ᠨᠢᠳᠤᠨᠤᠨ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 3150.3 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2025/1/15
   1 ᠳ᠋ᠤᠬᠡᠷ ᠰᠠᠷ᠎ᠠ ᠶᠢᠨ 14 ᠤ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾ ᠶᠢ ᠪᠢᠴᠢᠭ ᠤᠨ ᠬᠡᠯᠪᠡᠷᠢ ᠪᠠᠷ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠶᠢᠴᠠᠭᠠᠯᠭᠠᠪᠠ᠃   ᠮᠡᠳᠡᠭᠦᠯᠦᠯᠲᠡ ᠠᠴᠠ ᠦᠵᠡᠪᠡᠯ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 3150.3 ᠳ᠋ᠦᠩᠰᠢᠭᠤᠷ ᠲᠥᠭᠦᠷᠢᠭ᠂ ᠲᠥᠰᠥᠪ ᠤᠨ 101.6% ᠪᠤᠯᠵᠤ᠂ ᠠᠳᠠᠯᠢ ᠬᠤᠭᠤᠴᠠᠭᠠᠨ ᠤ ᠬᠢ ᠠᠴᠠ 2.2% ᠨᠡᠮᠡᠭᠳᠡᠪᠡ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 2212.1 ᠳ᠋ᠦᠩᠰᠢᠭᠤᠷ ᠲᠥᠭᠦᠷᠢᠭ ᠲᠤ ᠬᠦᠷᠴᠦ᠂ 70.2% ᠢ ᠡᠵᠡᠯᠡᠨ᠎ᠡ᠃ ᠭᠠᠶᠢᠯᠢ ᠶᠢᠨ ᠪᠤᠰᠤ ᠣᠷᠣᠯᠭ᠎ᠠ 938.2 ᠳ᠋ᠦᠩᠰᠢᠭᠤᠷ ᠲᠥᠭᠦᠷᠢᠭ᠂ 29.8% ᠶᠢ ᠡᠵᠡᠯᠡᠨ᠎ᠡ᠃ ᠡᠭᠦᠨ ᠤ ᠳᠡᠭᠡᠷ᠎ᠡ ᠲᠥᠪ ᠤᠨ ᠨᠥᠬᠦᠪᠦᠷᠢ᠂ ᠡᠩ ᠤᠨ ᠥᠭᠴᠡᠭᠡᠨ ᠤ ᠣᠷᠣᠯᠭ᠎ᠠ᠂ ᠰᠢᠯᠵᠢᠭᠦᠯᠦᠨ ᠣᠷᠣᠭᠤᠯᠤᠭᠰᠠᠨ ᠲᠥᠰᠥᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ᠂ ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ ᠂ ᠲᠦᠷᠦᠭᠦᠦ ᠵᠢᠯ ᠤᠨ ᠰᠢᠯᠵᠢᠭᠦᠯᠦᠭᠰᠡᠨ ᠵᠡᠷᠭᠡ ᠣᠷᠣᠯᠭ᠎ᠠ 6116.6 ᠳ᠋ᠦᠩᠰᠢᠭᠤᠷ ᠲᠥᠭᠦᠷᠢᠭ ᠢ ᠨᠡᠮᠡᠪᠡᠯ ᠣᠷᠣᠯᠭ᠎ᠠ ᠶᠢᠨ ᠶᠡᠷᠦᠩᠬᠡᠢ ᠬᠡᠮᠵᠢᠶ᠎ᠡ 9266.9 ᠳ᠋ᠦᠩᠰᠢᠭᠤᠷ ᠲᠥᠭᠦᠷᠢᠭ ᠲᠤ ᠬᠦᠷᠴᠡᠢ᠃ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 6928 ᠳ᠋ᠦᠩᠰᠢᠭᠤᠷ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠶᠢᠨ ᠲᠥᠰᠥᠪ ᠤᠨ 84.1% ᠶᠢ ᠪᠡᠶᠡᠯᠡᠬᠦᠯᠤᠬᠡᠳ 1.3% ᠪᠠᠷ ᠨᠡᠮᠡᠭᠳᠡᠪᠡ᠃ ᠡᠭᠦᠨ ᠤ ᠳᠡᠭᠡᠷ᠎ᠡ ᠳᠡᠭᠡᠭᠰᠢ ᠲᠥᠪ ᠲᠤ ᠲᠤᠰᠢᠶᠠᠬᠤ᠂ ᠡᠩ ᠤᠨ ᠥᠭᠴᠡᠭᠡ ᠶᠢ ᠡᠬᠡ ᠮᠥᠩᠭᠦ ᠶᠢ ᠪᠤᠴᠠᠭᠠᠬᠤ᠂ ᠲᠥᠰᠥᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ ᠨᠥᠬᠦᠪᠦᠷᠢᠯᠡᠬᠦ ᠵᠡᠷᠭᠡ ᠵᠠᠷᠤᠯᠭ᠎ᠠ 1030.5 ᠳ᠋ᠦᠩᠰᠢᠭᠤᠷ ᠲᠥᠭᠦᠷᠢᠭ ᠢ ᠨᠡᠮᠡᠪᠡᠯ ᠵᠠᠷᠤᠯᠭ᠎ᠠ ᠶᠢᠨ ᠶᠡᠷᠦᠩᠬᠡᠢ ᠬᠡᠮᠵᠢᠶ᠎ᠡ 