ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ1.15
ᠨᠡᠶᠢᠲᠡᠯᠡᠭᠰᠡᠨ ᠴᠠᠭ᠄
2025/1/15
ᠴᠢᠬᠤᠯᠠ ᠮᠡᠳᠡᠭᠡ    ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠬᠢᠨ ᠤᠷᠴᠢᠮ ᠳᠤ ᠬᠤᠷᠠᠯ ᠬᠤᠷᠠᠯᠳᠤᠭᠤᠯᠵᠤ᠄ ︽ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠪᠠᠷ ᠭᠤᠣᠯᠳᠠᠭᠤᠯᠤᠨ  ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠠᠮ ᠤᠨ ᠰᠠᠬᠢᠯᠭ᠎ᠠ ᠶᠢᠨ ᠪᠠᠶᠢᠭᠤᠯᠤᠯᠲᠠ ᠶᠢ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠶᠢ ᠭᠦᠨᠵᠡᠭᠡᠢ ᠥᠷᠨᠢᠭᠦᠯᠬᠦ ᠲᠡᠶᠢᠰᠢ ᠬᠥᠲᠥᠯᠵᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠳᠡᠢ︾ ᠬᠡᠵᠡᠢ᠃ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠦ ᡁᠢ ᠶᠤᠸᠠᠨ ᠬᠤᠷᠠᠯ ᠡᠷᠭᠢᠯᠡᠪᠡ᠃ᠠᠷᠠᠳ ᠤᠨ ᠶᠠᠪᠤᠳᠠᠯ ᠤᠨ ᠶᠠᠮᠤᠨ     ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠠᠷᠠᠳ ᠤᠨ ᠶᠠᠪᠤᠳᠠᠯ ᠤᠨ ᠶᠠᠮᠤᠨ ᠵᠡᠷᠭᠡ 9 ᠰᠠᠯᠠᠭ᠎ᠠ ᠮᠥᠴᠢᠷ ᠤᠨ ᠬᠢᠨ ᠤᠷᠴᠢᠮ ᠳᠤ ᠬᠠᠮᠲᠤᠷᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ ︽ᠰᠠᠨᠠᠯ︾ ᠳᠤ ᠵᠡᠮᠳᠡᠭᠴᠦᠳ ᠢ ᠲᠤᠰᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢ ᠴᠢᠩᠭᠠᠷᠠᠭᠤᠯᠵᠤ᠂ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠶᠢ ᠨᠡᠮᠡᠭᠳᠡᠭᠦᠯᠬᠦ ᠪᠠᠷ ᠭᠤᠣᠯᠳᠠᠭᠤᠯᠪᠠ᠃ ᠵᠡᠮᠳᠡᠭᠴᠦᠳ ᠢ ᠲᠤᠰᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠵᠡᠮᠳᠡᠭᠴᠦᠳ ᠤᠨ ᠠᠵᠢᠯ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠵᠡᠮᠳᠡᠭᠴᠦᠳ ᠢ ᠲᠤᠰᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠨᠢᠭᠲᠠᠷᠠᠭᠤᠯᠤᠨ ᠪᠤᠵᠠᠭᠠᠶᠢᠷᠠᠭᠤᠯᠵᠤ᠂ ᠰᠢᠨ᠎ᠡ ᠶᠢ ᠡᠭᠦᠳᠬᠦ  ᠬᠠᠮ ᠬᠦᠴᠦᠨ ᠢ ᠪᠦᠷᠢᠯᠳᠦᠭᠦᠯᠬᠦ ᠶᠢ ᠵᠡᠮᠳᠡᠭᠴᠦᠳ ᠢ ᠲᠤᠰᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠠᠶᠢᠭᠤᠯᠬᠤ ᠵᠡᠷᠭᠡ ᠲᠠᠯ᠎ᠠ ᠪᠠᠷ ᠡᠭᠦᠷᠭᠡ ᠶᠢᠨ ᠪᠠᠶᠢᠷᠢᠯᠠᠭᠤᠯᠪᠠ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ   ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 2025 ᠣᠨ ᠤ ︿ᠴᠠᠭᠠᠨ ᠰᠠᠷ᠎ᠠ ᠬᠡᠷᠡᠭᠯᠡᠭᠡ ᠪᠠᠷ ᠲᠡᠳᠬᠦᠬᠦ ᠠᠵᠢᠯᠯᠠᠭ᠎ᠠ﹀ ᠳᠤ ᠣᠷᠣᠯᠴᠠᠬᠤ ᠶᠢ ᠵᠢᠯᠤᠭᠤᠳᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ ᠬᠤᠳᠠ ᠶᠢᠨ ᠲᠤᠰ ᠱᠠᠲᠤᠨ ᠤ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠠᠵᠢᠯ ᠲᠦᠷᠦᠯ ᠤᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠬᠤ ᠶᠢ ᠢᠳᠡᠪᠬᠢᠲᠡᠢ ᠵᠢᠯᠤᠭᠤᠳᠴᠤ᠂ 2025 ᠣᠨ ᠤ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠵᠡᠷᠭᠡ ᠬᠡᠷᠡᠭᠯᠡᠭᠡᠨ ᠤ ᠬᠥᠭᠵᠢᠶᠡᠨᠲᠡᠢ ᠤᠯᠠᠷᠢᠯ ᠢ ᠠᠮᠵᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠢᠳᠡᠪᠬᠢ ᠦᠢᠯᠡᠳᠦᠯ ᠢ  ᠪᠠᠳᠠᠷᠠᠭᠤᠯᠬᠤ ᠪᠠᠷ ᠪᠠᠶᠢᠨ᠎ᠠ᠃ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠦᠢᠯᠡᠴᠢᠯᠡᠭᠡᠨ ᠤ ᠲᠠᠪᠴᠠᠩ︾ ᠳᠤ ᠲᠦᠰᠢᠭᠯᠡᠬᠦ ᠶᠢ ᠴᠢᠬᠤᠯᠠᠴᠢᠯᠠᠵᠤ ᠡᠮᠬᠢᠯᠡᠨ ᠳ᠋ᠦᠩᠨᠡᠬᠦ ᠪᠠ ᠲᠤᠭ᠎ᠠ ᠪᠠᠷᠢᠮᠲᠠ ᠶᠢ ᠪᠦᠷᠢᠳᠬᠡᠬᠦ᠂ ᠠᠭᠤᠳᠠᠯᠤᠨ ᠢᠯᠡᠷᠡᠭᠦᠯᠬᠦ ᠠᠵᠢᠯ ᠤᠨ ᠳᠤᠮᠳᠠᠬᠢ ᠬᠡᠷᠡᠭᠵᠢᠭᠦᠯᠵᠦ ᠪᠣᠯᠬᠤ᠂ ᠪᠣᠳᠠᠲᠠᠢ ᠳᠤ ᠨᠠᠶᠢᠳᠠᠪᠤᠷᠢᠵᠢᠭᠤᠯᠵᠤ ᠪᠣᠯᠬᠤ᠂ ᠪᠣᠳᠠᠲᠤ ᠦᠷ᠎ᠡ ᠪᠦᠲᠦᠮᠵᠢ ᠣᠯᠬᠤ ᠪᠣᠳᠠᠲᠠᠢ ᠶᠢ ᠡᠷᠬᠢᠮᠯᠡᠬᠦ ᠴᠢᠨᠠᠷᠲᠠᠢ ᠠᠷᠭ᠎ᠠ ᠶᠢ ᠰᠠᠶᠢᠲᠤᠷ ᠬᠢᠵᠦ ᠬᠡᠷᠡᠭᠯᠡᠭᠡ ᠪᠠᠷ ᠲᠡᠳᠬᠦᠬᠦ ᠰᠢᠨ᠎ᠡ ᠠᠷᠭ᠎ᠠ ᠵᠠᠮ ᠂ ᠰᠢᠨ᠎ᠡ ᠵᠠᠭᠪᠤᠷ ᠢ ᠡᠭᠦᠳᠬᠦ ᠪᠠᠷ ᠢᠳᠡᠪᠬᠢᠲᠡᠢ ᠰᠦᠪᠡᠭᠴᠢᠯᠡᠬᠦ ᠪᠤᠯᠤᠨ᠎ᠠ᠃ᠨᠡᠶᠢᠭᠡᠮ ᠤᠨ ᠶᠠᠪᠤᠳᠠᠯ    ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠮᠥᠰᠥ ᠴᠠᠰᠤᠨ ᠤ ᠵᠢᠭᠤᠯᠴᠢᠯᠠᠯ ᠲᠠᠢ ᠠᠭᠤᠰᠤᠯᠴᠠᠭᠤᠯᠵᠤ᠂ ︽ᠤᠷᠤᠭ ᠤᠨ ᠵᠠᠩᠰᠢᠯ ᠤᠨ ᠰᠢᠨ᠎ᠡ ᠬᠡᠪ ᠰᠤᠷᠲᠠᠯ᠂ ᠬᠢᠩᠭᠠᠨ ᠤ ᠬᠢᠨ ᠠᠰᠢᠭ ᠬᠦᠷᠲᠡᠭᠡᠬᠦ︾ ᠪᠠᠷ ᠭᠤᠣᠯ ᠰᠡᠳᠦᠪ ᠪᠣᠯᠭᠠᠭᠰᠠᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠡᠪᠦᠯ ᠤᠨ ᠰᠢᠷᠢᠰ ᠠᠵᠢᠯᠯᠠᠭ᠎ᠠ ᠶᠢ ᠡᠷᠭᠢᠯᠡᠵᠦ ︽ᠠᠷᠠᠳ ᠤᠨ ᠶᠠᠪᠤᠳᠠᠯ + ᠵᠢᠭᠤᠯᠴᠢᠯᠠᠯ︾ ᠤᠨ ᠵᠠᠭᠪᠤᠷ ᠢᠶᠠᠷ ᠬᠢᠩᠭᠠᠨ ᠠᠶᠢᠮᠠᠭ ᠤᠨ ᠡᠪᠦᠯ ᠤᠨ ᠮᠥᠰᠥ ᠴᠠᠰᠤᠨ ᠤ ᠵᠢᠭᠤᠯᠴᠢᠯᠠᠯ ᠳᠤ ᠬᠦᠴᠦ ᠨᠡᠮᠡᠷᠢᠯᠡᠵᠦ᠂ ᠡᠯ᠎ᠡ ᠭᠠᠵᠠᠷ ᠤᠨ 500 ᠭᠠᠷᠤᠢ ᠵᠠᠯᠠᠭᠤᠴᠤᠳ ᠲᠣᠰ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃ᠨᠠᠰᠤᠵᠢᠯ ᠤᠨ ᠦᠢᠯᠡᠴᠢᠯᠡᠭᠡ    2024 ᠣᠨ ᠳᠤ ᠬᠥᠯᠥᠨ ᠪᠤᠶᠢᠷ ᠤᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠵᠤᠭᠠᠴᠠᠨ ᠰᠠᠭᠤᠬᠤ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ᠢᠳᠡᠪᠬᠢᠲᠡᠢ ᠦᠷ᠎ᠡ ᠪᠦᠲᠦᠭᠡᠯ ᠣᠯᠵᠤ᠂ ᠵᠢᠶᠠᠩᠰᠤ ᠮᠤᠵᠢ᠂ ᠬᠠᠶᠢᠨᠠᠨ ᠮᠤᠵᠢ ᠵᠡᠷᠭᠡ ᠤᠯᠠᠨ ᠭᠠᠵᠠᠷ ᠣᠷᠣᠨ ᠲᠠᠢ ᠵᠤᠭᠠᠴᠠᠨ ᠰᠠᠭᠤᠬᠤ ᠨᠠᠰᠤᠵᠢᠯ ᠤᠨ ᠠᠰᠠᠷᠠᠮᠵᠢ ᠶᠢᠨ ᠬᠠᠮᠲᠤᠷᠠᠯᠴᠠᠭ᠎ᠠ ᠶᠢ ᠪᠠᠶᠢᠭᠤᠯᠪᠠ᠃ 4 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ︽ᠡᠪᠦᠯ ᠤᠨ ᠡᠮᠦᠨ᠎ᠡ ᠭᠠᠵᠠᠷ᠂ ᠵᠤᠨ ᠤ ᠬᠤᠶᠢᠲᠤ ᠭᠠᠵᠠᠷ︾ ᠵᠤᠭᠠᠴᠠᠨ ᠰᠠᠭᠤᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠳᠤ ᠣᠷᠣᠵᠤ ᠰᠠᠭᠤᠪᠠ ᠃ ᠵᠢᠭᠤᠯᠴᠢᠯᠠᠯ ᠤᠨ ᠪᠠ ᠨᠠᠰᠤᠵᠢᠯ ᠤᠨ ᠠᠰᠠᠷᠠᠮᠵᠢ ᠶᠢᠨ 2 ᠵᠦᠢᠯ ᠤᠨ ᠰᠣᠳᠣᠨ ᠪᠦᠲᠦᠭᠡᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ 10 ᠴᠢᠨᠠᠷᠵᠢᠭᠤᠨ ᠪᠠᠶᠢᠭᠤᠯᠤᠮᠵᠢ ᠶᠢ ᠭᠠᠷᠭᠠᠵᠤ᠂ ᠮᠣᠩᠭᠤᠯ ᠡᠮᠨᠡᠯᠭᠡ᠂ ᠵᠢᠭᠤᠯᠴᠢᠯᠠᠯ᠂ ᠠᠷᠠᠳ ᠤᠨ ᠵᠠᠩ ᠦᠶᠯᠡ᠂ ᠰᠣᠶᠣᠯ ᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠷᠢᠰᠢᠯ ᠢ ᠥᠨᠳᠥᠷ ᠪᠠᠷᠢᠮᠵᠢᠶ᠎ᠠ ᠪᠠᠷ ᠠᠬᠢᠭᠤᠯᠪᠠ᠃  ᠪᠦᠬᠦ ᠵᠢᠯ ᠳᠤ ᠡᠷᠡᠭᠦᠯ ᠡᠩᠬᠡ ᠳᠤ ᠰᠠᠭᠤᠵᠤ ᠪᠠᠶᠢᠭ᠎ᠠ ᠨᠠᠰᠤᠲᠠᠨ ᠢ ᠨᠡᠶᠢᠲᠡ 1.7 ᠲᠦᠮᠡ ᠭᠠᠷᠤᠢ ᠬᠥᠮᠥᠨ ᠤᠳᠠᠭ᠎ᠠ ᠬᠦᠯᠢᠶᠡᠨ ᠠᠪᠴᠤ ᠵᠣᠴᠢᠯᠠᠵᠠᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号