ᠴᠢᠬᠤᠯᠠ ᠮᠡᠳᠡᠭᠡ | | | ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ᠬᠡᠦᠬᠡᠳ ᠤᠨ ᠠᠰᠠᠷᠠᠮᠵᠢ ᠶᠢᠨ ᠬᠦᠷᠢᠶ᠎ᠡ ᠴᠠᠷᠠᠭ᠎ᠠ ᠳᠤ ᠬᠢ | ᠠᠶᠤᠯ ᠦᠬᠡᠢ ᠶᠢᠨ ᠬᠠᠮᠢᠶᠠᠷᠤᠯᠲᠠ ᠶᠢᠨ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ | ᠱᠦᠵᠢ ᠶᠢᠨ ᠠᠶᠤᠯ ᠦᠬᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠡᠦᠬᠡᠳ ᠤᠨ ᠠᠰᠠᠷᠠᠮᠵᠢ ᠶᠢᠨ ᠬᠦᠷᠢᠶ᠎ᠡ ᠴᠠᠷᠠᠭ᠎ᠠ ᠳᠤ ᠬᠢ | ᠠᠶᠤᠯ ᠦᠬᠡᠢ ᠶᠢᠨ ᠬᠠᠮᠢᠶᠠᠷᠤᠯᠲᠠ ᠶᠢᠨ ᠠᠵᠢᠯ ᠢ ᠳ᠋ᠦᠩᠨᠡᠵᠦ᠂2025 ᠣᠨ ᠤ ᠬᠡᠦᠬᠡᠳ ᠤᠨ ᠠᠰᠠᠷᠠᠮᠵᠢ ᠶᠢᠨ | ᠬᠦᠷᠢᠶ᠎ᠡ ᠴᠠᠷᠠᠭ᠎ᠠ ᠳᠤ ᠬᠢ ᠠᠶᠤᠯ ᠦᠬᠡᠢ ᠶᠢᠨ ᠬᠠᠮᠢᠶᠠᠷᠤᠯᠲᠠ ᠪᠣᠯᠣᠨ ᠭᠤᠣᠯᠳᠠᠯᠭ᠎ᠠ ᠲᠠᠢ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠤᠭᠠᠳ ᠱᠠᠭᠠᠷᠳᠠᠯᠭ᠎ᠠ ᠳᠤᠷᠠᠳᠴᠠᠢ᠃ ᠠᠷᠠᠳ ᠤᠨ | ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠬᠤ᠋ ᠬᠠᠢ ᠹᠧᠩ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | | | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | | | ᠠᠯᠠᠱᠠ ᠠᠶᠢᠮᠠᠭ ᠤᠨ ᠬᠢᠨ ᠤᠷᠴᠢᠮ ᠤᠨ ᠵᠢᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠶᠢ ᠢᠳᠡᠪᠬᠢᠲᠡᠢ ᠵᠢᠯᠤᠭᠤᠳᠴ᠊ 12 ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠳᠤ | ᠣᠷᠣᠯᠴᠠᠭᠤᠯᠵᠤ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ | ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠠᠯ᠎ᠠ ᠪᠠᠷ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ᠃ ᠴᠠᠭᠠᠨ ᠰᠠᠷ᠎ᠠ ᠲᠦᠬᠦᠭᠰᠡᠨ ᠲᠠᠰᠢᠷᠠᠮ ᠢᠶᠠᠷ ᠠᠯᠠᠱᠠ | ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠪᠦᠬᠦ ᠠᠶᠢᠮᠠᠭ ᠤᠨ 21 ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ 2025 ᠣᠨ ᠤ ︽ᠴᠠᠭᠠᠨ ᠰᠠᠷ᠎ᠠ ᠬᠡᠷᠡᠭᠯᠡᠭᠡ ᠪᠠᠷ ᠲᠡᠳᠬᠦᠬᠦ ᠠᠵᠢᠯᠯᠠᠭ᠎ᠠ | ︾ ᠳᠤ ᠣᠷᠣᠯᠴᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ ᠢ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ ᠬᠡᠷᠡᠭᠯᠡᠭᠡ ᠪᠠᠷ ᠨᠡᠶᠢᠳᠡ 6.5 ᠲᠦᠮᠡᠨ | ᠲᠥᠭᠦᠷᠢᠭ ᠢ ᠬᠠᠪᠰᠤᠷᠤᠨ ᠲᠡᠳᠬᠦᠵᠡᠢ᠃ | | | ᠨᠡᠶᠢᠭᠡᠮ ᠤᠨ ᠲᠤᠰᠠᠯᠠᠮᠵᠢ | | | 2024 ᠣᠨ ᠳᠤ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 9 ᠰᠠᠯᠠᠭ᠎ᠠ ᠮᠥᠴᠢᠷ | ᠤᠨ ᠬᠢᠨ ᠲᠠᠢ ᠬᠠᠮᠲᠤᠷᠠᠨ ︽ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠬᠤ ᠠᠵᠢᠯ ᠢ | ᠴᠢᠩᠭᠠᠳᠬᠠᠵᠤ᠂ ᠨᠡᠶᠢᠭᠡᠮ ᠤᠨ ᠲᠤᠰᠠᠯᠠᠮᠵᠢ ᠶᠢᠨ ᠠᠵᠢᠯ ᠢ ᠲᠠᠰ ᠲᠥᠷᠥᠯ ᠬᠤᠪᠢᠶᠠᠨ ᠰᠠᠶᠢᠲᠤᠷ ᠬᠢᠬᠦ ᠲᠤᠬᠠᠢ | ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠵᠤ ᠣᠷᠣᠯᠭ᠎ᠠ ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ | ᠠᠵᠢᠯ᠂ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠷ ᠬᠢᠨᠠᠬᠤ᠂ ᠲᠠᠰ ᠲᠥᠷᠥᠯ ᠬᠤᠪᠢᠶᠠᠬᠰᠠᠨ ᠨᠡᠶᠢᠭᠡᠮ ᠤᠨ | ᠲᠤᠰᠠᠯᠠᠮᠵᠢ ᠵᠡᠷᠬᠡ 3 ᠲᠠᠯ᠎ᠠ ᠠᠴᠠ 15 ᠨᠠᠷᠢᠯᠢᠭᠵᠢᠭᠤᠯᠤᠭᠰᠠᠨ ᠠᠷᠭ᠎ᠠ ᠪᠠᠷ ᠨᠡᠶᠢᠭᠡᠮ ᠤᠨ ᠲᠤᠰᠠᠯᠠᠮᠵᠢ ᠶᠢᠨ | ᠰᠢᠰᠲ᠋ᠧᠮ ᠢ ᠤᠯᠠᠮ ᠲᠡᠬᠦᠯᠳᠡᠷᠵᠢᠬᠦᠯᠦᠭᠰᠡᠨ ᠤ ᠬᠠᠮᠲᠤ ︽ᠬᠢᠩᠭᠠᠨ ᠠᠶᠢᠮᠠᠭ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠲᠠᠢ ᠬᠦᠴᠢᠷᠳᠡᠯ ᠲᠠᠢ ᠭᠡᠷ | ᠪᠦᠯᠢ ᠶᠢ ᠮᠠᠭᠠᠳᠯᠠᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ᠂ ᠵᠠᠶᠢᠯᠠᠰᠢ ᠦᠭᠡᠢ ᠵᠠᠷᠤᠯᠭ᠎ᠠ ᠲᠠᠢ | ᠬᠦᠴᠢᠷᠳᠡᠯ ᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠢ ᠵᠢᠷᠤᠮᠵᠢᠭᠤᠯᠤᠨ᠂ ᠣᠷᠣᠯᠭ᠎ᠠ ᠪᠠᠭ᠎ᠠ ᠬᠦᠮᠦᠰ ᠢ | ᠮᠠᠭᠠᠳᠯᠠᠨ ᠲᠣᠭᠲᠠᠭᠠᠬᠤ᠂ ᠬᠥᠳᠡᠯᠦᠩᠭᠦᠢ ᠪᠠᠶᠢᠳᠠᠯ ᠢ ᠨᠢ ᠬᠢᠨᠠᠬᠤ ᠪᠠ ᠪᠠᠶᠢᠩᠭᠤ ᠶᠢᠨ ᠴᠢᠨᠠᠷᠲᠠᠢ ᠲᠤᠰᠠᠯᠠᠬᠤ | ᠲᠣᠭᠲᠠᠴᠠ ᠶᠢ ᠲᠡᠬᠦᠯᠳᠡᠷᠵᠢᠬᠦᠯᠤᠯᠡ᠃ | | | ᠣᠷᠣᠨ ᠬᠤᠪᠢᠶᠠᠷᠢᠯᠠᠯ ᠭᠠᠵᠠᠷ ᠤᠨ ᠨᠡᠷᠡᠰ | | | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠲᠤᠬᠠᠢ ᠶᠢᠨ ᠭᠠᠵᠠᠷ ᠲᠤ | ᠨᠢ ᠬᠠᠶᠢᠨ ᠰᠢᠨᠵᠢᠬᠦ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠨᠤᠳᠠᠯᠠᠬᠤ᠂ ᠶᠡᠷᠦᠩᠬᠡᠶᠢᠯᠡᠨ ᠦᠨᠡᠯᠡᠬᠦ ᠵᠡᠷᠭᠡ | ᠭᠤᠭᠴᠤᠭ᠎ᠠ ᠪᠠᠷ ᠳᠡᠮᠵᠢᠨ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ ᠬᠥᠨᠳᠡᠯᠡᠨ | ᠲᠣᠭᠤᠷᠢᠭ᠂ ᠴᠢᠩᠱᠠᠨ ᠲᠣᠭᠤᠷᠢᠭ᠂ ᠳ᠋ᠦᠩ ᠾᠧ ᠲᠣᠭᠤᠷᠢᠭ ᠤᠨ ᠨᠡᠶᠢᠲᠡ 11 ᠵᠠᠮ ᠢ ᠨᠡᠷᠡᠶᠢᠳᠦᠭᠰᠡᠨ ᠤ ᠬᠠᠮᠲᠤ | ᠳᠤᠮᠳᠠᠳᠤ ᠤᠯᠤᠰ · ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢᠨ ᠲᠠᠪᠴᠠᠩ ᠳᠤ | ᠲᠦᠰᠢᠭᠯᠡᠨ ᠳᠡᠩᠰᠡᠯᠡᠵᠦ ᠨᠡᠶᠢᠳᠡᠯᠡᠬᠡᠳ ᠵᠠᠮ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠨᠢᠬᠡᠴᠢ ᠳᠤ ᠵᠡᠷᠭᠡ ᠪᠠᠷ | ᠬᠦᠷᠭᠡᠨ᠂ ᠠᠷᠠᠳ ᠣᠯᠠᠨ ᠤ ᠭᠠᠵᠠᠷ ᠤᠨ ᠨᠡᠷᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠪᠠ ᠶᠠᠪᠤᠵᠤ ᠰᠠᠭᠤᠬᠤ ᠳᠤ | ᠲᠥᠬᠦᠮ ᠦᠵᠡᠬᠦᠯᠵᠡᠢ᠃ | | | ᠨᠠᠰᠤᠵᠢᠯ ᠤᠨ ᠦᠢᠯᠡᠴᠢᠯᠡᠭᠡ | | ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠠᠰᠤᠲᠠᠶᠢᠴᠤᠳ ᠤᠨ | ᠭᠡᠵᠢᠬᠡ ᠵᠠᠰᠠᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠲᠠ ᠶᠢᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠢ ᠳᠠᠶᠢᠴᠢᠯᠠᠨ ︽ᠬᠡᠵᠢᠬᠡ ᠵᠠᠰᠠᠬᠤ ᠠᠵᠢᠯᠯᠠᠭ᠎ᠠ︾ ᠶᠢ ᠥᠷᠨᠢᠭᠦᠯᠵᠦ᠂ ᠪᠥᠬᠦ ᠬᠤᠲᠠ ᠶᠢᠨ | ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠡᠵᠢᠬᠡ ᠵᠠᠰᠠᠵᠤ ᠦᠭᠭᠦ ᠦᠢᠯᠡᠴᠢᠯᠡᠭᠡ ᠬᠠᠩᠭᠠᠵᠤ | ᠪᠠᠶᠢᠨ᠎ᠠ᠃ ᠤᠳᠤᠬᠠᠨ ᠳᠤ ︽ᠪᠤᠭᠤᠷᠤᠯᠴᠤᠳ ᠲᠤ ᠬᠡᠵᠢᠬᠡ ᠶᠢ ᠨᠢ ᠵᠠᠰᠠᠵᠤ ᠦᠭᠭᠦ ᠥᠷᠲᠡᠭᠡ︾ ᠶᠢ 10 | ᠪᠠᠶᠢᠭᠤᠯᠤᠬᠰᠠᠨ ᠢᠶᠠᠷ 13 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨᠨᠠᠰᠤᠲᠠᠶᠢᠴᠤᠳ ᠲᠤ ᠨᠡᠶᠢᠲᠡ | ᠮᠢᠩᠭ᠎ᠠ ᠭᠠᠷᠤᠢ ᠤᠳᠠᠭ᠎ᠠ ᠦᠢᠯᠡᠴᠢᠯᠡᠪᠡ᠃ | | | | | | |