ᠰᠦᠨ ᠱᠤᠤ ᠴᠧᠩ ᠸᠠᠩ ᠯᠢ ᠰᠢᠶᠠ ᠠᠭᠤᠯᠵᠠᠯᠲᠠ ᠳᠤ ᠣᠷᠣᠯᠴᠠᠪᠠ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠾᠧ ᠸᠧᠢ 1 | ᠳ᠋ᠤᠬᠡᠷ ᠰᠠᠷ᠎ᠠ ᠶᠢᠨ 13᠂ 14 ᠳᠤ ᠥᠪᠥᠷ ᠮᠣᠩᠭᠤᠯ ᠳᠤ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ | ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠦᠷᠨᠢᠬᠦᠯᠪᠡ᠃ ᠡᠨᠡ ᠬᠤᠭᠤᠴᠠᠭᠠᠨ ᠳᠤ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠸ ᠴᠧᠩ᠂ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠾᠧ ᠸᠧᠢ ᠲᠠᠢ ᠠᠭᠤᠯᠵᠠᠪᠠ᠃ | ᠾᠧ ᠸᠧᠢ ᠨᠠᠷ ᠤᠯᠠᠭᠠᠨᠴᠠᠪ ᠬᠤᠳᠠ ᠶᠢᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠬᠦᠷᠴᠦ ᠤᠯᠠᠨ ᠲᠦᠮᠡᠨ ᠢ ᠲᠣᠬᠤᠨᠢᠭᠤᠯᠪᠠ᠃ ᠾᠧ ᠸᠧᠢ ᠨᠠᠷ ᠬᠥᠬᠡᠬᠤᠲᠠ ᠳᠤ ᠬᠥᠬᠡᠬᠤᠲᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠪᠠᠶᠢᠭᠤᠯᠭ᠎ᠠ ᠳᠤ ᠬᠦᠷᠴᠦ ᠪᠠᠶᠢᠴᠠᠭᠠᠨ ᠰᠤᠳᠤᠯᠤᠬᠰᠠᠨ ᠪᠥᠭᠡᠳ ᠶᠠᠷᠢᠯᠴᠠᠬᠤ ᠬᠤᠷᠠᠯ ᠬᠢᠵᠦ ᠰᠠᠨᠠᠯ ᠢᠶᠠᠨ | ᠰᠣᠯᠢᠯᠴᠠᠪᠠ᠃ | ᠾᠧ ᠸᠧᠢ ᠥᠪᠥᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠡᠦᠬᠡᠨ ᠬᠤᠪᠢ ᠨᠡᠮᠡᠷᠢ ᠪᠣᠯᠣᠨ | ᠤᠷᠴᠢᠮ ᠤᠨ ᠵᠢᠯ ᠤᠨ ᠣᠯᠣᠭᠰᠠᠨ ᠠᠮᠵᠢᠯᠲᠠ ᠶᠢ ᠮᠠᠰᠢᠳᠠ ᠰᠠᠶᠢᠰᠢᠶᠠᠬᠰᠠᠨ ᠤ ᠬᠠᠮᠳᠤ᠄ ︽ᠥᠪᠥᠷ ᠮᠣᠩᠭᠤᠯ ᠤᠨ | ᠤᠯᠠᠭᠠᠨ ᠵᠠᠭᠠᠯᠮᠠᠶᠢᠳᠠᠨ ᠤ ᠬᠥᠳᠡᠯᠭᠡᠭᠡᠨ ᠥᠨᠢ ᠤᠳᠠᠭᠠᠨ ᠲᠡᠦᠬᠡ ᠲᠠᠢ᠂ ︿ᠶᠦᠨ ᠱᠤ᠋ ᠪᠢ ᠶᠢᠨ ᠵᠣᠷᠢᠭ ᠰᠠᠨᠠᠭ᠎ᠠ﹀ | ᠶᠢ ᠪᠠᠳᠠᠷᠠᠭᠤᠯᠵᠤ ᠤᠯᠠᠨ ᠵᠦᠢᠯ ᠤᠨ ᠠᠵᠢᠯ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ ᠪᠤᠢ︾ ᠬᠡᠵᠡᠢ᠃ | ᠾᠧ ᠸᠧᠢ᠄ ︽ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ ᠤᠯᠠᠭᠠᠨ ᠵᠠᠭᠠᠯᠮᠠᠶᠢᠳᠠᠨ ᠤ ᠠᠵᠢᠯ ᠢ ᠨᠠᠮ ᠪᠣᠯᠣᠨ ᠤᠯᠤᠰ ᠤᠨ ᠠᠵᠢᠯ ᠤᠨ ᠪᠦᠬᠦ | ᠲᠠᠯ᠎ᠠ᠂ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠨᠠᠮ ᠪᠣᠯᠣᠨ ᠵᠠᠰᠠᠭ ᠤᠨ ᠣᠷᠳᠣᠨ ᠤ ᠬᠥᠮᠦᠯᠢᠭ ᠦᠵᠡᠯ ᠤᠨ | ᠬᠦᠷᠢᠶ᠎ᠠ ᠴᠠᠷᠠᠭ᠎ᠠ ᠳᠤ ᠬᠢ ᠬᠠᠪᠰᠤᠷᠤᠭᠴᠢ ᠪᠣᠯᠣᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ | ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ ︿ᠤᠯᠤᠰ ᠲᠥᠷᠥᠴᠢ ᠴᠢᠨᠠᠷ᠂ | ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ﹀ ᠤᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠠᠴᠢ | ᠬᠤᠯᠪᠣᠭᠳᠠᠯ ᠢ ᠣᠨᠣᠪᠴᠢᠲᠠᠶ ᠡᠵᠡᠮᠰᠢᠵᠦ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠤᠯᠠᠭᠠᠨ ᠵᠠᠭᠠᠯᠮᠠᠶᠢᠳᠠᠨ ᠤ ᠦᠢᠯᠡᠰ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠤᠯᠠᠨ ᠨᠡᠶᠢᠲᠡ ᠶᠢ ᠢᠲᠡᠭᠡᠭᠦᠯᠬᠦ | ᠬᠦᠴᠦᠨ ᠢ ᠦᠷᠭᠦᠯᠵᠢᠯᠡᠨ ᠨᠡᠮᠡᠭᠳᠡᠭᠦᠯᠵᠦ ᠢᠯᠡ ᠲᠣᠳᠣ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠢᠳᠡᠪᠬᠢᠲᠡᠢ ᠪᠠᠷ ᠬᠦᠴᠦ ᠨᠡᠮᠡᠷᠢᠯᠡᠵᠦ | ᠳᠡᠯᠡᠬᠡᠢ ᠶᠢᠨ ᠬᠥᠮᠦᠯᠢᠭ ᠦᠵᠡᠯ ᠤᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠣᠷᠣᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠠᠭᠠᠨ ᠵᠠᠭᠠᠯᠮᠠᠶᠢᠳᠠᠨ ᠤ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ︾ ᠬᠡᠯᠡ᠃ | ᠦᠪᠤᠷ ᠮᠤᠩᠭᠤᠯ ᠶᠢᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠢ ᠭᠤᠸᠠᠩ᠂ ᠬᠦᠤᠳᠠᠭᠤᠯᠨ᠂ ᠠᠢ | ᠯᠢ ᠬᠤᠸ᠋ᠨ᠂ ᠴᠢ ᠪᠠᠲᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠡᠷᠡᠭ | ᠬᠢᠨᠠᠭᠴᠢᠳ ᠤᠨ ᠵᠥᠪᠯᠡᠯ ᠤᠨ ᠲᠤᠰᠬᠠᠢ ᠲᠤᠰᠢᠶᠠᠯ ᠤᠨ ᠳᠡᠳ᠋ ᠬᠡᠷᠡᠭ ᠬᠢᠨᠠᠭᠴᠢᠳ ᠤᠨ ᠳᠠᠷᠤᠭ᠎ᠠ ᠵᠠᠩ ᠰᠢᠶᠣᠣ ᠪᠢᠨ | ᠨᠠᠷ ᠲᠤᠰ ᠲᠤᠰ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ᠃ | | | | | | |