᠭᠤᠭ᠎ᠠ ᠳᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠪᠠᠷ ᠳᠠᠭᠠᠭᠤᠯᠵᠤ ᠰᠣᠶᠣᠯ ᠵᠤᠭᠠᠴᠠᠯ ᠤᠨ ᠦᠢᠯᠡᠰ ᠢ ᠲᠤᠯᠭᠠᠭᠤᠷᠢ ᠠᠵᠤ ᠦᠢᠯᠡᠰ | ᠪᠣᠯᠭᠠᠨ᠎ᠠ᠃ ᠲᠤᠯᠤᠭ᠎ᠠ ᠳᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠴᠢᠩᠭ᠎ᠠ ᠠᠳᠬᠤᠵᠤ ᠠᠵᠤ | ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠭᠦᠨ᠎ᠡ᠃ ᠨᠠᠢᠮᠠ ᠳᠤ᠂ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠵᠤ᠂ | ᠬᠦᠭᠵᠢᠬᠦᠯᠤᠯᠳᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠨ᠎ᠡ᠃ ᠶᠢᠰᠦ ᠳᠤ᠂ ᠡᠯᠡᠰᠦ ᠶᠢ ᠵᠠᠰᠠᠬᠤ ᠪᠠ | ᠤᠰᠤ ᠠᠷᠪᠢᠯᠠᠬᠤ ᠪᠠᠷ ᠬᠥᠲᠥᠯᠥᠮᠵᠢ ᠪᠣᠯᠭᠠᠵᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ ᠠᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ | ᠠᠷᠪᠠᠨ ᠨᠢᠭᠡ ᠳᠤ᠂ ᠬᠦᠭᠵᠢᠬᠦᠯᠤᠯᠳᠡ ᠪᠣᠯᠣᠨ ᠠᠶᠤᠯ ᠦᠬᠡᠢ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ︾ | ᠭᠡᠵᠤ ᠲᠤᠷᠠᠳᠪᠠ᠃ | ᠸᠠᠩ ᠯᠢ ᠰᠢᠶ᠋ᠨ᠄ ︽ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ ᠡᠯ᠎ᠡ ᠱᠠᠲᠤᠨ ᠤ ᠵᠠᠰᠠᠭ ᠤᠨ ᠣᠷᠳᠣᠨ | ᠤᠯᠤᠰ ᠲᠦᠷᠦ ᠶᠢ ᠲᠤᠭ ᠲᠡᠮᠳᠡᠭ ᠲᠣᠳᠣᠷᠬᠠᠢ ᠪᠠᠷ ᠡᠷᠬᠢᠮᠯᠡᠵᠦ᠂ ︿ᠬᠤᠶᠠᠷ ᠢ ᠲᠤᠬᠳᠠᠭᠠᠬᠰᠠᠨ﹀ ᠢ ᠡᠷᠡᠰ | ᠬᠦᠷᠢᠶᠡᠯᠡᠵᠦ ︿ᠬᠤᠶᠠᠷ ᠢ ᠬᠠᠮᠠᠭᠠᠯᠠᠬᠤ﹀ ᠶᠢ ᠡᠷᠡᠰ ᠪᠡᠶᠡᠯᠡᠭᠦᠯᠬᠦ ᠬᠡᠷᠡᠭᠲᠡᠢ᠃ ᠨᠢᠭᠡ ᠰᠡᠳᠬᠢᠯ ᠨᠢᠭᠡ ᠵᠣᠷᠢᠭ ᠢᠶᠠᠷ | ᠬᠦᠭᠵᠢᠬᠦᠯᠤᠯᠳᠡ ᠶᠢ ᠪᠣᠳᠣᠯᠬᠢᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠥᠷᠯᠥᠭᠡ | ᠦᠳᠡᠰᠢ ᠶᠢ ᠲᠡᠮᠡᠴᠡᠨ ᠠᠵᠢᠯ ᠪᠤᠯᠭᠠᠨ ᠢ ᠰᠠᠶᠢᠲᠤᠷ ᠬᠢᠵᠦ᠂ ᠣᠯᠠᠨ ᠲᠦᠮᠡᠨ ᠤ ᠪᠤᠬᠢᠨᠢᠳᠤᠯ᠂ ᠠᠵᠤ ᠠᠬᠤᠶᠢᠯᠠᠯ ᠤᠨ | ᠬᠢᠨ ᠤ ᠬᠦᠰᠡᠵᠤ ᠪᠠᠶᠢᠭ᠎ᠠ ᠵᠦᠢᠯ᠂ ᠦᠨᠳᠦᠰᠦᠨ ᠱᠠᠲᠤᠨ ᠤ ᠬᠦᠴᠢᠷᠳᠡᠯ ᠲᠠᠢ ᠶᠠᠪᠤᠳᠠᠯ ᠢ ᠰᠠᠶᠢᠲᠤᠷ | ᠰᠢᠢᠳᠪᠦᠷᠢᠯᠡᠵᠦ᠂ ᠮᠠᠨ ᠤ ᠣᠷᠣᠨ ᠤ ᠬᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ | ᠪᠠᠲᠤᠯᠠᠬᠤ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠪᠠᠲᠤ ᠰᠠᠬᠢᠵᠤ | ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ ᠲᠣᠭᠲᠠᠭᠠᠯ ᠢ ᠴᠢᠩᠭ᠎ᠠ ᠰᠠᠬᠢᠵᠤ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠬᠦᠳᠤᠬᠡᠳ ᠠᠵᠢᠯ ᠢ ᠡᠬᠦᠷᠬᠡᠯᠡᠨ ᠬᠢᠬᠦ ᠬᠡᠷᠡᠭᠲᠡᠢ | ︾ ᠭᠡᠪᠡ᠃ | ᠸᠠᠩ ᠯᠢ ᠰᠢᠶ᠋ᠨ᠄ ︽ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ ︿ᠳᠤᠯᠤᠭᠠᠨ ᠵᠢᠱᠢᠶᠡᠴᠢ ᠪᠣᠯᠬᠤ﹀ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ︿ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ | ᠶᠣᠰᠣ ᠤᠴᠢᠷ﹀ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠬᠡᠷᠡᠭᠳᠡᠢ᠃ ᠰᠢ ᠶᠢᠨ ᠫᠢᠩ ᠶᠡᠷᠦᠩᠬᠡᠢ | ᠱᠦᠵᠢ ᠶᠢᠨ ᠵᠢᠭᠠᠭᠰᠠᠨ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠨ ᠦᠨᠡᠨ ᠪᠣᠳᠠᠲᠠᠢ ᠪᠠᠷ ᠠᠵᠢᠯᠯᠠᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠯᠡ ᠶᠤᠮ ᠪᠣᠯ ︿ᠵᠢᠱᠢᠶᠡᠴᠢ ᠥᠪᠡᠷᠲᠡᠭᠡᠨ ᠵᠠᠰᠠᠬᠤ ᠣᠷᠣᠨ | ﹀ ᠭᠡᠬᠦ ᠲᠤᠭ ᠢ ᠨᠠᠩ ᠶᠡᠭᠡ ᠢᠷᠠᠭᠤ ᠠᠯᠳᠠᠷ ᠲᠠᠢ ᠪᠣᠯᠭᠠᠵᠤ ᠯᠠᠪᠲᠠᠢ ᠴᠢᠳᠠᠬᠤ ᠶᠤᠮ︾ ᠬᠡᠵᠡᠢ᠃ | ᠸᠠᠩ ᠯᠢ ᠰᠢᠶᠠ᠄ ︽ᠮᠣᠩᠭᠤᠯ ᠮᠣᠷᠢᠨ ᠤ ᠵᠣᠷᠢᠭ ᠰᠠᠨᠠᠭ᠎ᠠ ᠪᠣᠯ ᠠᠮᠢ ᠴᠦᠯᠡᠨ ᠲᠡᠮᠡᠴᠡᠵᠦ ᠢᠷᠡᠭᠰᠡᠨ ᠶᠤᠮ᠂ | ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ᠪᠣᠯ ᠠᠮᠢ ᠴᠦᠯᠡᠨ ᠲᠡᠮᠡᠴᠡᠵᠦ ᠢᠷᠡᠭᠰᠡᠨ ᠶᠤᠮ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠣᠯ ᠠᠵᠢᠯᠯᠠᠵᠤ ᠪᠠᠶᠢᠭᠠᠳ ᠪᠦᠲᠦᠭᠡᠭᠰᠡᠨ ᠶᠤᠮ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ ᠢᠲᠡᠭᠡᠯ | ᠵᠣᠷᠢᠭ ᠢᠶᠠᠨ ᠪᠠᠲᠤᠳᠬᠠᠵᠤ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ︾ ᠬᠡᠪᠡ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ ᠶᠡᠭᠡ ᠬᠤᠷᠠᠯ ᠲᠡᠬᠡᠷ᠎ᠡ ᠥᠪᠡᠷᠲᠡᠭᠡᠨ ᠵᠠᠰᠠᠬᠤ ᠣᠷᠣᠨ ᠤ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ | ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ 2024 | ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠥᠪ ᠤᠨ ᠲᠥᠰᠥᠯ ᠤᠨ | ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠵᠠᠩ ᠱᠤᠤ ᠴᠦᠨ ᠦᠪᠤᠷ | ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢ | ᠲᠤᠳᠤᠷᠬᠠᠶᠢᠯᠠᠵᠠᠢ᠃ | ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠷᠪᠠᠨ ᠳᠥᠷᠪᠡᠳᠦᠭᠡᠷ ᠬᠤᠷᠠᠯ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠪᠠ ᠦᠪᠤᠷ ᠮᠤᠩᠭᠤᠯ | ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠭᠤᠷᠪᠠᠳᠤᠭᠠᠷ ᠬᠤᠷᠠᠯ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ | ᠣᠷᠣᠯᠴᠠᠪᠠ᠃ | | | | | | | | | | |