ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ 1 ᠳ᠋ᠤᠬᠡᠷ ᠰᠠᠷ᠎ᠠ ᠶᠢᠨ | 26 ᠤ ᠡᠳᠦᠷ ᠬᠥᠬᠡᠬᠤᠲᠠ ᠳᠤ ᠵᠠᠬ᠎ᠠ ᠳᠡᠯᠭᠡᠭᠦᠷ ᠤᠨ ᠬᠠᠩᠭᠠᠯᠭ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠪᠠᠲᠤᠯᠠᠭ᠎ᠠ ᠵᠡᠷᠭᠡ ᠠᠵᠢᠯ ᠢ ᠪᠠᠶᠢᠴᠠᠭᠠᠬᠰᠠᠨ ᠪᠦᠬᠡᠳ ᠡᠮᠦᠨ᠎ᠡ ᠹᠷᠣᠨᠲ ᠲᠤ ᠵᠢᠵᠢᠬᠦᠷᠯᠡᠭᠰᠡᠳ ᠢ ᠲᠣᠬᠤᠨᠢᠭᠤᠯᠪᠠ᠃ | | | ᠸᠠᠩ ᠯᠢ ᠰᠢᠶᠠ 1 ᠳ᠋ᠤᠬᠡᠷ ᠰᠠᠷ᠎ᠠ ᠶᠢᠨ 26 ᠤ ᠡᠳᠦᠷ ᠬᠥᠬᠡᠬᠤᠲᠠ ᠶᠢᠨ ︽ᠵᠢᠢ ᠬᠤᠢ ᠮᠸᠢ︾ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠪᠠᠶᠢᠴᠠᠭᠠᠬᠤ ᠳᠤ ᠪᠠᠨ | ᠄ ︽ᠢᠳᠡᠭᠡᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ ᠤᠯᠠᠨ ᠲᠦᠮᠡᠨ ᠢ ᠰᠠᠨᠠᠭ᠎ᠠ ᠠᠮᠤᠷ | ᠠᠮᠢᠳᠤᠷᠠᠭᠤᠯᠬᠤ ᠶᠢ ᠪᠠᠲᠤᠯᠠᠬᠤ ᠬᠡᠷᠡᠭᠲᠡᠢ ︾ ᠭᠡᠵᠦ ᠵᠠᠬᠢᠪᠠ᠃ | ᠲᠠᠯ᠎ᠠ ᠨᠤᠲᠤᠭ ᠤᠨ ᠡᠬᠦᠯᠨ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ | ᠸᠠᠩ ᠯᠧᠢ ᠰᠡᠭᠦᠳᠡᠷᠯᠡᠪᠡ | ︽ᠵᠢᠢ ᠬᠤᠢ ᠮᠸᠢ︾ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠥᠮᠥᠨ ᠬᠠᠷ᠎ᠠ ᠬᠦᠯᠬᠢᠶᠡᠷᠡᠬᠡᠳ | ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠴᠤ ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠢᠶᠠᠷ ᠪᠢᠯᠬᠠᠵᠤ | ᠪᠠᠶᠢᠯ᠎ᠠ᠃ ᠸᠠᠩ ᠯᠢ ᠰᠢᠶᠠ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠣᠯᠠᠨ ᠲᠦᠮᠡᠨ ᠲᠠᠢ ᠪᠠᠶᠢᠨ ᠪᠠᠶᠢᠨ | ᠰᠠᠨᠠᠯ ᠢᠶᠠᠨ ᠰᠣᠯᠢᠯᠴᠠᠵᠤ᠂ ᠬᠠᠷᠢᠯᠴᠠᠨ ᠴᠠᠭᠠᠨ ᠰᠠᠷ᠎ᠠ ᠶᠢᠨ ᠪᠠᠶᠠᠷ ᠬᠦᠷᠬᠡᠬᠦ ᠶᠢᠨ ᠬᠠᠮᠳᠤ ᠢᠳᠡᠰᠢᠨ ᠨᠣᠭᠤᠭ᠎ᠠ᠂ | ᠵᠢᠮᠢᠰ᠂ ᠤᠯᠠᠭᠠᠨ ᠢᠳᠡᠬᠡᠨ ᠤ ᠳᠡᠯᠭᠡᠭᠦᠷ ᠲᠤ ᠬᠤᠳᠠᠯᠳᠤᠭᠠᠴᠢᠨ ᠤ ᠮᠠᠶᠢᠮᠠᠢ ᠨᠢ ᠶᠠᠮᠠᠷ ᠪᠠᠶᠢᠬᠤ᠂ ᠪᠠᠷᠠᠭᠠᠨ ᠤ | ᠢᠷᠡᠯᠲᠡ᠂ ᠦᠨ᠎ᠡ ᠬᠠᠩᠰᠢ᠂ ᠡᠵᠡᠩᠨᠡᠯᠲᠡ ᠨᠢ ᠬᠢᠷᠢ ᠪᠠᠶᠢᠬᠤ᠂ ᠣᠷᠣᠯᠭ᠎ᠠ ᠨᠢ ᠬᠡᠳᠦᠢ ᠪᠠᠶᠢᠬᠤ ᠶᠢ ᠠᠰᠠᠭᠤᠬᠤ ᠳᠤ | ᠪᠠᠨ᠄ ︽ᠢᠳᠡᠭᠡᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠲᠦᠮᠡᠨ ᠢ ᠰᠠᠨᠠᠭ᠎ᠠ ᠠᠮᠤᠷ | ᠪᠠᠶᠢᠯᠭᠠᠬᠤ ᠶᠢ ᠪᠠᠲᠤᠯᠠᠵᠤ᠂ ᠬᠠᠭᠤᠷᠮᠠᠭ ᠮᠠᠭᠤ ᠲᠠᠸᠠᠷ ᠢᠶᠠᠷ ᠵᠠᠬ᠎ᠠ ᠳᠡᠯᠭᠡᠭᠦᠷ ᠢ ᠰᠠᠮᠠᠭᠤᠷᠠᠭᠤᠯᠵᠤ᠂ ᠨᠡᠷ᠎ᠡ ᠲᠦᠷᠤ | ᠶᠢ ᠶᠠᠭᠠᠬᠢᠬᠰᠠᠨ ᠴᠦ ᠪᠠᠷᠠᠵᠤ ᠪᠣᠯᠬᠤ ᠦᠭᠡᠢ︾ ᠭᠡᠵᠦ ᠵᠠᠬᠢᠬᠰᠠᠨ ᠪᠦᠬᠡᠳ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠠᠵᠢᠯᠲᠠᠳ ᠲᠤ᠄ ︽ᠬᠤᠳᠠᠯᠳᠤᠭᠠᠴᠢᠳ ᠤᠨ ᠡᠵᠡᠩᠨᠡᠯᠲᠡ ᠴᠦ ᠠᠮᠤᠷ ᠦᠬᠡᠢ᠂ ᠤᠯᠠᠨ ᠠᠷᠭ᠎ᠠ | ᠪᠠᠷ ᠬᠠᠪᠰᠤᠷᠴᠤ ᠪᠠᠶᠢᠭᠠᠳ ᠡᠵᠡᠩᠨᠡᠯᠲᠡ ᠶᠢᠨ ᠥᠪᠡᠷ ᠤᠨ ᠦᠷᠲᠡᠭ ᠢ ᠨᠢ ᠪᠠᠭᠤᠷᠠᠭᠤᠯᠵᠤ ᠲᠡᠳᠡᠨ ᠳᠤ ᠢᠯᠡᠭᠦᠬᠡᠨ | ᠵᠣᠭᠤᠰ ᠣᠯᠣᠭᠤᠯᠬᠤ ᠬᠡᠷᠡᠭᠲᠡᠢ︾ ᠭᠡᠵᠦ ᠬᠡᠯᠡᠪᠡ᠃ | | | ᠸᠠᠩ ᠯᠢ ᠰᠢᠶᠠ 1 ᠳ᠋ᠤᠬᠡᠷ ᠰᠠᠷ᠎ᠠ ᠶᠢᠨ 26 ᠤ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠢᠯᠤᠭᠤᠳᠬᠤ ᠲᠢᠩᠬᠢᠮ ᠳᠤ ᠬᠦᠷᠴᠦ᠂ ᠵᠢᠵᠢᠬᠦᠷᠯᠡᠭᠰᠡᠳ ᠢ | ᠲᠤᠬᠤᠨᠢᠭᠤᠯᠬᠤ ᠶᠢᠨ ᠬᠠᠮᠳᠤ ᠳᠣᠲᠣᠭᠠᠳᠤ ᠶᠢ ᠬᠠᠮᠠᠭᠠᠯᠠᠬᠤ ᠪᠥᠬᠦ ᠺᠠᠳ᠋ᠷ ᠴᠠᠭᠳᠠᠭ᠎ᠠ ᠳᠤ ᠪᠠᠶᠠᠷ ᠤᠨ ᠡᠳᠦᠷ ᠤᠨ | ᠮᠡᠨᠳᠦᠴᠢᠯᠡᠯ ᠳᠡᠪᠰᠢᠭᠦᠯᠪᠡ᠃ | ᠲᠠᠯ᠎ᠠ ᠨᠤᠲᠤᠭ ᠤᠨ ᠡᠬᠦᠯᠨ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ | ᠸᠠᠩ ᠯᠧᠢ ᠰᠡᠭᠦᠳᠡᠷᠯᠡᠪᠡ | ᠸᠠᠩ ᠯᠢ ᠰᠢᠶᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠵᠢᠯᠤᠭᠤᠳᠬᠤ ᠲᠢᠩᠬᠢᠮ ᠳᠤ ᠬᠦᠷᠴᠦ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢ ᠠᠶᠤᠯ ᠦᠬᠡᠢ | ᠶᠢᠨ ᠬᠠᠮᠠᠭᠠᠯᠠᠯᠲᠠ ᠪᠠ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠤᠨ ᠪᠠᠶᠢᠳᠠᠯ ᠢ ᠤᠶᠢᠯᠠᠭᠠᠬᠤ ᠳᠤ ᠪᠠᠨ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠭᠡ ᠵᠤᠤ ᠶᠢᠨ ᠴᠠᠭᠳᠠᠭᠠᠨ ᠤ ᠶᠠᠪᠤᠳᠠᠯ ᠤᠨ | ᠠᠵᠢᠯ ᠤᠨ ᠦᠷᠳᠡᠭᠡ᠂ ᠣᠷᠳᠣᠰ ᠬᠤᠳᠠ ᠶᠢᠨ ᠤᠳᠤᠭ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ G6 ᠲᠦᠷᠭᠡᠨ ᠤ ᠵᠠᠰᠠᠮᠠᠯ ᠵᠠᠮ ᠤᠨ ᠥᠪᠥᠷ ᠮᠣᠩᠭᠤᠯ ᠠᠴᠠ ᠾᠧᠪᠸᠢ ᠵᠦᠭ ᠶᠠᠪᠤᠬᠤ ᠵᠠᠮ ᠳᠤ ᠬᠢ | ᠪᠠᠶᠢᠴᠠᠭᠠᠬᠤ ᠦᠷᠳᠡᠭᠡ᠂ G110 ᠤᠯᠤᠰ ᠤᠨ ᠵᠠᠮ ᠤᠨ ᠬᠥᠬᠡᠬᠤᠲᠠ ᠶᠢᠨ ᠲᠤᠪᠴᠢ ᠪᠠᠶᠢᠴᠠᠭᠠᠬᠤ ᠦᠷᠳᠡᠭᠡ᠂ | ᠤᠯᠠᠭᠠᠨᠬᠠᠳᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠩᠱᠠᠨ ᠬᠤᠪᠢᠶᠠᠷᠢ ᠲᠣᠪᠴᠢᠶ᠎ᠠ ᠶᠢᠨ | ᠰᠢᠶᠠᠩᠶᠠᠩ ᠲᠣᠮᠢᠯᠠᠭᠰᠠᠨ ᠰᠠᠯᠪᠤᠷᠢ ᠤᠨ ᠬᠢᠨ ᠲᠠᠢ ᠸᠢᠳᠢᠤ᠋ ᠪᠠᠷ ᠬᠤᠯᠪᠤᠭᠳᠠᠭᠠᠳ ᠪᠦᠬᠦ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠡᠢ᠃ ᠸᠠᠩ ᠯᠢ ᠰᠢᠶ᠋ᠨ᠄ ︽ | ᠴᠠᠭᠠᠨ ᠰᠠᠷ᠎ᠠ ᠶᠢᠨ ᠬᠤᠭᠤᠴᠠᠭ᠎ᠠ ᠪᠣᠯ ᠥᠪᠥᠷ ᠮᠣᠩᠭᠤᠯ ᠤᠨ ᠨᠢᠭᠡ ᠵᠢᠯ ᠤᠨ ᠳᠣᠲᠣᠷᠠᠬᠢ ᠬᠠᠮᠤᠭ ᠤᠨ ᠬᠦᠢᠲᠡᠨ | ᠦᠶ᠎ᠡ᠂ ᠲᠡᠷᠭᠡ ᠤᠯᠠᠨ᠂ ᠬᠥᠮᠥᠨ ᠤᠯᠠᠨ᠂ ᠡᠳ᠋ ᠪᠠᠷᠠᠭᠠᠨ ᠤ ᠭᠦᠢᠯᠭᠡᠭᠡ ᠴᠦ ᠤᠯᠠᠨ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠶᠢᠨ ᠬᠠᠷᠢᠭᠤᠴᠠᠯᠭ᠎ᠠ ᠬᠦᠨᠳᠦ ᠪᠣᠯᠬᠤᠷ ᠠᠵᠢᠯ ᠤᠨ ᠪᠠᠶᠢᠷᠢ ᠪᠠᠨ ᠪᠠᠲᠤ ᠰᠠᠬᠢᠵᠤ | ᠵᠢᠵᠢᠬᠦᠷᠯᠡᠬᠦ ᠠᠵᠢᠯ ᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ ᠬᠠᠮᠵᠢᠯᠴᠠᠵᠤ | ᠪᠠᠶᠢᠭᠠᠳ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠵᠠᠮ ᠬᠠᠷᠢᠯᠴᠠᠭ᠎ᠠ ᠠᠮᠤᠷ | ᠲᠦᠪᠰᠢᠨ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠳᠡᠢ᠃ ᠤᠷᠴᠢᠮ ᠳᠤ ᠬᠦᠢᠳᠡᠷᠡᠭᠰᠡᠨ | ᠪᠤᠯᠬᠤᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠠᠬᠢᠷ ᠬᠦᠢᠳᠡᠨ᠂ ᠮᠦᠰᠤ ᠴᠠᠰᠤ | ᠲᠠᠢ ᠵᠡᠷᠬᠡ ᠴᠠᠭ ᠠᠭᠠᠷ ᠤᠨ ᠪᠠᠶᠢᠳᠠᠯ ᠢ ᠬᠡᠮᠵᠢᠵᠦ ᠰᠡᠷᠡᠮᠵᠢᠯᠡᠭᠦᠯᠬᠦ ᠠᠵᠢᠯ ᠢᠶᠠᠨ ᠴᠢᠩᠭᠠᠳᠬᠠᠵᠤ᠂ ᠴᠠᠭ ᠠᠭᠠᠷ | ᠤᠨ ᠪᠠᠶᠢᠳᠠᠯ ᠢ ᠰᠤᠳᠤᠯᠤᠨ ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠠᠵᠢᠯ ᠢ ᠴᠢᠷᠮᠠᠶᠢᠨ | ᠰᠠᠶᠢᠲᠤᠷ ᠬᠢᠵᠦ᠂ ᠣᠯᠠᠨ ᠲᠦᠮᠡᠨ ᠢ ᠠᠮᠤᠷ ᠲᠠᠶᠢᠪᠤᠩ ᠢᠶᠠᠷ ᠭᠡᠷ ᠲᠤ ᠨᠢ ᠬᠠᠷᠢᠭᠤᠯᠵᠤ ᠰᠢᠨᠡᠯᠡᠭᠦᠯᠬᠦ ᠪᠠᠷ | ᠴᠢᠷᠮᠠᠶᠢᠬᠤ ᠬᠡᠷᠡᠭᠲᠡᠢ︾ ᠬᠡᠯᠡ᠃ | | |