ᠰᠢᠯᠢ ᠶᠢᠨ ᠭᠤᠣᠯ ᠠᠶᠢᠮᠠᠭ ᠤᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠴᠠᠭᠠᠨ ᠰᠠᠷ᠎ᠠ ᠶᠢᠨ ᠪᠡᠯᠡᠭ ᠪᠣᠭᠴᠣ  ᠬᠦᠷᠬᠡᠪᠡ
ᠨᠡᠶᠢᠲᠡᠯᠡᠭᠰᠡᠨ ᠴᠠᠭ᠄
2025/1/27
    1 ᠳ᠋ᠤᠬᠡᠷ ᠰᠠᠷ᠎ᠠ ᠶᠢᠨ 20 ᠤ ᠡᠳᠦᠷ ᠲᠦᠩ ᠲᠦᠩ ︵ᠪᠤᠷᠤᠭᠤᠯᠠᠭᠰᠠᠨ ᠨᠡᠷ᠎ᠡ︶ ᠤᠨ ᠠᠪᠠᠭ᠎ᠠ ᠡᠭᠡᠴᠢ᠂ ᠬᠦᠷᠭᠡᠨ ᠠᠪᠤ ᠨᠢ᠄ ︽ᠲᠠ ᠨᠠᠷ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠦᠨᠡᠬᠡᠷ ᠬᠡᠦᠬᠡᠳ ᠤᠨ ᠲᠦᠯᠤᠬᠡ ᠪᠤᠳᠤᠳᠠᠭ ᠶᠤᠮ ᠪᠠᠶᠢᠨ᠎ᠠ ᠰᠢᠤ᠃ ᠨᠢᠳᠤᠨᠤᠨ ᠲᠠ ᠨᠠᠷ ᠬᠡᠦᠬᠡᠳ ᠤᠨ ᠰᠡᠳᠬᠢᠯ ᠤᠨ ᠡᠪᠡᠳᠴᠢᠨ ᠢ ᠨᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠵᠤ᠂ ᠡᠨᠡ ᠵᠢᠯ ᠴᠠᠭᠠᠨ ᠰᠠᠷ᠎ᠠ ᠠᠴᠠ ᠡᠮᠦᠨ᠎ᠡ ᠬᠡᠦᠬᠡᠳ ᠲᠤ ᠪᠠᠰᠠ ᠴᠠᠭᠠᠨ ᠰᠠᠷ᠎ᠠ ᠶᠢᠨ ᠪᠡᠯᠡᠭ ᠬᠦᠷᠭᠡᠵᠦ ᠢᠷᠡᠯ᠎ᠡ︾ ᠭᠡᠵᠤ  ᠬᠡᠯᠡᠵᠤ ᠪᠢᠯᠨ᠃
微信图片_20250127120850.jpg 
    ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠠᠵᠢᠯᠲᠠᠳ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠤᠬᠤᠨᠢᠭᠤᠯᠵᠤ ᠪᠠᠶᠢᠭ᠎ᠠ ᠨᠢ   ᠴᠠᠭᠠᠨ ᠰᠠᠷ᠎ᠠ ᠲᠦᠬᠦᠬᠦ ᠳᠤ ᠨᠠᠮ ᠪᠣᠯᠣᠨ ᠵᠠᠰᠠᠭ ᠤᠨ ᠣᠷᠳᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ  ᠪᠠᠶᠢᠬᠤ ᠶᠢ ᠳᠠᠮᠵᠢᠭᠤᠯᠵᠤ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠵᠡᠮᠳᠡᠭ ᠬᠡᠦᠬᠡᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠠᠵᠢᠯᠲᠠᠳ ᠤᠷᠴᠢᠮ ᠳᠤ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠪᠠᠨ ᠳᠠᠭᠠᠭᠤᠯᠤᠨ ᠰᠢᠯᠢᠩᠬᠤᠲᠠ ᠶᠢᠨ 4 ᠨᠡᠶᠢᠭᠡᠮ ᠲᠣᠭᠤᠷᠢᠭ ᠤᠨ 5 ᠡᠷᠦᠬᠡ ᠶᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠳᠤ ᠬᠦᠷᠴᠦ ᠬᠡᠦᠬᠡᠳ ᠤᠳ ᠲᠤ ᠨᠣᠮ ᠪᠢᠴᠢᠭ᠂ ᠪᠢᠴᠢᠭ ᠤᠨ ᠬᠡᠷᠡᠭᠰᠡᠯ᠂ ᠬᠤᠪᠴᠠᠰᠤ ᠬᠤᠨᠠᠷ ᠵᠡᠷᠭᠡ ᠴᠠᠭᠠᠨ ᠰᠠᠷ᠎ᠠ ᠶᠢᠨ ᠪᠡᠯᠡᠭ ᠪᠣᠯᠣᠨ ᠵᠥᠩᠨᠡᠯ ᠳᠡᠪᠰᠢᠭᠦᠯᠵᠡᠢ᠃   ᠠᠰᠠᠷᠠᠮᠵᠢ ᠶᠢᠨ ᠬᠦᠷᠢᠶᠡᠯᠡᠩ ᠤᠨ ᠠᠵᠢᠯᠲᠠᠳ ᠵᠡᠮᠳᠡᠭ ᠬᠡᠦᠬᠡᠳ ᠪᠠ ᠭᠡᠷ ᠤᠨ ᠠᠬᠠᠮᠠᠳ ᠲᠠᠢ ᠳᠣᠲᠣᠨᠣ ᠪᠠᠷ ᠶᠠᠷᠢᠯᠴᠠᠵᠤ᠂ ᠬᠡᠦᠬᠡᠳ ᠤᠨ ᠠᠮᠢᠳᠤᠷᠠᠯ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ ᠭᠡᠨᠡᠳᠲᠡ ᠶᠢᠨ᠂ ᠲᠦᠷ ᠴᠠᠭ ᠤᠨ᠂  ᠪᠠᠴᠢᠮᠳᠠᠯ ᠲᠤᠯᠭᠠᠮᠳᠠᠯ ᠪᠠᠶᠢᠬᠤ ᠡᠰᠡᠬᠦ ᠶᠢ ᠨᠠᠷᠢᠨ ᠠᠰᠠᠭᠤᠬᠤ ᠶᠢᠨ ᠬᠠᠮᠳᠤ ᠬᠦᠷᠳᠡᠵᠤ ᠪᠠᠶᠢᠭ᠎ᠠ ᠲᠦᠷᠦ ᠶᠢᠨ ᠪᠣᠳᠣᠯᠭ᠎ᠠ ᠪᠠ ᠨᠥᠬᠦᠪᠦᠷᠢ ᠶᠢᠨ ᠪᠠᠶᠢᠳᠠᠯ ᠢ ᠤᠶᠢᠯᠠᠭᠠᠬᠤ  ᠳᠤ ᠪᠠᠨ ᠨᠡᠩ ᠤᠯᠠᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠤᠬᠠᠭᠤᠯᠵᠤ ᠠᠮᠢᠳᠤᠷᠠᠯ ᠤᠨ ᠳᠤᠮᠳᠠᠬᠢ ᠬᠦᠴᠢᠷᠳᠡᠯ ᠪᠠ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠢᠳᠡᠪᠬᠢᠲᠡᠢ ᠥᠭᠡᠳᠡᠷᠬᠡᠭ ᠰᠡᠳᠬᠢᠯᠭᠡ ᠲᠠᠢ ᠪᠠᠶᠢᠬᠤ ᠶᠢ ᠵᠤᠷᠢᠬᠵᠢᠭᠤᠯᠪᠠ ᠃     ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ ᠤᠷᠴᠢᠮ ᠤᠨ ᠵᠢᠯ  ᠠᠴᠠ ᠨᠠᠭᠠᠰᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠠᠵᠢᠯ ᠢ ᠢᠮᠠᠭᠲᠠ ᠴᠢᠬᠤᠯᠠ ᠠᠵᠢᠯ ᠤᠨ ᠠᠭᠤᠯᠭ᠎ᠠ ᠪᠠᠨ ᠪᠣᠯᠭᠠᠵᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠢᠳᠡᠪᠬᠢᠲᠡᠢ ᠰᠦᠪᠡᠭᠴᠢᠯᠡᠵᠦ ᠴᠠᠭᠠᠨ ᠰᠠᠷ᠎ᠠ ᠵᠡᠷᠭᠡ ᠪᠠᠶᠠᠷ ᠤᠨ ᠡᠳᠦᠷ ᠪᠣᠯᠭᠠᠨ ᠲᠡᠳᠡᠨ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠪᠣᠯᠣᠨ ᠴᠢᠩ ᠦᠨᠡᠨᠴᠢ ᠬᠠᠯᠠᠮᠵᠢ ᠬᠦᠷᠭᠡᠭᠰᠡᠭᠡᠷ ᠢᠷᠡᠭᠰᠡᠨ ᠶᠤᠮ᠃ ᠣᠳᠣᠬᠠᠨ ᠳᠤ ᠰᠢᠯᠢ ᠶᠢᠨ ᠭᠤᠣᠯ ᠠᠶᠢᠮᠠᠭ ᠤᠨ  ᠬᠢᠨ ᠨᠢᠭᠡᠨᠲᠡ ᠪᠥᠬᠦ ᠠᠶᠢᠮᠠᠭ ᠤᠨ 313 ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ 1᠂ 2 ᠳ᠋ᠤᠭᠠᠷ ᠰᠠᠷ᠎ᠠ ᠶᠢᠨ ᠠᠮᠢᠳᠤᠷᠠᠯ ᠤᠨ ᠨᠥᠬᠦᠪᠦᠷᠢ ᠮᠥᠩᠭᠦ ᠶᠢ 115.47 ᠲᠦᠮᠡᠨ ᠲᠥᠭᠦᠷᠢᠭ ᠤᠷᠢᠳᠴᠢᠯᠠᠨ ᠥᠭᠴᠦ᠂ ᠬᠡᠦᠬᠡᠳ ᠤᠳ ᠤᠨ ᠪᠠᠶᠠᠷ ᠳᠤᠷᠠᠰᠬᠠᠯ ᠤᠨ ᠡᠳᠦᠷ ᠢᠶᠠᠨ ᠪᠠᠶᠠᠷ ᠬᠥᠷ ᠲᠠᠢ ᠥᠩᠭᠡᠷᠡᠭᠦᠯᠬᠦ ᠶᠢ ᠪᠠᠲᠤᠯᠠᠵᠤ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号