ᠨᠡᠶᠢᠭᠡᠮ ᠤᠨ ᠲᠤᠰᠠᠯᠠᠮᠵᠢ | | | 2024 ᠣᠨ ᠳᠤ ᠤᠯᠠᠭᠠᠨᠴᠠᠪ ᠤᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠳᠦᠰᠦᠨ | ᠠᠮᠢᠳᠤᠷᠠᠯ ᠤᠨ ᠲᠤᠰᠠᠯᠠᠮᠵᠢ᠂ ᠲᠤᠰᠬᠠᠢ ᠲᠦᠷᠦᠯ ᠤᠨ ᠨᠡᠶᠢᠭᠡᠮ ᠤᠨ ᠲᠤᠰᠠᠯᠠᠮᠵᠢ᠂ ᠪᠠᠴᠢᠮ ᠬᠦᠴᠢᠷᠳᠡᠯᠲᠡᠢ | ᠨᠡᠶᠢᠭᠡᠮ ᠤᠨ ᠲᠤᠰᠠᠯᠠᠮᠵᠢ ᠪᠠᠷ ᠭᠤᠣᠯ ᠪᠣᠯᠭᠠᠭᠰᠠᠨ᠂ ᠨᠡᠶᠢᠭᠡᠮ ᠤᠨ ᠬᠦᠴᠦᠨ ᠤ ᠣᠷᠤᠯᠴᠠᠯᠭ᠎ᠠ ᠪᠠᠷ ᠨᠥᠬᠦᠪᠦᠷᠢ | ᠪᠣᠯᠭᠠᠭᠰᠠᠨ ᠲᠡᠰ ᠲᠦᠷᠦᠯ ᠬᠤᠪᠢᠶᠠᠭᠰᠠᠨ ᠨᠡᠶᠢᠭᠡᠮ ᠤᠨ ᠲᠤᠰᠠᠯᠠᠮᠵᠢ ᠶᠢᠨ ᠰᠢᠰᠲ᠋ᠧᠮ ᠢ ᠦᠷᠭᠦᠯᠵᠢᠯᠡᠨ | ᠲᠡᠬᠦᠯᠳᠡᠷᠵᠢᠬᠦᠯᠪᠡ᠃ ︽ᠪᠡᠯᠡ ᠮᠥᠩᠭᠦ + ᠪᠣᠳᠠᠰ + ᠦᠢᠯᠡᠴᠢᠯᠡᠭᠡ︾ ᠶᠢᠨ ᠲᠤᠰᠠᠯᠠᠮᠵᠢ ᠶᠢᠨ ᠵᠠᠭᠪᠤᠷ ᠢ | ᠢᠳᠡᠪᠬᠢᠲᠡᠢ ᠪᠠᠷ ᠳᠡᠯᠭᠡᠷᠡᠭᠦᠯᠵᠦ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠭᠭᠦ ᠪᠠᠷ | ᠳᠠᠮᠵᠢᠭᠤᠯᠤᠨ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠪᠠ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ᠂ ᠣᠷᠣᠯᠭ᠎ᠠ ᠪᠠᠭ᠎ᠠ ᠭᠡᠷ ᠪᠦᠯᠢ ᠶᠢᠨ ᠠᠮᠢᠳᠤᠷᠠᠯ ᠳᠤ ᠪᠠᠨ ᠵᠦᠪ ᠦᠬᠡᠢ | ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠵᠡᠮᠳᠡᠭᠴᠦᠳ ᠲᠤ ᠴᠢᠬᠤᠯᠠ ᠪᠦᠬᠦᠢ ᠰᠤᠷᠪᠤᠯᠵᠢᠯᠠᠨ ᠦᠵᠡᠵᠦ | ᠬᠠᠷᠠᠭᠠᠯᠵᠠᠬᠤ᠂ ᠲᠠᠶᠢᠳᠬᠤᠷᠠᠭᠤᠯᠬᠤ ᠵᠡᠷᠭᠡ ᠦᠢᠯᠡᠴᠢᠯᠡᠭᠡ ᠬᠠᠩᠭᠠᠵᠤ᠂ ᠪᠥᠬᠦ ᠵᠢᠯ ᠳᠤ ᠬᠦᠴᠢᠷᠳᠡᠯᠲᠡᠢ ᠣᠯᠠᠨ | ᠲᠦᠮᠡᠨ ᠳᠤ ᠨᠡᠶᠢᠲᠡ 5 ᠲᠦᠮᠡ ᠭᠠᠷᠤᠢ ᠬᠥᠮᠥᠨ ᠤᠳᠠᠭ᠎ᠠ ᠠᠰᠢᠭ ᠬᠦᠷᠲᠡᠭᠡᠪᠡ᠃ | | | ᠨᠠᠰᠤᠵᠢᠯ ᠤᠨ ᠦᠢᠯᠡᠴᠢᠯᠡᠭᠡ | | | ᠪᠤᠭᠤᠲᠤ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ︽ᠬᠠᠭᠤᠴᠢᠨ | ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ︾ ᠨᠠᠰᠤᠲᠠᠶᠢᠴᠤᠳ ᠢ ᠲᠤᠰᠠᠯᠠᠬᠤ ᠠᠵᠢᠯᠯᠠᠭ᠎ᠠ ᠥᠷᠨᠢᠭᠦᠯᠵᠦ᠂ | 60 ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠢᠯᠠᠩᠭᠤᠶ᠎ᠠ ᠦᠳᠡᠬᠦᠰ᠂ ᠥᠨᠥᠴᠢᠨ ᠪᠡᠯᠪᠡᠰᠦᠨ᠂ | ᠬᠡᠷ ᠤᠨ ᠮᠤᠬᠤᠷ ᠰᠠᠬᠢᠬᠰᠠᠨ᠂ ᠣᠨᠴᠠ ᠬᠦᠴᠢᠷᠳᠡᠯᠲᠡᠢ ᠬᠥᠮᠥᠰ ᠲᠤ ᠪᠡᠶ᠎ᠡ ᠤᠬᠢᠶᠠᠬᠤ᠂ ᠬᠡᠵᠢᠬᠡ ᠵᠠᠰᠠᠬᠤ | ᠦᠢᠯᠡᠴᠢᠯᠡᠭᠡ ᠬᠠᠨᠭ᠍ᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ︽ᠰᠢᠨ᠎ᠡ ᠵᠢᠯ ᠤᠨ ᠭᠤᠶᠢᠳᠠ ᠰᠠᠶᠢᠬᠠᠨ᠂ | ᠤᠷᠠᠨ ᠠᠷᠭ᠎ᠠ ᠪᠠᠷ ᠪᠠᠶᠠᠷ ᠤᠨ ᠡᠳᠦᠷ ᠢ ᠥᠩᠭᠡᠷᠡᠭᠦᠯᠬᠦ︾ ᠪᠦᠲᠦᠭᠡᠯᠴᠢ DIY ᠠᠵᠢᠯᠯᠠᠭ᠎ᠠ ᠶᠢ ᠵᠡᠷᠬᠡ ᠪᠠᠷ | ᠥᠷᠨᠢᠭᠦᠯᠵᠦ᠂ ᠨᠠᠰᠤᠲᠠᠶᠢᠴᠤᠳ ᠤᠨ ᠣᠶᠤᠨ ᠤ ᠠᠮᠢᠳᠤᠷᠠᠯ ᠢ ᠪᠠᠶᠠᠯᠢᠭᠵᠢᠭᠤᠯᠤᠨ᠂ ᠪᠠᠶᠠᠷ ᠬᠥᠷ ᠲᠠᠢ ᠥᠯᠵᠡᠢ | ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ᠃ ᠣᠲᠣ ᠪᠣᠯᠲᠠᠯ᠎ᠠ᠂ ᠪᠥᠬᠦ ᠬᠤᠲᠠ ᠳᠤ | ᠨᠢᠭᠡᠨᠲᠡ 100 ᠤᠳᠠᠭ᠎ᠠ ᠶᠢᠨ ᠬᠠᠶᠢᠷ᠎ᠠ ᠬᠠᠯᠠᠮᠵᠢ ᠶᠢᠨ ᠤᠬᠢᠶᠠᠯᠭ᠎ᠠ ᠶᠢ ᠥᠷᠨᠢᠭᠦᠯᠵᠦ᠂ ᠨᠠᠰᠤᠲᠠᠶᠢᠴᠤᠳ ᠢ ᠬᠡᠵᠢᠬᠡ | ᠦᠰᠤ ᠶᠢ 700 ᠢᠯᠡᠬᠦᠤ ᠤᠳᠠᠭ᠎ᠠ ᠵᠠᠰᠠᠵᠤ ᠦᠭᠴᠡᠢ᠃ | | | ᠨᠢᠬᠦᠯᠡᠰᠤᠩᠭᠦᠢ ᠶᠢᠨ ᠦᠢᠯᠡᠰ | | | ᠳᠤᠮᠳᠠᠳᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠨᠡᠶᠢᠭᠡᠮᠯᠢᠭ ᠪᠣᠯᠣᠨ ᠲᠧᠩ ᠰᠢᠶᠦ᠋ᠨ ᠨᠡᠶᠢᠲᠡ ᠶᠢᠨ | ᠠᠰᠠᠷᠠᠮᠵᠢ ᠶᠢᠨ ᠨᠢᠭᠦᠯᠡᠰᠦᠩᠭᠦᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠨᠢᠭᠲᠠ ᠬᠠᠮᠲᠤᠷᠠᠯᠴᠠᠵᠤ᠂ | 2023 ᠣᠨ ᠤ 12 ᠳ᠋ᠤᠭᠠᠷ ᠰᠠᠷ᠎ᠠ ᠳᠤ ᠨᠡᠶᠢᠭᠡᠮ ᠲᠣᠭᠤᠷᠢᠭ ᠤᠨ ᠨᠢᠭᠦᠯᠡᠰᠦᠩᠭᠦᠢ ᠶᠢᠨ ᠲᠤᠷᠰᠢᠯᠲᠠ ᠶᠢᠨ | ᠵᠦᠢᠯᠡᠰ ᠢ ᠡᠬᠢᠯᠡᠬᠦᠯᠪᠡ᠃ 2024 ᠣᠨ ᠤ ᠡᠴᠦᠰ ᠪᠣᠯᠲᠠᠯ᠎ᠠ ᠲᠣᠰ ᠲᠥᠷᠥᠯ ᠵᠦᠢᠯ ᠢ ᠨᠢᠭᠡᠨᠲᠡ ᠪᠡᠭᠡᠵᠢᠩ᠂ | ᠱᠠᠩᠬᠠᠢ᠂ ᠭᠤᠸᠠᠩᠵᠸᠤ᠂ ᠱᠧᠨᠵᠧᠨ᠂ ᠬᠠᠩᠵᠧᠦ᠂ ᠦᠬᠠᠨ᠂ ᠴᠧᠩᠳᠦ᠋᠂ ᠸᠧᠨᠵᠸᠤ᠂ ᠱᠣᠤᠰᠢᠩ᠂ ᠯᠧᠦ ᠳ᠋ᠢ᠂ | ᠴᠠᠩᠱᠠ ᠶᠢᠨ ᠨᠢᠩᠰᠢᠶᠠᠩ ᠬᠤᠲᠠ᠂ ᠵᠢᠦᠴᠢᠦᠸᠠᠨ ᠵᠡᠷᠭᠡ 12 ᠭᠠᠵᠠᠷ ᠣᠷᠣᠨ ᠳᠤ ᠲᠤᠷᠰᠢᠯᠲᠠ ᠬᠢᠭᠰᠡᠨ ᠪᠠᠶᠢᠨ᠎ᠠ᠃ | | | | | | | |