ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ 1.23
ᠨᠡᠶᠢᠲᠡᠯᠡᠭᠰᠡᠨ ᠴᠠᠭ᠄
2025/1/27
ᠴᠢᠬᠤᠯᠠ ᠮᠡᠳᠡᠭᠡ   ᠲᠥᠷᠥ ᠶᠢᠨ ᠶᠠᠪᠤᠳᠠᠯ ᠤᠨ ᠭᠡᠰᠢᠭᠦᠨ ᠴᠧᠨ ᠢ ᠴᠢᠨ ᠤᠷᠴᠢᠮ ᠳᠤ ᠬᠠᠷᠠᠮᠥ᠋ᠷᠡᠨ ᠳᠤ ᠠᠷᠠᠳ ᠤᠨ ᠶᠠᠪᠤᠳᠠᠯ ᠪᠠ ᠵᠡᠮᠳᠡᠭᠴᠦᠳ ᠤᠨ ᠠᠵᠢᠯ ᠢ ᠪᠠᠶᠢᠴᠠᠭᠠᠨ ᠰᠤᠳᠤᠯᠵᠤ ᠬᠦᠴᠢᠷᠳᠡᠯᠲᠡᠢ ᠣᠯᠠᠨ ᠲᠦᠮᠡᠨ ᠢ ᠲᠤᠬᠤᠨᠢᠭᠤᠯᠬᠤ ᠳᠤ ᠪᠠᠨ᠄ ︽ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ  ᠲᠤᠰᠠᠯᠠᠮᠵᠢ ᠶᠢᠨ ᠡᠯ᠎ᠡ ᠲᠦᠷᠦ ᠶᠢᠨ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠬᠦᠴᠢᠷᠳᠡᠯᠲᠡᠢ ᠤᠯᠠᠨ ᠲᠦᠮᠡᠨ ᠢ ᠬᠠᠶᠢᠷᠠᠯᠠᠵᠤ᠂ ᠲᠡᠳᠡᠨ ᠢ ᠬᠠᠪᠰᠤᠷᠤᠨ ᠪᠠᠴᠢᠮᠳᠠᠯ ᠲᠤᠯᠭᠠᠮᠳᠠᠯ ᠬᠦᠴᠢᠷᠳᠡ᠊ ᠵᠤᠪᠠᠨᠢᠯ  ᠢ ᠨᠢ ᠰᠢᠢᠳᠪᠦᠷᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠢ ᠤᠯᠠᠨ ᠲᠦᠮᠡᠨ ᠳᠤ ᠬᠦᠷᠭᠡᠬᠦ ᠬᠡᠷᠡᠭᠲᠡᠢ᠃ ᠨᠡᠶᠢᠭᠡᠮ ᠤᠨ ᠲᠤᠰᠠᠯᠠᠮᠵᠢ ᠶᠢᠨ ᠠᠵᠢᠯ ᠢ ᠲᠠᠰ ᠲᠥᠷᠥᠯ ᠬᠤᠪᠢᠶᠠᠨ ᠰᠠᠶᠢᠲᠤᠷ ᠬᠢᠵᠦ᠂ ᠡᠯ᠎ᠡ ᠲᠥᠷᠥᠯ ᠤᠨ ᠲᠤᠰᠠᠯᠠᠮᠵᠢ ᠶᠢᠨ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠬᠡᠷᠡᠭᠲᠡᠢ᠃ ᠲᠦᠷ ᠴᠠᠭ ᠤᠨ ᠲᠤᠰᠠᠯᠠᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ ᠂ ᠲᠤᠯᠭᠠᠮ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠳᠤ ᠴᠠᠭ ᠲᠤᠬᠠᠢ ᠳᠤ ᠨᠢ ᠦᠨᠳᠦᠰᠦᠨ ᠠᠮᠢᠳᠤᠷᠠᠯ ᠤᠨ ᠪᠠᠲᠤᠯᠠᠭ᠎ᠠ  ᠤᠯᠭᠤᠬᠤ ᠬᠡᠷᠡᠭᠳᠡᠢ᠃ ᠥᠨᠥᠴᠢᠨ ᠪᠡᠯᠪᠡᠰᠦᠨ ᠨᠠᠰᠤᠲᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠵᠡᠮᠳᠡᠭᠴᠦᠳ ᠢ ᠰᠤᠷᠪᠤᠯᠵᠢᠯᠠᠨ ᠬᠠᠯᠠᠮᠵᠢᠯᠠᠬᠤ ᠠᠵᠢᠯ ᠢ ᠴᠢᠩᠭᠠᠳᠬᠠᠵᠤ᠂ ᠲᠡᠳᠡᠨ ᠢ ᠬᠠᠪᠰᠤᠷᠤᠨ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ ᠦᠨᠳᠦᠰᠦᠨ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠳᠡᠢ︾ ᠬᠡᠯ᠎ᠡ᠃ᠠᠷᠠᠳ ᠤᠨ ᠶᠠᠪᠤᠳᠠᠯ ᠤᠨ ᠶᠠᠮᠤᠨ      ᠳᠤᠮᠳᠠᠳᠤ ᠤᠯᠤᠰ ᠤᠨ ᠬᠡᠦᠬᠡᠳ ᠤᠨ ᠠᠰᠠᠷᠠᠮᠵᠢ ᠪᠠ ᠡᠷᠭᠦᠨ ᠲᠡᠵᠢᠭᠡᠬᠦ ᠲᠥᠪ ᠨᠢ ᠤᠨ ᠬᠢᠨ ᠤᠷᠴᠢᠮ ᠳᠤ ᠬᠤᠨᠠᠨ ᠮᠤᠵᠢ ᠶᠢᠨ ᠯᠢᠶᠠᠨ ᠶᠤᠸᠠᠨ ᠬᠤᠲᠠ ᠶᠢᠨ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠢᠨ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ︽ᠬᠡᠦᠬᠡᠳ ᠤᠨ ᠰᠡᠳᠬᠢᠯ ᠢ ᠨᠡᠷᠡᠨ ᠬᠡᠷᠡᠯ ᠢᠶᠠᠷ ᠤᠮᠳᠠᠯᠠᠬᠤ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠲᠥᠷᠥᠯ ᠵᠦᠢᠯ ᠢ ᠬᠠᠮᠲᠤ ᠪᠠᠷ ᠡᠬᠢᠯᠡᠭᠦᠯᠪᠡ᠃ ᠲᠥᠷᠥᠯ ᠵᠦᠢᠯ ᠤᠨ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠯᠢᠶᠤᠤ ᠶᠤᠸᠠᠨ ᠬᠤᠲᠠ ᠶᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠬᠢᠨᠠᠨ ᠬᠠᠮᠠᠭᠠᠯᠠᠯᠲᠠ ᠶᠢᠨ ᠪᠠᠶᠢᠳᠠᠯ ᠢ ᠰᠢᠭᠰᠢᠨ ᠪᠠᠶᠢᠴᠠᠭᠠᠵᠤ  ᠦᠨᠡᠯᠡᠬᠦ ᠪᠠ ᠲᠦᠭᠰᠢᠭᠦᠷᠢ ᠶᠢ ᠮᠠᠭᠠᠳᠯᠠᠨ ᠲᠣᠭᠲᠠᠭᠠᠵᠤ᠂ ᠠᠳᠠᠯᠢ ᠪᠤᠰᠤ ᠲᠦᠭᠰᠢᠭᠦᠷᠢ ᠶᠢᠨ ᠲᠠᠰ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠡᠶ᠎ᠡ ᠰᠡᠳᠬᠢᠯ ᠤᠨ ᠪᠤᠶᠢᠵᠢᠯᠲᠠ ᠪᠠ ᠨᠡᠶᠢᠭᠡᠮ ᠤᠨ ᠠᠭᠤᠰᠤᠯᠴᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠳᠡᠮᠵᠢᠨ ᠲᠡᠳᠬᠦᠬᠦ ᠠᠷᠭ᠎ᠠ ᠶᠢ ᠲᠥᠷᠥᠯ ᠬᠤᠪᠢᠶᠠᠨ ᠬᠡᠷᠡᠭᠵᠢᠬᠦᠯᠬᠦ ᠪᠤᠯᠤᠨ᠎ᠠ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ     ᠲᠥᠪᠡᠳ ᠤᠨ ᠰᠢᠭᠠᠽᠧ ᠬᠤᠲᠠ ᠶᠢᠨ ᠳ᠋ᠢᠩ ᠵᠢᠶᠧ ᠰᠢᠶᠠᠨ ᠳᠤ ᠭᠠᠵᠠᠷ ᠬᠥᠳᠡᠯᠦᠯᠲᠡ ᠭᠠᠷᠤᠭᠰᠠᠨ ᠤ ᠳᠠᠷᠠᠭ᠎ᠠ  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ  ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠦᠢᠯᠡᠰ ᠤᠨ ᠶᠡᠷᠦᠩᠬᠡᠢ ᠡᠪᠯᠡᠯ ᠤᠨ ᠬᠢᠨ ᠳᠠᠷᠤᠢ  ᠬᠦᠳᠡᠯᠤᠯᠴᠡᠵᠤ ︽ᠲᠥᠪᠡᠳ ᠣᠷᠣᠨ ᠢ ᠲᠦᠷᠭᠡᠨ ᠲᠤᠰᠠᠯᠠᠵᠤ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠤᠨ ᠵᠣᠭᠤᠰ ᠬᠠᠨᠳᠢᠪᠯᠡᠬᠤ ᠰᠠᠨᠠᠭᠠᠴᠢᠯᠠᠭ᠎ᠠ  ᠶᠢᠨ ᠪᠢᠴᠢᠭ︾ ᠢ ᠨᠡᠶᠢᠲᠡᠯᠡᠵᠦ᠂ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠤᠨ ᠵᠣᠭᠤᠰ ᠴᠤᠭᠯᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠰᠠᠨᠠᠭᠠᠴᠢᠯᠠᠭ᠎ᠠ ᠶᠢᠨ ᠳᠠᠭᠤᠰᠬᠤ ᠴᠠᠭ ︵1 ᠰᠠᠷ᠎ᠠ ᠶᠢᠨ 20 ᠤ ᠡᠳᠦᠷ ᠤᠨ 24 ᠴᠠᠭ︶ ᠪᠣᠯᠲᠠᠯ᠎ᠠ᠂ ᠨᠡᠶᠢᠲᠡ 310642.11 ᠲᠥᠭᠦᠷᠢᠭ ᠤᠨ ᠬᠠᠨᠳᠢᠪ ᠤᠨ ᠮᠥᠩᠭᠦ ᠶᠢ ᠬᠦᠯᠢᠶᠡᠨ ᠠᠪᠤᠬᠰᠠᠨ ᠤ ᠳᠣᠲᠣᠷ᠎ᠠ 276545.11 ᠲᠥᠭᠦᠷᠢᠭ ᠤᠨ ᠪᠤᠶᠠᠨ ᠤ ᠮᠥᠩᠭᠦ ᠶᠢ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠳᠤ ᠰᠢᠯᠵᠢᠭᠦᠯᠦᠨ ᠦᠯᠡᠳᠡᠭᠰᠡᠨ ᠢ ᠨᠢ ᠬᠠᠨᠳᠢᠪᠯᠡᠭ᠌ᠴᠢ ᠶᠢᠨ ᠬᠦᠰᠡᠯ ᠢᠶᠠᠷ ᠭᠠᠮᠰᠢᠭᠳᠠᠭᠰᠠᠨ ᠣᠷᠣᠨ ᠳᠤ ᠴᠠᠭ ᠲᠤᠬᠠᠢ ᠳᠤ ᠥᠭᠬᠦ ᠪᠣᠯᠣᠨ᠎ᠠ᠃ᠨᠡᠶᠢᠭᠡᠮ ᠤᠨ ᠲᠤᠰᠠᠯᠠᠮᠵᠢ    