1 ᠳ᠋ᠤᠬᠡᠷ ᠰᠠᠷ᠎ᠠ ᠶᠢᠨ 14 ᠤ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ | ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠦᠭᠵᠢᠬᠦᠯᠤᠯᠳᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠠ 2025 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠬᠦᠯᠤᠯᠳᠡ ᠶᠢᠨ ᠲᠥᠯᠥᠪᠯᠡᠭᠡ ᠶᠢᠨ ᠲᠥᠰᠥᠯ ᠤᠨ | ᠲᠤᠬᠠᠢ ᠮᠡᠳᠡᠭᠦᠯᠦᠯᠲᠡ︾ ᠶᠢ ᠪᠢᠴᠢᠭ ᠤᠨ ᠬᠡᠯᠪᠡᠷᠢ ᠪᠠᠷ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠶᠢᠴᠠᠭᠠᠯᠭᠠᠪᠠ᠃ | ᠮᠡᠳᠡᠭᠦᠯᠦᠯᠲᠡ ᠠᠴᠠ ᠦᠵᠡᠪᠡᠯ᠂ 2024 ᠣᠨ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠨᠠᠮ ᠤᠨ ᠬᠤᠷᠢᠳᠤᠭᠠᠷ | ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠳᠣᠯᠣᠳᠤᠭᠠᠷ᠂ ᠨᠠᠢᠮᠠᠳᠤᠭᠠᠷ ᠤᠳᠠᠭᠠᠨ ᠤ ᠪᠥᠬᠦᠳᠡ ᠬᠤᠷᠠᠯ᠂ ᠭᠤᠣᠯᠳᠠᠯᠭ᠎ᠠ ᠲᠠᠢ | ᠠᠵᠢᠯ ᠢ ᠠᠬᠢᠭᠤᠯᠬᠤ ᠬᠤᠷᠠᠯ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠪᠠ | ᠬᠢᠨᠠᠨ ᠵᠥᠪᠯᠡᠵᠦ ᠵᠥᠪᠰᠢᠶᠡᠷᠡᠭᠰᠡᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠬᠦᠯᠤᠯᠳᠡ ᠶᠢᠨ ᠲᠥᠯᠥᠪᠯᠡᠭᠡ ᠶᠢ ᠬᠢᠨᠠᠮᠠᠭᠠᠢ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠤᠭᠠᠳ ᠦᠢᠯᠡᠴᠢᠯᠡᠭᠡ ᠶᠢ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠠᠵᠢᠯ ᠢ ᠲᠦᠷᠭᠡᠳᠬᠡᠵᠦ᠂ ᠰᠡᠳᠬᠢᠯ ᠢᠶᠠᠨ ᠨᠢᠭᠡᠳᠬᠡᠨ | ᠬᠦᠴᠦᠨ ᠢᠶᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ | ᠢ ᠰᠠᠶᠢᠲᠤᠷ ᠠᠳᠬᠤᠬᠰᠠᠨ ᠢᠶᠠᠷ ᠠᠵᠤ ᠠᠬᠤᠢ ᠶᠢᠨ ᠠᠵᠢᠯᠯᠠᠭᠠᠨ ᠳᠤ ᠶᠡᠷᠦᠩᠬᠡᠢ ᠳᠤ ᠪᠠᠨ ᠲᠣᠭᠲᠠᠭᠤᠨ ᠪᠦᠬᠡᠳ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠪᠠᠶᠢᠳᠠᠯ ᠢᠯᠡᠷᠡᠵᠦ᠂ ᠰᠢᠨ᠎ᠡ ᠵᠠᠮ ᠢᠶᠠᠷ ᠵᠠᠮᠨᠠᠵᠤ ᠳᠤᠮᠳᠠ | ᠲᠦᠪᠰᠢᠨ ᠳᠤ ᠣᠷᠣᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃ ᠲᠦᠷᠦᠭᠦᠸ ᠭᠤᠷᠪᠠᠨ ᠤᠯᠠᠷᠢᠯ ᠳᠤ | ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 17875.5 ᠳ᠋ᠦᠩᠰᠢᠭᠤᠷ ᠲᠥᠭᠦᠷᠢᠭ ᠲᠤ ᠬᠦᠷᠴᠦ 5. | 8% ᠪᠠᠷ ᠨᠡᠮᠡᠭᠳᠡᠨ᠂ ᠪᠥᠬᠦ ᠤᠯᠤᠰ ᠤᠨ ᠳᠤᠮᠳᠠᠴᠢ ᠲᠦᠪᠰᠢᠨ ᠠᠴᠠ 1% ᠥᠨᠳᠥᠷ ᠪᠣᠯᠵᠤ᠂ ᠪᠥᠬᠦ ᠤᠯᠤᠰ ᠤᠨ | ᠳᠥᠷᠪᠡᠳᠦᠭᠡᠷ ᠲᠤ ᠣᠷᠣᠪᠠ᠃ | | | | | | | | | |