ᠵᠠᠩ ᠶᠠᠨ ᠺᠦᠨ ᠣᠷᠣᠯᠴᠠᠪᠠ | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ 1 ᠳ᠋ᠤᠬᠡᠷ ᠰᠠᠷ᠎ᠠ ᠶᠢᠨ 14 ᠤ ᠡᠳᠦᠷ ᠤᠨ ᠦᠳᠡ ᠶᠢᠨ | ᠬᠤᠶᠢᠨ᠎ᠠ ᠬᠤᠶᠠᠳᠤᠭᠠᠷ ᠤᠳᠠᠭᠠᠨ ᠤ ᠪᠥᠬᠦᠳᠡ ᠬᠤᠷᠠᠯ ᠬᠢᠵᠦ᠂ ᠭᠡᠰᠢᠭᠦᠳ ᠶᠠᠷᠢᠶ᠎ᠠ ᠲᠠᠯᠪᠢᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ | ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ | ᡁᠢ ᠬᠤ᠋᠂ ᠴᠡᠴᠡᠭ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠪᠤᠯᠤᠨ ᠨᠠᠷᠢᠨ ᠪᠢᠴᠢᠭ ᠤᠨ | ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠬᠤᠷᠠᠯ ᠢ ᠡᠷᠭᠢᠯᠡᠪᠡ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠱᠢ ᠭᠤᠸᠠᠩ ᠬᠤᠶ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠭᠡᠰᠢᠭᠦᠳ ᠤᠨ | ᠶᠠᠷᠢᠶ᠎ᠠ ᠶᠢ ᠰᠤᠨᠤᠰᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠠᠨ ᠷᠦᠨ ᠱᠧᠩ ᠰᠣᠩᠭᠤᠭᠤᠯᠢ ᠶᠢᠨ ᠠᠷᠭ᠎ᠠ ︵ᠲᠥᠰᠥᠯ︶ ᠶᠢᠨ ᠲᠤᠬᠠᠢ ᠲᠣᠳᠣᠷᠬᠠᠶᠢᠯᠠᠯᠲᠠ ᠬᠢᠵᠦ᠂ ᠦᠪᠤᠷ | ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠪᠠᠶᠢᠩᠭᠤ ᠶᠢᠨ ᠳᠡᠳ᠋ ᠳᠠᠷᠤᠭ᠎ᠠ ᠵᠠᠩ ᠵᠣᠣ ᠭᠠᠩ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠤᠨ | ᠲᠤᠬᠠᠢ ᠲᠣᠳᠣᠷᠬᠠᠶᠢᠯᠠᠯᠲᠠ ᠬᠢᠪᠡ᠃ | ᠳ᠋ᠠᠢ ᠶᠠᠨ᠂ ᠴᠧᠩ ᠰᠢ᠂ ᠯᠢᠦᠢ ᠶᠦᠩ ᠴᠧᠩ᠂ ᠯᠢ ᠵᠢᠩ ᠵᠢᠩ᠂ ᠰᠦᠨ ᡁᠢ ᠬᠤᠩ᠂ ᠵᠠᠩ ᠪᠢᠨ᠂ ᠬᠦᠡᠭ | ᡁᠢ ᠴᠢᠶᠠᠩ᠂ ᠭᠦᠸᠧ ᠶᠠᠨ ᠴᠦᠨ᠂ ᠼᠦᠢ ᠵᠧᠨ ᠦ᠋᠂ ᠴᠢᠨ ᠯᠢ ᠮᠧᠶ᠂ ᠵᠠᠩ ᠬᠤᠸ᠋ᠨ ᠵᠧᠨ᠂ ᠯᠦ ᠯᠢ ᠮᠢᠩ ᠵᠡᠷᠭᠡ | 12 ᠭᠡᠰᠢᠭᠦᠨ᠂ ᠤᠷᠤᠨ ᠤ ᠲᠦᠪ ᠤᠨ ︽ᠬᠤᠲᠠ ᠬᠠᠮᠠᠭᠠᠯᠠᠬᠤ ᠭᠤᠣᠯ︾ ᠤᠨ ᠪᠦᠲᠦᠭᠡᠨ ᠪᠠᠶᠢᠭᠤᠯᠤᠯᠲᠠ᠂ | ᠬᠥᠳᠡᠭᠡ ᠲᠣᠰᠬᠤᠨ ᠤ ᠭᠠᠵᠠᠷ ᠰᠢᠷᠣᠢ ᠶᠢᠨ ᠠᠰᠢᠭᠯᠠᠯᠲᠠ ᠪᠠ ᠡᠷᠭᠢᠯᠲᠡ ᠳᠤ ᠣᠷᠣᠭᠤᠯᠬᠤ᠂ ︽ᠤᠯᠤᠰ | ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ | ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ᠂ ᠵᠠᠯᠠᠭᠤᠴᠤᠳ ᠤᠨ ᠠᠵᠢᠯ ᠣᠯᠵᠤ ᠦᠢᠯᠡᠰ | ᠴᠣᠭᠴᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠰᠦᠨ | ᠬᠦᠴᠢᠯ ᠤᠨ ᠪᠠᠺᠲ᠋ᠧᠷᠢ ᠶᠢᠨ ᠠᠵᠤ ᠦᠢᠯᠡᠰ ᠤᠨ ︽ᠪᠦᠰᠡᠯᠡᠯᠲᠡ ᠶᠢ ᠰᠢᠪᠲᠤᠯᠬᠤ︾᠂ ᠬᠠᠲᠤᠨ ᠭᠤᠣᠯ ᠤᠨ ᠰᠠᠪᠠ | ᠭᠠᠵᠠᠷ ᠤᠨ ᠴᠢᠨᠠᠷᠯᠢᠭ ᠬᠥᠭᠵᠢᠯᠲᠡ ᠵᠡᠷᠭᠡ ᠭᠤᠣᠯ ᠰᠡᠳᠦᠪ ᠤᠨ ᠲᠣᠭᠤᠷᠢᠨ ᠳᠤ ᠶᠡᠭᠡ ᠬᠤᠷᠠᠯ ᠳᠡᠭᠡᠷ᠎ᠡ ᠶᠠᠷᠢᠶ᠎ᠠ | ᠲᠠᠯᠪᠢᠪᠠ᠃ | ᠬᠤᠷᠠᠯ ᠳᠤ ᠣᠷᠣᠯᠴᠠᠭᠰᠠᠨ ᠭᠡᠰᠢᠭᠦᠳ ᠲᠤᠬᠠᠢ ᠶᠢᠨ ᠲᠠᠯᠠᠪᠠᠢ ᠳᠤ ︽ᠭᠡᠰᠢᠭᠦᠨ ᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠦᠳᠡ ᠶᠢᠨ ᠬᠤᠶᠢᠨ᠎ᠠ ᠨᠢ ᠪᠠᠰᠠ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ | ᠲᠥᠷᠥ ᠶᠢᠨ ᠵᠥᠪᠯᠡᠯᠭᠡᠨ ᠤ 42 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠤᠭᠠᠳ | ᠳᠤᠭᠤᠶᠢᠯᠠᠩ ᠬᠤᠪᠢᠶᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ | ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠪᠡ᠃ | | | | | | | |