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯᠲᠡᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ  ᠲᠤᠰᠠᠯᠠᠮᠵᠢ ᠶᠢᠨ ᠠᠭᠤᠯᠭ᠎ᠠ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠣᠯᠭᠤᠯᠲᠠ᠂ ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠭᠠᠢ ᠭᠠᠮᠰᠢᠭ ᠵᠡᠷᠭᠡ ᠲᠠᠯ᠎ᠠ ᠪᠠᠷ ᠬᠢ ᠲᠤᠰᠠᠯᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠠᠮᠢᠳᠤᠷᠠᠯ ᠤᠨ ᠲᠤᠰᠠᠯᠠᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠲᠤᠰᠠᠯᠠᠬᠤ ᠴᠢᠬᠤᠯᠠᠲᠠᠢ ᠬᠦᠮᠦᠰ ᠢ ᠰᠠᠨᠠᠭᠠᠴᠢᠯᠠᠭ᠎ᠠ ᠠᠴᠠ ᠪᠠᠨ ᠣᠯᠵᠤ ᠮᠡᠳᠡᠪᠡᠯ ︽  ᠲᠠᠷᠤᠢ ᠮᠡᠳᠡᠭᠦᠯᠬᠦ︾ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠶᠤᠴᠢᠯᠠᠬᠤ ᠳᠤ ᠬᠦᠴᠢᠷᠲᠡᠢ ᠪᠤᠯ ᠭᠤᠶᠤᠴᠢᠯᠠᠬᠴᠢ ᠶᠢ ᠬᠠᠪᠰᠤᠷᠤᠨ ᠭᠤᠶᠤᠴᠢᠯᠠᠵᠤ ᠦᠭᠬᠦᠯ᠎ᠡ᠃ ᠪᠠᠴᠢᠮ ᠬᠦᠴᠢᠷᠳᠡᠯ ᠳᠤ ᠲᠤᠯᠭᠠᠷᠠᠭᠰᠠᠨ ᠪᠤᠯ ︽ᠤᠷᠢᠳ ᠢᠶᠠᠷ ᠲᠤᠰᠠᠯᠠᠬᠤ︾ ᠲᠣᠭᠲᠠᠭᠠᠯ ᠶᠣᠰᠣᠭᠠᠷ ᠲᠦᠷ ᠴᠠᠭ ᠤᠨ  ᠲᠤᠰᠠᠯᠠᠮᠵᠢ ᠦᠵᠡᠬᠦᠯᠤᠬᠡᠳ ᠳᠠᠷᠠᠭ᠎ᠠ ᠨᠢ ᠬᠠᠮᠢᠶ᠎ᠠ ᠪᠦᠬᠦᠢ ᠮᠠᠲ᠋ᠧᠷᠢᠶᠠᠯ ᠢ ᠨᠦᠬᠦᠪᠤᠷᠢᠯᠡᠪᠡ᠃ 2024 ᠣᠨ ᠳᠤ ᠤᠯᠠᠭᠠᠨᠴᠠᠪ ᠬᠤᠲᠠ ᠶᠢᠨ ᠬᠢᠨ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠ ᠣᠯᠠᠨ ᠲᠦᠮᠡᠨ ᠤ ᠪᠡᠶ᠎ᠡ ᠪᠠᠨ ᠳᠠᠭᠠᠭᠠᠵᠤ ᠭᠤᠶᠤᠴᠢᠯᠠᠬᠤ ᠶᠢ ᠤᠶᠠᠯᠳᠤᠭᠤᠯᠬᠤ ᠪᠠᠷ ᠳᠠᠮᠵᠢᠭᠤᠯᠤᠨ 2.8 ᠲᠦᠮᠡᠨ ᠤᠳᠠᠭ᠎ᠠ ᠶᠢᠨ ᠲᠦᠷ ᠴᠠᠭ ᠤᠨ  ᠲᠤᠰᠠᠯᠠᠮᠵᠢ ᠦᠵᠡᠬᠦᠯᠵᠡᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号