ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ  1.14
ᠨᠡᠶᠢᠲᠡᠯᠡᠭᠰᠡᠨ ᠴᠠᠭ᠄
2025/1/14
ᠠᠷᠠᠳ ᠤᠨ ᠶᠠᠪᠤᠳᠠᠯ ᠤᠨ ᠶᠠᠮᠤᠨ    ᠠᠷᠠᠳ ᠤᠨ ᠶᠠᠪᠤᠳᠠᠯ ᠤᠨ ᠶᠠᠮᠤᠨ᠂ ᠲᠥᠪ ᠤᠨ ᠨᠡᠶᠢᠭᠡᠮ ᠤᠨ ᠠᠵᠢᠯ ᠤᠨ ᠶᠠᠮᠤᠨ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠤᠷᠴᠢᠮ ᠳᠤ ᠬᠠᠮᠲᠤᠷᠠᠨ ︽ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠳᠡᠩᠰᠡᠯᠡᠨ ᠬᠠᠮᠢᠶᠠᠷᠬᠤ ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠳᠠᠩᠰᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠳᠡᠩᠰᠡᠯᠡᠵᠦ ᠬᠢᠨᠠᠨ ᠪᠠᠶᠢᠴᠠᠭᠠᠬᠤ ᠶᠢ ᠴᠢᠩᠳᠠᠯᠠᠬᠤ᠂ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠳᠣᠲᠣᠭᠠᠳᠤ ᠶᠢᠨ ᠵᠠᠰᠠᠯᠲᠠ ᠶᠢ ᠲᠡᠬᠦᠯᠳᠡᠷᠵᠢᠬᠦᠯᠬᠦ᠂ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠬᠤ᠂ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠣᠨᠴᠠᠯᠢᠭᠲᠤ ᠳᠠᠪᠠᠭᠤᠯᠢᠭ ᠢ ᠪᠠᠳᠠᠷᠠᠭᠤᠯᠬᠤ ᠵᠡᠷᠭᠡ 5 ᠲᠠᠯ᠎ᠠ ᠪᠠᠷ ᠭᠤᠣᠯ ᠠᠭᠤᠯᠭ᠎ᠠ ᠶᠢ ᠲᠣᠳᠣᠷᠬᠠᠶᠢᠯᠠᠵᠤ᠂ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠤᠯᠠᠮ ᠠᠬᠢᠭᠤᠯᠬᠤ ᠬᠡᠷᠡᠭᠳᠡᠢ  ᠬᠡᠵᠡᠢ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ   ᠲᠥᠪᠡᠳ ᠤᠨ ᠰᠢᠭᠠᠽᠧ ᠬᠤᠲᠠ ᠶᠢᠨ ᠳ᠋ᠢᠩ ᠷᠢ ᠰᠢᠶᠠᠨ ᠤ 6.8 ᠲᠠᠰ ᠤᠨ ᠭᠠᠵᠠᠷ ᠬᠥᠳᠡᠯᠦᠯᠲᠡ ᠡᠭᠦᠰᠦᠭᠰᠡᠨ ᠤ ᠳᠠᠷᠠᠭ᠎ᠠ   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠥᠬᠦ ᠣᠷᠣᠨ ᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠢ ᠬᠠᠮᠤᠭ ᠤᠨ ᠲᠡᠷᠢᠭᠦᠨ ᠳᠤ ᠳᠠᠶᠢᠴᠢᠯᠠᠨ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ᠃ 1 ᠳ᠋ᠤᠬᠡᠷ ᠰᠠᠷ᠎ᠠ ᠶᠢᠨ 11 ᠤ ᠦᠳᠡ ᠶᠢᠨ ᠬᠤᠶᠢᠨ᠎ᠠ ᠪᠣᠯᠲᠠᠯ᠎ᠠ ᠮᠠᠨ ᠤ ᠣᠷᠣᠨ ᠤ 21 ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠴᠤᠭᠯᠠᠭᠤᠯᠤᠭᠰᠠᠨ ᠭᠠᠮᠰᠢᠭ ᠠᠴᠠ ᠠᠪᠤᠷᠠᠬᠤ 356.95 ᠲᠦᠮᠡᠨ ᠲᠥᠭᠦᠷᠢᠭ ᠵᠣᠭᠤᠰ ᠮᠥᠩᠭᠦ ᠡᠳ᠋ ᠪᠣᠳᠠᠰ ᠢ ᠴᠥᠮ ᠭᠠᠵᠠᠷ ᠬᠥᠳᠡᠯᠦᠯᠲᠡ ᠶᠢᠨ ᠭᠠᠮᠰᠢᠭᠳᠠᠭᠰᠠᠨ ᠣᠷᠣᠨ ᠳᠤ ᠰᠢᠯᠵᠢᠭᠦᠯᠦᠨ ᠥᠭᠴᠡᠢ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ   ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠡᠯ᠎ᠡ ᠬᠤᠰᠢᠭᠤ ᠬᠤᠲᠠ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠪᠠᠶᠢᠭᠤᠯᠭ᠎ᠠ ᠶᠢ ᠵᠢᠯᠣᠭᠤᠳᠤᠨ ᠮᠠᠯᠵᠢᠬᠤ ᠲᠠᠷᠢᠶᠠᠯᠠᠬᠤ ᠣᠷᠣᠨ ᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠥᠷᠭᠡᠨ ᠢᠶᠠᠷ ᠴᠤᠭᠯᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦ ᠨᠡᠮᠡᠷᠢᠯᠡᠵᠦ᠂ ᠬᠠᠷᠢᠶᠠᠲᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠪᠠᠶᠢᠭᠠᠳ ᠬᠠᠨᠳᠤᠯᠭᠠᠲᠤ ᠴᠢᠨᠠᠷᠲᠠᠢ ᠪᠠᠷ ᠠᠵᠢᠯ ᠣᠯᠭᠤᠯᠲᠠ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠣᠯᠠᠨ ᠶᠠᠩᠵᠤ ᠶᠢᠨ ᠲᠡᠳᠬᠦᠮᠵᠢ ᠶᠢᠨ ᠠᠵᠢᠯᠯᠠᠭ᠎ᠠ ᠦᠷᠨᠢᠬᠦᠯᠪᠡ᠃ 2024 ᠣᠨ ᠳᠤ ᠪᠦᠬᠦ ᠬᠤᠳᠠ ᠶᠢᠨ 91 ᠨᠡᠶᠢᠭᠡᠮ ᠤᠨ ᠵᠣᠬᠢᠶᠠᠨ ᠪᠠᠶᠢᠭᠤᠯᠤᠯᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠠᠵᠢᠯᠯᠠᠭ᠎ᠠ 202 ᠤᠳᠠᠭ᠎ᠠ ᠥᠷᠨᠢᠭᠦᠯᠵᠦ 2089 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ 3.7 ᠲᠦᠮᠡ ᠭᠠᠷᠤᠢ ᠬᠥᠮᠥᠨ  ᠠᠰᠢᠭ ᠬᠦᠷᠲᠡᠵᠡᠢ᠃ ᠡᠭᠦᠨ ᠳᠤ ᠬᠡᠷᠡᠭᠯᠡᠭᠡ ᠪᠠᠷ 1046 ᠲᠦᠮᠡᠨ ᠲᠥᠭᠦᠷᠢᠭ ᠢ ᠲᠡᠳᠬᠦᠵᠦ᠂ 1573 ᠤᠳᠠᠭ᠎ᠠ ᠳᠤ ᠠᠰᠢᠭ ᠬᠦᠷᠲᠡᠭᠡᠪᠡ᠃ᠨᠠᠰᠤᠵᠢᠯ ᠤᠨ ᠦᠢᠯᠡᠴᠢᠯᠡᠭᠡ   ᠪᠤᠭᠤᠲᠤ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠠᠰᠤᠲᠠᠶᠢᠴᠤᠳ ᠲᠤ ᠪᠤᠶᠠᠨ ᠵᠢᠷᠭᠠᠯ ᠡᠳ᠋ᠯᠡᠬᠦᠯᠵᠤ᠂ ᠨᠠᠰᠤᠲᠠᠶᠢᠴᠤᠳ ᠤᠨ ᠪᠠᠳᠤᠯᠠᠭ᠎ᠠ ᠶᠢᠨ ᠰᠠᠭᠤᠷᠢ ᠶᠢ ᠴᠢᠷᠮᠠᠶᠢᠨ ᠪᠠᠬᠢᠵᠢᠭᠦᠯᠪᠡ᠃ ᠪᠥᠬᠦ ᠬᠤᠲᠠ ᠶᠢᠨ ᠡᠷᠦᠬᠡ ᠠᠮᠠ ᠶᠢᠨ ᠲᠠᠩᠰᠠ ᠨᠢ ᠪᠦᠬᠦᠯᠢ 60 ᠨᠠᠰᠤ ᠠᠴᠠ ᠳᠡᠭᠡᠭᠰᠢᠬᠢ 64 ᠲᠦᠮᠡᠨ ᠨᠠᠰᠤᠲᠠᠶᠢᠴᠤᠳ ᠲᠤ ᠠᠳᠡᠯ  ᠤᠨ ᠰᠢᠷᠬᠠᠲᠤᠯ ᠤᠨ ᠳᠠᠭᠠᠳᠬᠠᠯ ᠢ ᠨᠢᠭᠡᠳᠦᠯᠲᠡᠢ ᠬᠤᠳᠠᠯᠳᠤᠨ ᠠᠪᠬᠤ ᠶᠢᠨ ᠲᠥᠯᠥᠭᠡ ᠲᠣᠰ ᠲᠥᠷᠥ ᠶᠢᠨ ᠪᠣᠳᠣᠯᠭ᠎ᠠ ᠶᠢ 2021 ᠣᠨ ᠠᠴᠠ ᠡᠬᠢᠯᠡᠨ ᠬᠡᠷᠡᠭᠵᠢᠭᠦᠯᠵᠦ᠂ 2024 ᠣᠨ ᠤ ᠵᠢᠯ ᠤᠨ ᠡᠴᠦᠰ ᠪᠣᠯᠲᠠᠯ᠎ᠠ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠪᠠᠷᠤᠭ 234.94 ᠲᠦᠮᠡ ᠬᠦᠷᠴᠦ 12490 ᠤᠳᠠᠭ᠎ᠠ ᠲᠥᠯᠥᠪᠦᠷᠢ ᠥᠭᠭᠦᠭᠰᠡᠨ  ᠪᠦᠬᠡᠳ ᠨᠠᠰᠤᠲᠠᠶᠢᠴᠤᠳ ᠤᠨ ᠠᠳᠡᠯ ᠤᠨ   ᠰᠢᠷᠬᠠᠲᠤᠯ ᠤᠨ ᠠᠵᠤ ᠠᠬᠤᠢ ᠶᠢᠨ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠵᠠᠰᠠᠭ ᠤᠨ ᠣᠷᠳᠣᠨ ᠤ ᠦᠨᠳᠦᠰᠦᠨ ᠪᠠᠳᠤᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠠᠢ᠃ ᠨᠢᠬᠦᠯᠡᠰᠤᠩᠬᠦᠢ ᠶᠢᠨ ᠦᠢᠯᠡᠰ   2024 ᠣᠨ ᠳᠤ ᠠᠯᠠᠱᠠ ᠠᠶᠢᠮᠠᠭ ᠤᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠲᠥᠪ ᠤᠨ ᠬᠢᠨ ᠵᠠᠮ ᠰᠤᠪᠠᠭ ᠤᠨ ᠪᠦᠲᠦᠭᠡᠨ ᠪᠠᠶᠢᠭᠤᠯᠤᠯᠲᠠ᠂ ᠡᠵᠡᠩᠨᠡᠨ ᠪᠣᠷᠣᠯᠠᠭᠤᠯᠤᠯᠲᠠ ᠶᠢᠨ ᠤᠬᠠᠭᠤᠯᠭ᠎ᠠ᠂ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ︽ᠤᠬᠠᠭᠤᠯᠤᠨ ᠪᠣᠷᠣᠯᠠᠭᠤᠯᠬᠤ ᠶᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠢᠨ᠎ᠡ ᠠᠷᠭ᠎ᠠ ᠤᠬᠠᠭᠠᠨ ᠭᠠᠷᠭᠠᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠪᠠᠷ ᠬᠦᠴᠦᠯᠡᠨ ᠴᠢᠷᠮᠠᠶᠢᠵᠤ ᠪᠢᠯᠧᠲ ᠢᠶᠠᠷ ᠨᠥᠬᠦᠪᠦᠷᠢ ᠪᠣᠯᠭᠠᠵᠤ᠂ ᠺᠢᠨᠤᠤ ᠮᠠᠶ᠋ᠢᠭ ᠤᠨ ᠲᠣᠭᠯᠠᠭᠠᠮ ᠢᠶᠠᠷ ᠰᠢᠨ᠎ᠡ ᠨᠡᠮᠡᠭᠳᠡᠯ ᠤᠨ ᠴᠡᠭ ᠪᠣᠯᠭᠠᠭᠰᠠᠨ ᠪᠣᠷᠤᠯᠠᠭᠤᠯᠭ᠎ᠠ ᠶᠢᠨ ᠪᠠᠶᠢᠷᠢᠰᠢᠯ ᠢ ᠲᠣᠭᠲᠠᠭᠠᠨ ᠪᠥᠬᠦ ᠵᠢᠯ ᠳᠤ 8363 ᠲᠦᠮᠡᠨ ᠲᠥᠭᠦᠷᠢᠭ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 1320 ᠲᠦᠮᠡᠨ ᠲᠥᠭᠦᠷᠢᠭ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 18.75% ᠪᠤᠯᠪᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号