ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ 1.18
ᠨᠡᠶᠢᠲᠡᠯᠡᠭᠰᠡᠨ ᠴᠠᠭ᠄
2025/1/21
ᠴᠢᠬᠤᠯᠠ ᠮᠡᠳᠡᠭᠡ    ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ᠪᠦᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠬᠦᠷᠢᠶ᠎ᠡ ᠴᠠᠷᠠᠭ᠎ᠠ ᠳᠤ ᠬᠢ  ᠠᠶᠤᠯ ᠦᠬᠡᠢ ᠶᠢ ᠬᠠᠮᠢᠶᠠᠷᠤᠯᠲᠠ ᠪᠠ 2025 ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ  ᠶᠢᠨ ᠠᠶᠤᠯ ᠦᠬᠡᠢ ᠦᠢᠯᠡᠳᠪᠦᠷᠢᠯᠡᠯ ᠪᠣᠯᠣᠨ ᠨᠠᠰᠤᠵᠢᠯ  ᠤᠨ ᠠᠰᠠᠷᠠᠮᠵᠢ  ᠶᠢᠨ ᠦᠢᠯᠡᠴᠢᠯᠡᠭᠡᠨ  ᠤ ᠠᠵᠢᠯ  ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠵᠤ᠂ ᠴᠠᠭᠠᠨ ᠰᠠᠷ᠎ᠠ ᠪᠣᠯᠣᠨ ᠪᠦᠬᠦ ᠤᠯᠤᠰ  ᠤᠨ ᠬᠤᠶᠠᠷ ᠬᠤᠷᠠᠯ  ᠤᠨ ᠬᠤᠭᠤᠴᠠᠭᠠᠨ ᠳᠤ ᠬᠢ ᠨᠠᠰᠤᠵᠢᠯ  ᠤᠨ ᠠᠰᠠᠷᠠᠮᠵᠢ  ᠶᠢᠨ ᠦᠢᠯᠡᠴᠢᠯᠡᠭᠡᠨ  ᠤ ᠬᠦᠷᠢᠶ᠎ᠡ ᠴᠠᠷᠠᠭ᠎ᠠ ᠳᠤ ᠬᠢ ᠠᠮᠤᠷ ᠲᠦᠪᠰᠢᠨ ᠲᠣᠭᠲᠠᠭᠤᠨ ᠪᠠ ᠨᠠᠰᠤᠲᠠᠶᠢᠴᠤᠳ  ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ᠂ ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠠᠳ ᠱᠠᠭᠠᠷᠳᠠᠯᠭ᠎ᠠ ᠳᠤᠷᠠᠳᠪᠠ᠃ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠲᠠᠩ ᠴᠧᠩ ᠫᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠶᠡᠷᠤᠩᠭᠡᠶᠢᠯᠡᠭᠰᠡᠨ ᠠᠵᠢᠯ   ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠢᠳᠡᠪᠬᠢᠲᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠪᠴᠢᠶ᠎ᠠ ᠶᠢᠨ ᠰᠢᠰᠲ᠋ᠧᠮ ᠤᠨ ᠵᠠᠯᠠᠭᠤ ᠺᠠᠳ᠋ᠷ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠤ 20 ᠭᠠᠷᠤᠢ ᠬᠥᠮᠥᠨ ᠢ ᠵᠣᠬᠢᠶᠠᠨ ᠪᠠᠶᠢᠭᠤᠯᠵᠤ ︽ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠤᠯᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠩᠭᠢ︾ ᠶᠢ ᠪᠠᠶᠢᠭᠤᠯᠪᠠ ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠠᠴᠠ ᠨᠠᠭᠠᠰᠢ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠪᠠ ᠰᠠᠶᠢᠨ ᠳᠤᠷ᠎ᠠ ᠶᠢᠨ ᠡᠩᠨᠡᠭᠡ ᠶᠢᠨ ᠬᠠᠤᠯᠢ ᠪᠠᠷ ᠵᠠᠰᠠᠬᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠨᠢᠭᠡᠨᠲᠡ 4 ᠲᠠᠯᠠᠪᠤᠷ ᠥᠷᠨᠢᠭᠦᠯᠵᠦ᠂ ᠦᠢᠯᠡᠴᠢᠯᠡᠭᠡᠨ ᠤ ᠶᠡᠷᠦᠩᠬᠡᠢ ᠴᠠᠭ ᠨᠢ 40 ᠴᠠᠭ ᠰᠢᠬᠠᠮ ᠪᠤᠯᠵᠤ ︽ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠦᠬᠦᠨ ᠳᠤ ᠲᠣᠬᠢᠷᠠᠬᠤ ᠺᠠᠷᠲ︾ ᠤᠨ ᠤᠬᠠᠭᠤᠯᠭ᠎ᠠ ᠶᠢᠨ ᠭᠠᠷ ᠳᠡᠪᠲᠡᠷ ᠢ 600 ᠭᠠᠷᠤᠢ ᠳᠡᠪᠲᠡᠷ ᠲᠠᠷᠬᠠᠭᠠᠵᠤ᠂ ᠠᠷᠠᠳ ᠤᠨ ᠶᠠᠪᠤᠳᠠᠯ ᠤᠨ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠶᠢᠨ ᠮᠡᠳᠡᠯᠭᠡ ᠶᠢ ᠣᠯᠠᠨ ᠲᠦᠮᠡᠨ ᠳᠤ ᠴᠠᠭ ᠲᠤᠬᠠᠢ ᠳᠤ  ᠨᠢ ᠲᠠᠮᠵᠢᠭᠤᠯᠪᠠ᠃ᠨᠡᠶᠢᠭᠡᠮ ᠤᠨ ᠶᠠᠪᠤᠳᠠᠯ   ᠪᠠᠶᠠᠨᠨᠠᠭᠤᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ᠂ ᠬᠤᠲᠠ ᠶᠢᠨ ᠨᠡᠶᠢᠭᠡᠮ ᠤᠨ  ᠲᠤᠰᠠᠯᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠬᠡ ᠣᠯᠠᠨ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠬᠠᠬᠢᠷ ᠡᠪᠦᠯ ᠤᠨ ᠬᠦᠢᠳᠡᠨ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠢ  ᠲᠤᠰᠠᠯᠠᠮᠵᠢ ᠶᠢᠨ ᠠᠵᠢᠯᠯᠠᠭ᠎ᠠ  ᠶᠢ ᠥᠷᠨᠢᠭᠦᠯᠵᠦ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠲᠤ ᠲᠦᠷ ᠴᠠᠭ ᠤᠨ ᠲᠤᠰᠠᠯᠠᠮᠵᠢ ᠬᠦᠷᠳᠡᠬᠡᠨ᠂ ᠴᠠᠭ ᠲᠤᠬᠠᠢ ᠳᠤ ᠨᠢ ᠢᠳᠬᠠᠨ ᠰᠤᠷᠭᠠᠬᠤ ᠶᠢᠨ ᠬᠠᠮᠲᠤ ᠲᠡᠳᠡᠨ ᠳᠤ ᠠᠮᠢᠳᠤᠷᠠᠯ ᠤᠨ ᠡᠳ᠋ ᠪᠣᠳᠠᠰ ᠬᠠᠩᠭᠠᠵᠤ᠂ ᠲᠤᠰᠠᠯᠠᠮᠵᠢ ᠶᠢᠨ ᠠᠵᠢᠯ ᠤᠨ ᠬᠠᠮ ᠬᠦᠴᠦᠨ ᠢ ᠪᠦᠷᠢᠯᠳᠤᠬᠦᠯᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠤᠨ ᠠᠮᠢ ᠨᠠᠰᠤᠨ ᠤ ᠠᠮᠤᠷ ᠲᠦᠪᠰᠢᠨ ᠢ ᠪᠠᠳᠤᠯᠠᠪᠠ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠵᠡᠭᠡᠯᠢ ᠭᠤᠳᠤᠮᠵᠢ ᠪᠠᠷ ᠲᠡᠨᠦᠭᠦᠴᠢᠯᠡᠨ ᠭᠤᠶᠢᠷᠠᠨᠴᠢᠯᠠᠭᠰᠠᠳ ᠢ 18 ᠤᠳᠠᠭ᠎ᠠ ᠢᠳᠬᠠᠨ ᠰᠤᠷᠭᠠᠵᠤ᠂ ᠲᠤᠬᠠᠢ ᠶᠢᠨ ᠲᠠᠯᠠᠪᠤᠷ ᠲᠤ 25 ᠤᠳᠠᠭ᠎ᠠ ᠲᠤᠰᠠᠯᠠᠵᠤ᠂  5 ᠬᠦᠮᠦᠨ ᠢ ᠨᠤᠳᠤᠭ ᠲᠤ ᠨᠢ ᠬᠦᠷᠭᠡᠵᠦ᠂ ᠥᠷᠲᠡᠭᠡᠨ ᠳᠤ 2 ᠬᠥᠮᠥᠨ ᠢ ᠢᠳᠬᠠᠨ ᠰᠤᠷᠭᠠᠵᠠᠢ᠃ᠨᠠᠰᠤᠵᠢᠯ ᠤᠨ ᠦᠢᠯᠡᠴᠢᠯᠡᠭᠡ   ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽ᠬᠠᠷᠢᠯᠴᠠᠨ ᠬᠠᠪᠰᠤᠷᠤᠯᠴᠠᠵᠤ ᠵᠣᠯ ᠵᠢᠷᠭᠠᠯ ᠡᠳ᠋ᠯᠡᠬᠦ︾ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠲᠣᠰᠬᠤᠨ ᠤ ᠲᠠᠰ ᠤᠨ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠴᠡᠭ᠂ ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠢᠶᠠᠷ ᠲᠦᠰᠢᠭ ᠪᠣᠯᠭᠠᠨ᠂ ᠬᠠᠷᠢᠯᠴᠠᠨ ᠬᠠᠪᠰᠤᠷᠤᠯᠴᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠵᠦ᠂ ᠪᠥᠬᠦ ᠬᠤᠲᠠ ᠶᠢᠨ ᠬᠥᠳᠡᠭᠡ ᠲᠣᠰᠬᠤᠨ ᠤ ᠠᠰᠠᠷᠠᠮᠵᠢ ᠶᠢᠨ ᠬᠦᠷᠢᠶᠡᠯᠡᠩ ᠢ ᠲᠠᠰ ᠳᠡᠪᠰᠢᠭᠦᠯᠦᠨ ᠥᠭᠡᠷᠡᠴᠢᠯᠡᠵᠦ᠂ ︽ᠰᠠᠶᠢᠨ ᠳᠤᠷ᠎ᠠ ᠠᠴᠠ ᠪᠠᠨ ᠬᠠᠷᠢᠯᠴᠠᠨ ᠬᠠᠪᠰᠤᠷᠤᠯᠴᠠᠬᠤ + ᠪᠠᠶᠢᠭᠤᠯᠤᠮᠵᠢ ᠶᠢᠨ ᠡᠵᠡᠩᠨᠡᠯᠲᠡ + ᠡᠷᠬᠢᠨ ᠲᠣᠭᠤᠷᠢᠨ ᠢᠶᠠᠨ ᠨᠥᠯᠥᠭᠡᠯᠡᠬᠦ︾ ︽ᠨᠠᠰᠤᠲᠠᠶᠢᠴᠤᠳ ᠤᠨ ᠬᠤᠭᠤᠯᠠᠨ ᠭᠡᠷ + ᠰᠡᠯᠡᠭᠦᠴᠡᠯ ᠵᠤᠭ᠎ᠠ ᠴᠡᠩᠭᠡᠯ︾ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠪᠡ᠃ ᠬᠡᠦᠬᠡᠳ ᠤᠨ ᠠᠰᠠᠷᠠᠮᠵᠢ     ᠴᠠᠭᠠᠨᠰ ᠰᠠᠷ᠎ᠠ ᠲᠦᠬᠦᠭᠰᠡᠨ ᠲᠠᠰᠢᠷᠠᠮ ᠢᠶᠠᠷ ᠠᠯᠠᠱᠠ ᠠᠶᠢᠮᠠᠭ ᠤᠨ ᠬᠢᠨ ᠨᠡᠭᠦᠳᠡᠯ ᠬᠡᠦᠬᠡᠳ ᠤᠨ ︽ᠬᠤᠶᠠᠷ ᠪᠠᠶᠠᠷ︾ ᠤᠨ ᠬᠤᠭᠤᠴᠠᠭᠠᠨ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ 50 ᠬᠡᠦᠬᠡᠳ ᠤᠨ ᠭᠡᠷ ᠪᠦᠯᠢ ᠳᠤ ᠭᠤᠯᠢᠷ᠂ ᠲᠣᠰᠣ᠂ ᠴᠠᠭᠠᠨ ᠰᠠᠷ᠎ᠠ ᠶᠢᠨ ᠪᠡᠯᠡᠭ ᠵᠡᠷᠭᠡ ᠲᠣᠬᠤᠨᠢᠭᠤᠯᠬᠤ ᠪᠣᠳᠠᠰ ᠪᠠ ᠮᠢᠩᠭᠠᠨ ᠲᠥᠭᠦᠷᠢᠭ ᠤᠨ ᠲᠣᠬᠤᠨᠢᠭᠤᠯᠬᠤ ᠮᠥᠩᠭᠦ ᠬᠦᠷᠭᠡᠵᠡᠢ᠃ ᠡᠭᠦᠨ ᠤ ᠬᠠᠮᠲᠤ ᠦᠨᠡᠯᠡᠬᠦ ᠳᠤᠭᠤᠶᠢᠯᠠᠩ ᠪᠠᠶᠢᠭᠤᠯᠵᠤ᠂ ᠠᠵᠢᠭᠯᠠᠬᠤ᠂ ᠰᠤᠷᠪᠤᠯᠵᠢᠯᠠᠨ ᠶᠠᠷᠢᠯᠴᠠᠬᠤ ᠪᠠ ᠬᠡᠮᠵᠢᠭᠦᠷ ᠢᠶᠠᠷ ᠬᠤᠪᠢ ᠲᠣᠭᠲᠠᠭᠠᠬᠤ ᠵᠡᠷᠭᠡ ᠠᠷᠭ᠎ᠠ  ᠪᠠᠷ ᠨᠠᠰᠤᠨ ᠳᠤ ᠥᠯᠥ ᠭᠦᠷᠦᠭᠰᠡᠳ ᠤᠨ ᠬᠢᠨᠠᠨ ᠬᠠᠮᠠᠭᠠᠯᠠᠭᠳᠠᠬᠤ ᠪᠠᠶᠢᠳᠠᠯ᠂ ᠬᠢᠨᠠᠨ ᠬᠠᠮᠠᠭᠠᠯᠠᠭᠴᠢ ᠶᠢᠨ ᠬᠢᠨᠠᠨ ᠬᠠᠮᠠᠭᠠᠯᠠᠬᠤ ᠴᠢᠳᠠᠪᠤᠷᠢ ᠶᠢ ᠦᠨᠡᠯᠡᠨ ︽ᠨᠢᠭᠡ ᠬᠥᠮᠥᠨ ᠳᠤ ᠨᠢᠭᠡ ᠲᠠᠩᠰᠠ ᠡᠪᠬᠡᠮᠡᠯ︾ ᠬᠠᠯᠠᠮᠵᠢᠯᠠᠬᠤ ᠦᠢᠯᠡᠴᠢᠯᠡᠭᠡᠨ ᠤ ᠲᠠᠩᠰᠠ ᠡᠪᠬᠡᠮᠡᠯ ᠢ ᠪᠠᠶᠢᠭᠤᠯᠵᠤ᠂ ᠲᠠᠷᠠᠭᠠᠴᠢ ᠪᠠᠷ ᠨᠠᠷᠢᠯᠢᠭ ᠣᠨᠣᠴᠠᠲᠠᠢ  ᠬᠠᠯᠠᠮᠵᠢᠯᠠᠬᠤ ᠪᠠ ᠲᠡᠳᠬᠦᠮᠵᠢ ᠬᠦᠷᠳᠡᠬᠡᠬᠦ ᠳᠤ ᠬᠦᠴᠦᠲᠡᠢ ᠲᠤᠯᠭᠠᠭᠤᠷᠢᠯᠠᠯ ᠬᠠᠨᠭ᠍ᠭᠠᠪᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号