7958.5 ᠳ᠋ᠦᠩᠰᠢᠭᠤᠷ ᠲᠥᠭᠦᠷᠢᠭ ᠲᠤ ᠬᠦᠷᠴᠡᠢ᠃ ᠣᠷᠣᠯᠭ᠎ᠠ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠶᠢ ᠲᠤᠯᠭᠠᠵᠤ ᠪᠤᠳᠤᠪᠠᠯ ᠵᠢᠯ ᠤᠨ ᠡᠴᠦᠰ ᠲᠤ 1308.4 ᠳ᠋ᠦᠩᠰᠢᠭᠤᠷ ᠲᠥᠭᠦᠷᠢᠭ ᠢ ᠰᠢᠯᠵᠢᠭᠦᠯᠪᠡ᠂ ᠡᠨᠡ ᠨᠢ ᠭᠤᠣᠯᠳᠠᠭᠤ ᠬᠡᠰᠡᠭ ᠵᠦᠢᠯᠡᠰ ᠤᠨ ᠵᠠᠷᠤᠯᠭ᠎ᠠ ᠶᠢ ᠵᠢᠯ ᠤᠨ ᠡᠴᠦᠰ ᠲᠤ ᠭᠦᠢᠴᠡᠳᠬᠡᠵᠦ ᠳᠠᠭᠤᠰᠬᠠᠭᠰᠠᠨ ᠦᠭᠡᠢ ᠪᠣᠯᠬᠤᠷ ᠲᠣᠭᠲᠠᠭᠠᠯ ᠶᠣᠰᠣᠭᠠᠷ ᠳᠠᠷᠠᠭ᠎ᠠ ᠵᠢᠯ ᠳᠤ ᠰᠢᠯᠵᠢᠭᠦᠯᠦᠭᠡᠳ ᠦᠷᠭᠦᠯᠵᠢᠯᠡᠨ  ᠬᠡᠷᠡᠭᠯᠡᠬᠦ ᠠᠴᠠ ᠪᠣᠯᠵᠠᠢ᠃     2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ᠂ ᠮᠠᠨ ᠤ ᠣᠷᠣᠨ ᠤ ᠲᠡᠭ ᠠᠴᠠ ᠡᠬᠢᠯᠡᠬᠦ ᠲᠥᠰᠥᠪ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠠᠩᠬᠠᠨ ᠤ ᠵᠢᠯ ᠪᠤᠯᠬᠤᠷ ᠲᠥᠰᠥᠪ ᠢ  ᠨᠠᠶᠢᠷᠠᠭᠤᠯᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠵᠢᠱᠢᠯᠲᠡ ᠪᠠᠷ 3150 ᠳ᠋ᠦᠩᠰᠢᠭᠤᠷ ᠲᠥᠭᠦᠷᠢᠭ ᠲᠤ ᠬᠦᠷᠴᠦ 2024 ᠣᠨ ᠤ ᠪᠣᠳᠠᠲᠠᠢ ᠪᠡᠶᠡᠯᠡᠭᠦᠯᠦᠭᠰᠡᠨ ᠲᠤᠭ᠎ᠠ ᠲᠠᠢ ᠲᠡᠩᠴᠡᠨ᠎ᠡ᠃ ᠪᠥᠬᠦ ᠣᠷᠣᠨ  ᠤ ᠡᠩ  ᠤᠨ ᠤᠯᠠᠨ ᠨᠡᠶᠢᠲᠡ ᠶᠢᠨ ᠲᠥᠰᠥᠪ  ᠤᠨ ᠵᠠᠷᠤᠯᠭ᠎ᠠ ᠶᠢ 6950 ᠳ᠋ᠥᠢᠩᠰᠢᠭᠤᠷ ᠲᠥᠭᠦᠷᠢᠭ ᠲᠤᠬᠢᠷᠠᠭᠤᠯᠤᠭᠠᠳ 22 ᠳ᠋ᠥᠢᠩᠰᠢᠭᠤᠷ ᠲᠥᠭᠦᠷᠢᠭ᠂ ᠦᠬᠡᠷ᠎ᠡ ᠪᠠᠷ ᠬᠡᠯᠡᠪᠡᠯ 0.3 % ᠪᠠᠷ ᠨᠡᠮᠡᠭᠳᠡᠬᠦᠯᠪᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠭᠤᠣᠯᠳᠠᠯᠭ᠎ᠠ ᠲᠠᠢ ᠵᠠᠷᠤᠯᠭ᠎ᠠ ᠶᠢ ᠭᠤᠣᠯᠳᠠᠭᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠳᠡᠮᠵᠢᠬᠦ᠂ ᠬᠡᠷᠡᠭᠯᠡᠭᠡ ᠶᠢ ᠳᠡᠭᠡᠭᠰᠢᠯᠡᠭᠦᠯᠦᠨ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠳᠡᠮᠵᠢᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠶᠢ ᠳᠡᠮᠵᠢᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠳᠡᠮᠵᠢᠬᠦ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠡᠮᠵᠢᠬᠦ᠂ ᠲᠦᠭᠰᠢᠭᠦᠷᠢ ᠶᠢ ᠣᠨᠣᠪᠴᠢᠲᠠᠶ ᠰᠡᠷᠭᠡᠶᠢᠯᠡᠨ ᠠᠷᠢᠯᠭᠠᠬᠤ ᠶᠢ ᠳᠡᠮᠵᠢᠬᠦ ᠳᠤ ᠬᠡᠷᠡᠭᠯᠡᠨ᠎ᠡ   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号