ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ 1.16
ᠨᠡᠶᠢᠲᠡᠯᠡᠭᠰᠡᠨ ᠴᠠᠭ᠄
2025/1/21
ᠠᠷᠠᠳ ᠤᠨ ᠶᠠᠪᠤᠳᠠᠯ ᠤᠨ ᠶᠠᠮᠤᠨ    ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠬᠢᠨ ᠤᠷᠴᠢᠮ ᠳᠤ ︽ᠪᠥᠬᠦ ᠤᠯᠤᠰ ᠤᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠯ ᠤᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2025  — 2027 ᠣᠨ︶︾ ᠢ ᠳᠠᠷᠤᠮᠠᠯᠯᠠᠨ ᠲᠠᠷᠬᠠᠭᠠᠪᠠ᠃ ︽ᠲᠥᠰᠥᠯ︾ ᠳᠤ᠄ ︽2027 ᠣᠨ ᠪᠣᠯᠬᠤ ᠳᠤ ᠪᠥᠬᠦ ᠤᠯᠤᠰ ᠤᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠤᠷᠭᠠᠨ ᠬᠥᠮᠦᠵᠢᠯ ᠪᠣᠯᠪᠠᠰᠤᠷᠠᠯ ᠨᠢ ᠨᠠᠩ ᠪᠦᠷᠢᠨ ᠲᠡᠭᠦᠯᠳᠡᠷ ᠬᠢᠴᠢᠶᠡᠯ ᠤᠨ ᠰᠢᠰᠲ᠋ᠧᠮ᠂ ᠨᠠᠩ ᠰᠢᠯᠢᠳᠡᠭ ᠪᠠᠭᠰᠢ ᠶᠢᠨ ᠡᠩᠨᠡᠭᠡ᠂ ᠨᠠᠩ ᠪᠦᠲᠦᠮᠵᠢᠲᠡᠶ ᠵᠢᠭᠠᠨ ᠰᠤᠷᠭᠠᠯᠲᠠ ᠶᠢᠨ ᠠᠷᠭ᠎ᠠ᠂ ᠨᠠᠩ ᠭᠦᠢᠴᠡᠳ ᠵᠢᠭᠠᠨ ᠰᠤᠷᠭᠠᠯᠲᠠ ᠶᠢᠨ ᠪᠠᠲᠤᠯᠠᠭ᠎ᠠ ᠶᠢ ᠪᠦᠷᠢᠯᠳᠤᠬᠦᠯᠤᠨ᠎ᠡ᠃ ᠠᠵᠢᠯᠯᠠᠵᠤ ᠪᠠᠶᠢᠭ᠎ᠠ ᠬᠥᠮᠥᠰ ᠤᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠪᠥᠬᠦ ᠤᠯᠤᠰ ᠤᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠯᠦᠭᠡ ᠵᠣᠬᠢᠴᠠᠯᠳᠤᠭᠰᠠᠨ ᠬᠥᠮᠦᠵᠢᠯ ᠪᠣᠯᠪᠠᠰᠤᠷᠠᠯ ᠤᠨ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ︾ ᠭᠡᠵᠤ ᠲᠤᠬᠳᠠᠭᠠᠵᠠᠢ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ    2024 ᠣᠨ ᠳᠤ ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠠᠮ ᠤᠨ ᠪᠠᠶᠢᠭᠤᠯᠤᠯᠲᠠ ᠪᠠᠷ ᠳᠠᠭᠠᠭᠤᠯᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠥᠪᠯᠡᠯ ᠢ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠦᠬᠦ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠳᠤ ᠣᠷᠣᠭᠤᠯᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ ᠶᠢᠨ 168 ᠵᠤᠷᠪᠤᠰ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠨᠤᠲᠠᠯᠠᠯᠲᠠ ᠶᠢᠨ ᠮᠡᠳᠡᠭᠡ ᠵᠠᠩᠭᠢ ᠶᠢᠨ 30 ᠪᠤᠢ᠃ ᠪᠥᠬᠦ ᠠᠶᠢᠮᠠᠭ ᠤᠨ 85 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠤᠭᠤᠴᠢᠨ ᠪᠠᠶᠢᠴᠠᠭᠠᠵᠤ  ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠢ 687 ᠤᠳᠠᠭ᠎ᠠ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠪᠠ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠳᠤ ᠨᠡᠶᠢᠭᠡᠮ ᠤᠨ ᠲᠤᠰᠬᠠᠢ ᠠᠵᠢᠯ ᠤᠨ ᠦᠢᠯᠡᠴᠢᠯᠡᠭᠡ ᠶᠢ 112 ᠤᠳᠠᠭ᠎ᠠ ᠬᠠᠩᠭᠠᠵᠤ 3700 ᠭᠠᠷᠤᠢ ᠤᠳᠠᠭ᠎ᠠ ᠦᠢᠯᠡᠴᠢᠯᠡᠪᠡ᠃  ᠨᠡᠶᠢᠭᠡᠮ ᠤᠨ ᠶᠠᠪᠤᠳᠠᠯ      ᠲᠤᠰᠠᠯᠠᠮᠵᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠢᠯᠢᠳᠡᠭᠵᠢᠬᠦᠯᠵᠤ᠂ ᠣᠯᠠᠨ ᠡᠰᠢᠵᠢᠭᠰᠡᠨ  ᠲᠤᠰᠠᠯᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠲᠦᠯᠤᠬᠡ ᠪᠠᠶᠠᠨᠨᠠᠭᠤᠷ ᠬᠤᠲᠠ ᠶᠢᠨ ᠨᠡᠶᠢᠭᠡᠮ ᠤᠨ ᠲᠤᠰᠠᠯᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠯᠢᠨ ᠾᠧ ᠶᠢᠨ ᠡᠵᠡᠩᠨᠡᠵᠦ ᠵᠠᠰᠠᠬᠤ ᠬᠡᠰᠡᠭ ᠤᠨ ᠪᠠᠶᠠᠨᠨᠠᠭᠤᠷ ᠥᠷᠲᠡᠭᠡ ᠯᠦᠭᠡ ᠲᠡᠨᠦᠭᠦᠴᠢᠯᠡᠨ ᠭᠤᠶᠢᠷᠠᠨᠴᠢᠯᠠᠭᠴᠢᠳ ᠲᠤ ᠲᠤᠰᠬᠠᠢ ᠲᠡᠷᠭᠡᠨ ᠪᠢᠯᠧᠲ ᠠᠪᠴᠤ ᠦᠭᠭᠦ ᠵᠥᠪᠯᠡᠯᠴᠡᠭᠡᠷ ᠲᠣᠭᠲᠠᠵᠤ᠂ ᠲᠡᠨᠦᠭᠦᠴᠢᠯᠡᠨ ᠭᠤᠶᠢᠷᠠᠨᠴᠢᠯᠠᠭᠴᠢᠳ ᠤᠨ ᠨᠤᠲᠤᠭ ᠲᠤ ᠪᠠᠨ ᠪᠤᠴᠠᠬᠤ ᠳᠤ ᠲᠤᠯᠭᠠᠷᠠᠭᠰᠠᠨ ᠪᠢᠯᠧᠲ ᠬᠤᠳᠠᠯᠳᠤᠨ ᠠᠪᠬᠤ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠵᠦ᠂ ᠲᠡᠨᠦᠭᠦᠴᠢᠯᠡᠨ ᠭᠤᠶᠢᠷᠠᠨᠴᠢᠯᠠᠭᠴᠢᠳ ᠲᠤ ᠨᠠᠩ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠨᠭ᠍ᠭᠠᠬᠤ ᠪᠤᠯᠤᠨ᠎ᠠ᠃ ᠨᠠᠰᠤᠵᠢᠯ ᠤᠨ ᠦᠢᠯᠡᠴᠢᠯᠡᠭᠡ       ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ᠵᠣᠯ ᠵᠢᠷᠭᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽1+N︾ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠭᠠᠳ ︽ᠬᠠᠩᠭᠠᠯᠭ᠎ᠠ ᠬᠡᠷᠡᠭᠴᠡᠭᠡ ᠶᠢᠨ ᠬᠤᠶᠠᠷ ᠢ ᠨᠥᠬᠦᠪᠦᠷᠢᠯᠡᠬᠦ︾ ᠲᠣᠭᠲᠠᠴᠠ ᠶᠢ ᠪᠠᠶᠢᠭᠤᠯᠪᠠ᠃ ︽ᠬᠡᠯᠬᠢᠶᠡᠵᠢᠭᠦᠯᠬᠦ᠂ ᠨᠠᠷᠠᠲᠤ ᠲᠡᠮᠳᠡᠭᠵᠢᠭᠦᠯᠬᠦ᠂ ᠬᠡᠪᠴᠢᠶᠡᠵᠢᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ ᠬᠤᠰᠢᠭᠤ ᠰᠢᠶᠠᠨ ᠬᠤᠲᠠ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ ᠲᠣᠰᠬᠤᠨ ︵ᠨᠡᠶᠢᠭᠡᠮ ᠲᠣᠭᠤᠷᠢᠭ︶ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠭᠤᠷᠪᠠᠨ ᠱᠠᠲᠤᠨ ᠤ ᠲᠤᠤᠷᠵᠢᠯ ᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ︽ᠪᠠᠲᠤᠯᠠᠭ᠎ᠠ ᠲᠠᠢ᠂ ᠶᠠᠰᠤ ᠴᠢᠨᠠᠷ ᠲᠠᠢ᠂ ᠠᠮᠢ ᠠᠬᠤᠢ ᠲᠠᠢ︾ ᠬᠥᠭᠵᠢᠯᠲᠡ ᠶᠢᠨ ᠰᠢᠨ᠎ᠡ ᠠᠷᠭ᠎ᠠ ᠶᠢ ᠰᠡᠳᠤᠪᠡ᠃ ᠣᠲᠣ ᠪᠣᠯᠲᠠᠯ᠎ᠠ ᠪᠥᠬᠦ ᠬᠤᠲᠠ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ 430 ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 90% ᠬᠦᠷᠴᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣᠵᠤ ᠰᠠᠭᠤᠭᠰᠠᠨ ᠨᠣᠷᠮ᠎ᠠ 60% ᠬᠦᠷᠴᠡᠢ᠃ᠬᠡᠦᠬᠡᠳ ᠤᠨ ᠠᠰᠠᠷᠠᠮᠵᠢ     ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ︽ᠬᠠᠷᠠᠵᠤ ᠰᠤᠪᠢᠯᠠᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ 7 ᠠᠴᠠ 13 ᠨᠠᠰᠤᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠭᠡᠷ ᠲᠤ ᠪᠠᠨ ᠬᠤᠴᠣᠷᠤᠭᠰᠠᠨ ᠬᠡᠦᠬᠡᠳ ᠪᠠ ᠨᠡᠭᠦᠳᠡᠯ ᠬᠡᠦᠬᠡᠳ ᠢ ᠡᠯᠰᠡᠵᠦ ︽ᠪᠤᠭᠤᠳᠤ ᠶᠢᠨ ᠬᠡᠤᠬᠡᠳ  ᠢ ᠬᠠᠯᠠᠮᠵᠢᠯᠠᠬᠤ︾ ᠤ ᠠᠵᠢᠯᠯᠠᠭ᠎ᠠ ᠦᠷᠨᠢᠬᠦᠯᠬᠦ ᠶᠢᠨ ᠬᠠᠮᠳᠤ ᠹᠢᠽᠢᠺ᠂ ᠬᠢᠮᠢ᠂ ᠠᠮᠢᠳᠤ ᠪᠣᠳᠠᠰ ᠵᠡᠷᠭᠡ ᠰᠠᠭᠤᠷᠢ ᠲᠤᠷᠰᠢᠯᠲᠠ ᠶᠢᠨ ᠬᠢᠴᠢᠶᠡᠯ ᠢ ᠦᠷᠨᠢᠬᠦᠯᠤᠬᠡᠳ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠪᠦᠯ ᠤᠨ ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠭᠡᠷ ᠪᠦᠯᠢ ᠶᠢ ᠬᠠᠪᠰᠤᠷᠤᠨ ᠬᠠᠮᠢᠶᠠᠷᠬᠤ ᠳᠤ ᠬᠦᠴᠢᠷ ᠠᠰᠠᠭᠤᠳᠠᠯ ᠢ ᠨᠢ ᠨᠠᠮᠳᠠᠭᠤᠯᠪᠠ᠃         
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号