ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ 1.26
ᠨᠡᠶᠢᠲᠡᠯᠡᠭᠰᠡᠨ ᠴᠠᠭ᠄
2025/1/26
ᠠᠷᠠᠳ ᠤᠨ ᠶᠠᠪᠤᠳᠠᠯ ᠤᠨ ᠶᠠᠮᠤᠨ   ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠠᠯᠠᠭ᠎ᠠ ᠮᠥᠴᠢᠷ ᠤᠨ ᠬᠢᠨ ᠤᠷᠴᠢᠮ ᠳᠤ ᠬᠠᠮᠲᠤᠷᠠᠭᠰᠠᠨ ᠳᠦᠷᠢᠮ ᠲᠣᠭᠲᠠᠭᠠᠯ ︽ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡ ᠶᠢ ᠤᠯᠠᠮ ᠵᠢᠷᠤᠮᠵᠢᠭᠤᠯᠪᠠ᠃ ︽ᠠᠷᠭ᠎ᠠ︾ ᠳᠤ 6 ᠪᠦᠯᠦᠭ 49 ᠵᠦᠢᠯ ᠲᠠᠢ᠂ ᠭᠤᠣᠯ ᠠᠭᠤᠯᠭ᠎ᠠ ᠨᠢ ᠪᠠᠶᠢᠭᠤᠯᠤᠮᠵᠢ ᠶᠢᠨ ᠬᠢᠨ ᠤ ᠦᠢᠯᠡᠴᠢᠯᠡᠬᠦ ᠡᠳᠡᠬᠡᠳ᠂ ᠦᠢᠯᠡᠴᠢᠯᠡᠬᠦ ᠠᠭᠤᠯᠭ᠎ᠠ ᠶᠢ ᠨᠠᠷᠢᠯᠢᠭᠵᠢᠭᠤᠯᠤᠨ ᠵᠢᠷᠤᠮᠵᠢᠭᠤᠯᠵᠤ᠂ ᠪᠠᠶᠢᠭᠤᠯᠤᠮᠵᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢᠨ ᠬᠠᠮᠢᠶᠠᠷᠤᠯᠲᠠ᠂ ᠪᠠᠲᠤᠯᠠᠭ᠎ᠠ ᠪᠠ ᠬᠢᠨᠠᠯᠲᠠ ᠲᠠᠯᠪᠢᠬᠤ ᠠᠷᠭ᠎ᠠ ᠶᠢ ᠲᠣᠳᠣᠷᠬᠠᠶᠢᠯᠠᠪᠠ᠃     ᠠᠷᠠᠳ ᠤᠨ ᠶᠠᠪᠤᠳᠠᠯ ᠤᠨ ᠶᠠᠮᠤᠨ ᠵᠡᠷᠭᠡ 18 ᠰᠠᠯᠠᠭ᠎ᠠ ᠮᠥᠴᠢᠷ ᠤᠨ ᠬᠢᠨ ᠤᠷᠴᠢᠮ ᠳᠤ ᠬᠠᠮᠲᠤᠷᠠᠨ ︽ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠠᠵᠢᠯ ᠤᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ︽ᠠᠷᠭ᠎ᠠ︾ ᠳᠤ᠄ ︽ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ ᠲᠤᠰᠠᠯᠠᠮᠵᠢ᠂ ᠨᠢᠭᠦᠯᠡᠰᠦᠩᠭᠦᠢ ᠶᠢᠨ ᠲᠡᠳᠬᠦᠮᠵᠢ᠂ ᠬᠠᠯᠠᠮᠵᠢᠯᠠᠬᠤ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠪᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠬᠤᠯᠪᠣᠭᠳᠠᠯ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠲᠡᠭᠦᠨ ᠤ ᠠᠵᠢᠯᠲᠠᠨ ᠪᠤᠯᠤᠨ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠵᠡᠷᠭᠡ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢ ᠬᠢᠨᠠᠨ ᠵᠢᠯᠣᠭᠤᠳᠤᠨ᠎ᠠ᠃ ᠬᠤᠯᠪᠣᠭᠳᠠᠯ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠢ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠠᠵᠢᠯᠯᠠᠭ᠎ᠠ ᠥᠷᠨᠢᠭᠦᠯᠬᠦ ᠳᠤ ᠵᠠᠪᠠᠯ ᠱᠠᠭᠠᠷᠳᠠᠭᠳᠠᠬᠤ ᠬᠠᠮᠤᠭ ᠤᠨ ᠪᠠᠭ᠎ᠠ ᠬᠡᠮᠵᠢᠶ᠎ᠡ ᠪᠠ ᠬᠦᠷᠢᠶ᠎ᠡ ᠬᠡᠪᠴᠢᠶ᠎ᠡ ᠳᠤ ᠬᠢᠵᠠᠭᠠᠷᠯᠠᠬᠤ ᠶᠢᠨ ᠬᠠᠮᠲᠤ ᠵᠣᠬᠢᠬᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︾ ᠭᠡᠵᠤ ᠲᠤᠬᠳᠠᠭᠠᠬᠰᠠᠨ ᠪᠠᠶᠢᠨ᠎ᠠ᠃ᠨᠡᠶᠢᠭᠡᠮ ᠤᠨ ᠶᠠᠪᠤᠳᠠᠯ   ᠠᠯᠠᠱᠠ ᠠᠶᠢᠮᠠᠭ ᠲᠤ ︽ᠬᠠᠬᠢᠷ ᠡᠪᠦᠯ ᠤᠨ ᠬᠦᠢᠳᠡᠨ ᠶᠢ ᠬᠠᠯᠠᠭᠤᠨ ᠳᠤᠯᠠᠭᠠᠨ ᠬᠦᠷᠭᠡᠬᠦ︾ ᠲᠤᠰᠬᠠᠢ  ᠲᠤᠰᠠᠯᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠡᠭᠡᠯᠢ ᠳᠡᠭᠡᠷᠡᠬᠢ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠲᠡᠷᠭᠡᠨ ᠥᠷᠲᠡᠭᠡ᠂ ᠬᠠᠶᠠᠭᠳᠠᠮᠠᠯ ᠪᠠᠷᠢᠯᠭ᠎ᠠ᠂ ᠬᠥᠭᠦᠷᠭᠡ ᠶᠢᠨ ᠭᠤᠯᠳᠤᠩ ᠠᠭᠤᠢ ᠵᠡᠷᠭᠡ ᠬᠡᠭᠡᠷ᠎ᠡ ᠬᠤᠨᠣᠭᠯᠠᠬᠤ ᠭᠠᠵᠠᠷ ᠲᠤ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠵᠦ᠂ ᠲᠤᠰᠠᠯᠠᠮᠵᠢ ᠶᠢᠨ ᠠᠵᠢᠯ ᠢ ᠣᠷᠬᠢᠭᠳᠠᠭᠤᠯᠬᠤ ᠦᠭᠡᠢ᠂ ᠥᠨᠴᠥᠭ ᠪᠤᠯᠤᠩ ᠦᠯᠡᠳᠡᠬᠡᠬᠦ ᠦᠭᠡᠢ ᠪᠠᠷ ᠴᠢᠷᠮᠠᠶᠢᠨ ᠠᠵᠢᠯᠯᠠᠪᠠ ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ 56  ᠤᠳᠠᠭ᠎ᠠ ᠲᠤᠰᠠᠯᠠᠭᠠᠳ ᠲᠤᠰᠠᠯᠠᠮᠵᠢ ᠭᠤᠶᠤᠴᠢᠯᠠᠭᠰᠠᠨ ᠬᠥᠮᠥᠰ ᠤᠨ ᠠᠮᠢ ᠨᠠᠰᠤᠨ ᠤ ᠠᠮᠤᠷ ᠲᠦᠪᠰᠢᠨ ᠢ ᠴᠢᠷᠮᠠᠶᠢᠨ ᠪᠠᠲᠤᠯᠠᠵᠤ᠂   ᠬᠤᠳᠠ ᠶᠢᠨ ᠬᠢᠨ  ᠤ ᠬᠠᠯᠠᠭᠤᠨ ᠳᠤᠯᠠᠭᠠᠨ ᠢ ᠴᠢᠩ ᠦᠨᠡᠨ ᠠᠴᠠ ᠪᠠᠨ ᠲᠠᠮᠵᠢᠭᠤᠯᠤᠯ᠎ᠠ᠃ᠨᠡᠶᠢᠭᠡᠮ ᠤᠨ ᠲᠤᠰᠠᠯᠠᠮᠵᠢ  ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯᠲᠡᠢ ᠣᠯᠠᠨ ᠲᠦᠮᠡᠨ ᠤ ᠪᠠᠶᠠᠷ ᠳᠤᠷᠠᠰᠬᠠᠯ ᠤᠨ ᠡᠳᠦᠷ ᠢ ᠬᠠᠯᠠᠭᠤᠨ ᠢᠶᠠᠷ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ ᠨᠡᠶᠢᠭᠡᠮ ᠤᠨ ᠲᠤᠰᠠᠯᠠᠮᠵᠢ ᠶᠢᠨ ᠬᠦᠷᠢᠶ᠎ᠡ ᠴᠠᠷᠠᠭ᠎ᠠ ᠳᠤ ᠬᠢ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠢ ᠴᠢᠷᠮᠠᠶᠢᠨ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠲᠦᠭᠡᠭᠡᠪᠡ᠃ ᠪᠥᠬᠦ ᠬᠤᠲᠠ ᠶᠢᠨ 12 ᠬᠤᠰᠢᠭᠤ ᠬᠤᠲᠠ ᠲᠣᠭᠤᠷᠢᠭ ᠤᠨ 2025 ᠣᠨ ᠤ 1᠂ 2 ᠳ᠋ᠤᠭᠠᠷ ᠰᠠᠷ᠎ᠠ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ᠂ ᠬᠤᠲᠠ ᠬᠥᠳᠡᠭᠡ ᠶᠢᠨ ᠣᠨᠴᠠ ᠬᠦᠴᠢᠷᠳᠡᠯ ᠲᠠᠢ ᠪᠡᠯᠡ ᠮᠥᠩᠭᠦ ᠶᠢ ᠨᠢᠭᠡᠨᠲᠡ ᠴᠠᠭ ᠲᠤᠬᠠᠢ ᠳᠤ ᠨᠢ ᠲᠠᠷᠬᠠᠭᠠᠵᠠᠢ᠃ᠬᠡᠦᠬᠡᠳ ᠤᠨ ᠠᠰᠠᠷᠠᠮᠵᠢ    ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠪᠤᠭᠤᠳᠤ ᠶᠢᠨ ᠬᠢᠨ ᠤ ᠬᠡᠤᠬᠡᠳ ᠤᠨ ᠦᠰᠤᠨ ᠪᠤᠶᠢᠵᠢᠯᠳᠠ ᠶᠢᠨ ᠬᠤᠸᠠᠷᠠᠨ︾ ᠤ ᠠᠩᠬᠠᠨ ᠤ ᠬᠤᠭᠤᠴᠠᠭᠠᠨ ᠤ ᠡᠪᠦᠯ ᠤᠨ ᠠᠮᠠᠷᠠᠯᠲᠠ ᠶᠢᠨ  ᠬᠤᠸᠠᠷᠠᠨ ᠤᠷᠴᠢᠮ ᠳᠤ  ᠲᠡᠬᠦᠰᠪᠡ ᠃ 40 ᠬᠡᠦᠬᠡᠳ ︽ᠳᠠᠰᠬᠠᠯ ᠤᠨ ᠵᠢᠯᠣᠭᠤᠳᠤᠯᠭ᠎ᠠ + ᠭᠤᠣᠯ ᠰᠡᠳᠦᠪᠲᠦ ᠠᠵᠢᠯᠯᠠᠭ᠎ᠠ︾ ᠶᠢᠨ ᠬᠡᠯᠪᠡᠷᠢ ᠪᠠᠷ ᠬᠤᠣᠰ ᠤᠶᠠᠩᠭ᠎ᠠ᠂ ᠴᠠᠭᠠᠨ ᠰᠠᠷ᠎ᠠ ᠶᠢᠨ ᠵᠢᠷᠤᠭ ᠦᠢᠯᠡᠳᠬᠦ ᠶᠢ ᠰᠤᠷᠤᠬᠰᠠᠨ ᠪᠦᠬᠡᠳ ᠤᠯᠠᠮᠵᠢᠯᠠᠯᠳᠤ ᠪᠢᠲᠡᠭᠦᠨ ᠤ ᠬᠤᠭᠤᠯᠠ ᠬᠢᠬᠦ ᠳᠤ ᠤᠷᠤᠯᠴᠠᠪᠠ᠃ ᠪᠤᠳᠠᠰ ᠤᠨ ᠪᠤᠰᠤ ᠰᠣᠶᠤᠯ ᠢ ᠪᠡᠶᠡᠴᠢᠯᠡᠨ ᠣᠶᠢᠯᠠᠭᠠᠬᠤ ᠡᠳᠦᠷ᠂ ᠣᠨᠴᠠᠯᠢᠭᠲᠤ ᠠᠵᠢᠯᠯᠠᠭ᠎ᠠ  ᠳᠤ ᠬᠢ ᠬᠡᠦᠬᠡᠳ ᠤᠨ ᠰᠢᠨᠵᠢᠯᠡᠬᠦ ᠤᠬᠠᠭᠠᠨ ᠤ ᠲᠤᠷᠰᠢᠯᠲᠠ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠨᠢ ᠬᠡᠦᠬᠡᠳ ᠤᠨ ᠡᠷᠡᠭᠦᠯ ᠴᠢᠭᠢᠷᠠᠭ ᠪᠠᠶᠠᠷ ᠬᠦᠷ ᠲᠠᠢ ᠪᠠᠷ ᠦᠰᠦᠨ ᠪᠣᠶᠢᠵᠢᠬᠤ ᠶᠢ ᠳᠡᠮᠵᠢᠬᠦ ᠶᠢᠨ ᠬᠠᠮᠲᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠠᠵᠢᠯ ᠢ ᠴᠢᠩᠭᠠᠳᠬᠠᠬᠤ ᠶᠢᠨ ᠬᠠᠮᠲᠤ ᠭᠡᠷ ᠪᠦᠯᠢ ᠶᠢᠨ ᠬᠢᠨ ᠤ ᠬᠡᠤᠬᠡᠳ ᠢᠶᠠᠨ ᠬᠠᠷᠠᠭᠠᠯᠵᠠᠬᠤ ᠳᠤ   ᠬᠦᠴᠢᠷᠳᠡᠯ ᠢ ᠨᠠᠮᠳᠠᠭᠤᠯᠤᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号