ᠴᠢᠬᠤᠯᠠ ᠮᠡᠳᠡᠭᠡ | | | ᠠᠷᠠᠳ ᠤᠨ ᠶᠠᠪᠤᠳᠠᠯ ᠤᠨ ᠶᠠᠮᠤᠨ ᠤ ᠬᠢᠨ 1 ᠳ᠋ᠤᠬᠡᠷ ᠰᠠᠷ᠎ᠠ ᠶᠢᠨ 22 ᠤᠨ ᠡᠳᠦᠷ 2025 ᠣᠨ ᠤ ᠨᠢᠭᠡᠳᠦᠭᠡᠷ | ᠤᠯᠠᠷᠢᠯ ᠤᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠠᠷᠠᠳ ᠤᠨ ᠶᠠᠪᠤᠳᠠᠯ ᠤᠨ | ᠶᠠᠮᠤᠨ ᠤ ᠰᠣᠨᠢᠨ ᠮᠡᠳᠡᠭᠡᠨ ᠤ ᠥᠭᠦᠯᠡᠭᠴᠢ᠂ ᠠᠯᠪᠠᠨ ᠲᠢᠩᠬᠢᠮ ︵ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ | ︶ ᠤᠨ ᠳᠡᠳ᠋ ᠡᠷᠬᠢᠯᠡᠭᠴᠢ ᠯᠢ ᠸᠠᠨ ᠯᠢ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠵᠦ᠂ ᠨᠡᠶᠢᠭᠡᠮ ᠤᠨ ᠲᠤᠰᠠᠯᠠᠮᠵᠢ | ᠶᠢᠨ ᠵᠤᠷᠭᠠᠨ ᠤ ᠳᠡᠳ᠋ ᠳᠠᠷᠤᠭ᠎ᠠ ᠰᠢᠦᠢ ᠶᠦᠨ ᠬᠤᠶᠠᠷ ᠪᠠᠶᠠᠷ ᠤᠨ ᠬᠤᠭᠤᠴᠠᠭᠠᠨ ᠳᠤ ᠬᠢ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠶᠢᠳᠠᠯ ᠢ ᠲᠠᠨᠢᠯᠴᠠᠭᠤᠯᠵᠤ᠂ ᠨᠡᠶᠢᠭᠡᠮ ᠤᠨ ᠬᠡᠷᠡᠭ | ᠶᠠᠪᠤᠳᠠᠯ ᠤᠨ ᠵᠤᠷᠭᠠᠨ ᠤ ᠳᠡᠳ᠋ ᠳᠠᠷᠤᠭ᠎ᠠ ᠵᠠᠩ ᠵᠧᠨ ᠳ᠋ᠧ ︽ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ | ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | | | 2024 ᠣᠨ ᠳᠤ ᠪᠥᠬᠦ ᠣᠷᠣᠨ ᠤ ᠬᠤᠲᠠ ᠬᠥᠳᠡᠭᠡ ᠶᠢᠨ 170.3 ᠲᠦᠮᠡᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠳᠡᠭᠰᠡᠳ ᠪᠠ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ | ᠪᠦᠲᠦᠮᠵᠢᠲᠡᠶ ᠪᠠᠲᠤᠯᠠᠵᠤ᠂ ᠨᠡᠶᠢᠲᠡ 13.12 ᠲᠦᠮᠡᠨ ᠤᠳᠠᠭ᠎ᠠ ᠶᠢᠨ ᠲᠦᠷ ᠴᠠᠭ ᠤᠨ ᠲᠤᠰᠠᠯᠠᠮᠵᠢ | ᠦᠵᠡᠬᠦᠯᠤᠬᠡᠳ ᠪᠡᠯᠡ ᠮᠥᠩᠭᠦ ᠶᠢᠨ ᠵᠠᠷᠤᠯᠭ᠎ᠠ ᠶᠢ 2.81 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠪᠡᠯᠡᠨ | ᠵᠣᠭᠤᠰ᠂ ᠬᠡᠷᠡᠭᠯᠡᠭᠡᠨ ᠤ ᠲᠡᠮᠳᠡᠭᠲᠦ ᠵᠡᠷᠭᠡ ᠠᠷᠭ᠎ᠠ ᠪᠠᠷ ᠨᠢᠭᠡ ᠯᠡ ᠤᠳᠠᠭ᠎ᠠ ᠦᠭᠭᠦ ᠠᠮᠢᠳᠤᠷᠠᠯ ᠤᠨ ᠨᠥᠬᠦᠪᠦᠷᠢ ᠶᠢ | 3.77 ᠳ᠋ᠦᠩᠰᠢᠭᠤᠷ ᠲᠥᠭᠦᠷᠢᠭ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ ᠳᠤ 196.5 ᠲᠦᠮᠡᠨ ᠤᠳᠠᠭ᠎ᠠ | ᠠᠰᠢᠭ ᠬᠦᠷᠲᠡᠭᠡᠪᠡ᠃ | | | ᠨᠡᠶᠢᠭᠡᠮ ᠤᠨ ᠲᠤᠰᠠᠯᠠᠮᠵᠢ | | | ᠬᠥᠯᠥᠨ ᠪᠤᠶᠢᠷ ᠬᠤᠲᠠ ᠶᠢᠨ ᠬᠢᠨ ᠨᠡᠶᠢᠭᠡᠮ ᠤᠨ ᠲᠤᠰᠠᠯᠠᠮᠵᠢ ᠶᠢ ᠭᠤᠶᠤᠴᠢᠯᠠᠨ ᠭᠦᠢᠴᠡᠳᠬᠡᠬᠦ ᠶᠠᠪᠤᠴᠠ ᠶᠢ | ᠳᠥᠭᠦᠮᠴᠢᠯᠡᠬᠦ ᠶᠢᠨ ᠲᠥᠯᠥᠭᠡ ᠨᠡᠶᠢᠭᠡᠮ ᠤᠨ ᠲᠤᠰᠠᠯᠠᠮᠵᠢ ᠶᠢ ᠭᠠᠷᠲᠠᠨ ᠭᠦᠢᠴᠡᠳᠬᠡᠬᠦ ᠪᠠᠶᠢᠭᠤᠯᠤᠮᠵᠢ ᠬᠢᠭᠡᠳ | ᠲᠤᠰᠠᠯᠠᠮᠵᠢ ᠬᠦᠷᠳᠡᠭᠰᠡᠳ ᠤᠨ ︽ᠬᠤᠣᠰ ᠠᠮᠠᠯᠠᠯᠲᠠ︾ ᠶᠢᠨ ᠲᠣᠭᠲᠠᠴᠠ ᠶᠢ ᠪᠠᠶᠢᠭᠤᠯᠪᠠ᠃ 2024 ᠣᠨ ᠳᠤ | 9786 ᠭᠤᠶᠤᠴᠢᠯᠠᠭᠴᠢ ᠪᠠ ᠭᠠᠷᠲᠠᠨ ᠭᠦᠢᠴᠡᠳᠬᠡᠬᠦ ᠠᠵᠢᠯᠲᠠᠨ ︽ᠬᠤᠣᠰ ᠠᠮᠠᠯᠠᠯᠲᠠ︾ ᠶᠢᠨ ᠶᠠᠪᠤᠴᠨ ᠶᠢ | ᠭᠦᠢᠴᠡᠳᠬᠡᠭᠰᠡᠨ ᠪᠥᠭᠡᠳ ᠨᠡᠶᠢᠭᠡᠮ ᠤᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ︽ᠬᠤᠣᠰ ᠠᠮᠠᠯᠠᠯᠲᠠ︾ | ᠶᠢᠨ ᠲᠣᠭᠲᠠᠴᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠭᠤᠶᠤᠴᠢᠯᠠᠨ ᠭᠦᠢᠴᠡᠳᠬᠡᠬᠦ ᠮᠠᠲ᠋ᠧᠷᠢᠶᠠᠯ ᠢ 57% ᠪᠠᠷ | ᠪᠠᠭᠠᠰᠬᠠᠵᠤ᠂ ᠭᠤᠶᠤᠴᠢᠯᠠᠨ ᠭᠦᠢᠴᠡᠳᠬᠡᠬᠦ ᠴᠠᠭ ᠢ 42% ᠢᠶᠠᠷ ᠪᠠᠭᠠᠰᠬᠠᠵᠤ᠂ ᠨᠡᠶᠢᠭᠡᠮ ᠤᠨ ᠲᠤᠰᠠᠯᠠᠮᠵᠢ ᠶᠢᠨ | ᠬᠥᠳᠡᠯᠦᠩᠭᠦᠢ ᠬᠠᠮᠢᠶᠠᠷᠤᠯᠲᠠ ᠶᠢ ᠨᠠᠩ ᠥᠨᠳᠥᠷ ᠪᠦᠲᠦᠮᠵᠢᠲᠡᠶ ᠪᠣᠯᠭᠠᠵᠤ᠂ ᠣᠯᠠᠨ ᠲᠦᠮᠡᠨ ᠤ ᠬᠢᠨᠠᠯᠲᠠ ᠶᠢ ᠨᠠᠩ | ᠨᠠᠷᠢᠯᠢᠭ ᠣᠨᠣᠴᠠᠲᠠᠢ ᠪᠣᠯᠭᠠᠵᠤ᠂ ᠢᠲᠡᠭᠡᠮᠵᠢᠲᠡᠢ ᠠᠭᠤᠷ ᠠᠮᠢᠰᠬᠤᠯ ᠢ ᠨᠠᠩ ᠥᠳᠬᠡᠨ ᠪᠣᠯᠭᠠᠪᠠ᠃ | | | ᠨᠡᠶᠢᠭᠡᠮ ᠤᠨ ᠶᠠᠪᠤᠳᠠᠯ | | | ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 1 ᠳ᠋ᠤᠬᠡᠷ ᠰᠠᠷ᠎ᠠ ᠶᠢᠨ 22 ᠤᠨ | ᠡᠳᠦᠷ ᠬᠤᠲᠠ ᠶᠢᠨ ᠠᠷᠠᠳ ᠲᠤ ︽2025 ᠣᠨ ᠤ ᠴᠠᠭᠠᠨ ᠰᠠᠷ᠎ᠠ ᠶᠢᠨ ᠪᠣᠯᠪᠠᠰᠤᠨ ᠤ ᠳᠠᠬᠢᠯᠭ᠎ᠠ ᠶᠢᠨ | ᠰᠠᠨᠠᠭᠠᠴᠢᠯᠠᠭ᠎ᠠ ᠶᠢᠨ ᠪᠢᠴᠢᠭ︾ ᠨᠡᠶᠢᠲᠡᠯᠡᠵᠦ᠂ ᠪᠣᠯᠪᠠᠰᠤᠨ ᠢᠶᠠᠷ ᠠᠷᠪᠢᠯᠠᠨ ᠭᠠᠮᠨᠠᠵᠤ ᠪᠡᠯᠪᠡᠰᠤᠷᠡᠬᠦ᠂ ᠭᠠᠵᠠᠷ | ᠰᠢᠷᠣᠢ ᠶᠢ ᠠᠷᠪᠢᠯᠠᠬᠤ ᠠᠮᠢ ᠠᠬᠤᠶᠢᠯᠢᠭ ᠣᠷᠣᠰᠢᠭᠤᠯᠭ᠎ᠠ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠳᠠᠬᠢᠯᠭ᠎ᠠ ᠶᠢᠨ ᠲᠤᠬᠠᠢ ᠰᠠᠨᠠᠭᠠᠴᠢᠯᠠᠬᠤ ᠳᠤ ᠪᠠᠨ᠄ ︽ᠠᠶᠤᠯ ᠦᠬᠡᠢ ᠪᠠᠷ ᠭᠤᠣᠯᠳᠠᠯᠭ᠎ᠠ | ᠪᠣᠯᠭᠠᠬᠤ ᠶᠢ ᠰᠠᠨᠠᠭᠠᠴᠢᠯᠠᠵᠤ ᠭᠠᠯ ᠤᠨ ᠠᠶᠤᠯ ᠪᠠ ᠡᠭᠦᠰᠦᠮᠡᠯ ᠡ᠊ᠨᠳᠡᠯ ᠭᠠᠷᠬᠤ ᠶᠢ ᠴᠢᠩᠭ᠎ᠠ ᠰᠡᠷᠬᠡᠶᠢᠯᠡᠶ᠎ᠡ᠃ ᠵᠠᠩ | ᠳᠠᠳᠬᠠᠯ ᠢ ᠥᠭᠡᠷᠡᠴᠢᠯᠡᠬᠦ ᠠᠵᠢᠯ ᠢ ᠴᠢᠩᠭᠠᠳᠬᠠᠵᠤ᠂ ᠪᠣᠯᠬᠢ ᠲᠠᠬᠢᠯᠭ᠎ᠠ ᠶᠢᠨ ᠡᠳ᠋ᠯᠡᠯ ᠬᠡᠷᠡᠭᠰᠡᠯ ᠪᠠ ᠹᠧᠣᠳᠠᠯ ᠤᠨ | ᠮᠤᠬᠤᠷ ᠪᠢᠰᠢᠷᠡᠯ ᠤᠨ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠬᠯᠠᠶᠠ᠃ ᠡᠷᠬᠢᠮ ᠰᠤᠷᠲᠠᠯ ᠢ | ᠤᠯᠠᠮᠵᠢᠯᠠᠨ ᠵᠠᠯᠭᠠᠮᠵᠢᠯᠠᠵᠤ᠂ ᠠᠷᠪᠢᠴᠢ ᠭᠠᠮᠲᠠᠢ ᠳᠠᠬᠢᠯᠭ᠎ᠠ ᠳᠠᠭᠢᠬᠤ ᠶᠢ ᠡᠷᠬᠢᠮᠯᠡᠵᠡᠬᠡᠶᠡ︾ ᠬᠡᠵᠡᠢ᠃ | | | ᠬᠡᠦᠬᠡᠳ ᠤᠨ ᠠᠰᠠᠷᠠᠮᠵᠢ | | | ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠠᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ 2024 ᠣᠨ ᠳᠤ | ᠰᠥᠨᠢᠳ ᠵᠡᠭᠦᠨ ᠬᠤᠰᠢᠭᠤ᠂ ᠲᠠᠶᠢᠹᠤᠰᠧ ᠬᠤᠰᠢᠭᠤ᠂ ᠰᠢᠯᠤᠭᠤᠨ ᠬᠥᠬᠡ ᠬᠤᠰᠢᠭᠤ ᠵᠡᠷᠭᠡ 3 ᠬᠤᠰᠢᠭᠤᠨ ᠤ | ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠢ ᠪᠠᠶᠢᠭᠤᠯᠵᠤ᠂ ᠬᠤᠰᠢᠭᠤ ᠰᠢᠶᠠᠨ ᠤ ᠥᠯᠥ ᠬᠠᠮᠠᠭᠠᠯᠠᠬᠤ | ᠲᠥᠪ ᠢ ᠪᠦᠬᠦᠨ ᠢ ᠬᠠᠮᠤᠷᠬᠤ ᠶᠢ ᠪᠡᠶᠡᠯᠡᠬᠦᠯᠦᠭᠰᠡᠨ ᠪᠠᠶᠢᠨ᠎ᠠ᠃ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ | ᠬᠠᠮᠠᠭᠠᠯᠠᠬᠤ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠠᠶᠢᠮᠠᠭ ᠤᠨ ᠬᠡᠪᠴᠢᠶᠡᠨ ᠳᠤ ᠨᠡᠭᠦᠳᠡᠯ | ᠬᠡᠦᠬᠡᠳ᠂ ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢᠶᠠᠷ ᠦᠢᠯᠡᠴᠢᠯᠡᠬᠦ | ᠡᠲᠡᠭᠡᠳ ᠢᠶᠠᠨ ᠪᠣᠯᠭᠠᠵᠤ᠂ ᠲᠤᠰᠬᠠᠢ ᠨᠡᠶᠢᠭᠡᠮ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠭᠡᠷ | ᠪᠦᠯᠢ ᠶᠢᠨ ᠬᠢᠨᠠᠨ ᠬᠠᠮᠠᠭᠠᠯᠠᠯᠲᠠ ᠶᠢᠨ ᠪᠠᠶᠢᠳᠠᠯ ᠢ ᠦᠨᠡᠯᠡᠬᠦ᠂ ᠰᠡᠳᠬᠢᠴᠡ ᠶᠢᠨ ᠬᠠᠪᠰᠤᠷᠤᠨ ᠵᠢᠯᠤᠭᠤᠳᠬᠤ | ᠦᠢᠯᠡᠴᠢᠯᠡᠭᠡ ᠵᠡᠷᠭᠡ ᠠᠵᠢᠯᠯᠠᠭ᠎ᠠ ᠶᠢ ᠦᠷᠨᠢᠬᠦᠯᠤᠯ᠎ᠡ᠃ ᠪᠥᠬᠦ ᠵᠢᠯ ᠳᠤ ᠨᠡᠶᠢᠲᠡ 12062 ᠨᠡᠭᠦᠳᠡᠯ ᠬᠡᠦᠬᠡᠳ᠂ | 292 ᠭᠡᠷ ᠲᠤ ᠪᠠᠨ ᠬᠤᠴᠣᠷᠤᠭᠰᠠᠨ ᠬᠡᠦᠬᠡᠳ ᠢ ᠵᠢᠭᠰᠠᠭᠠᠨ ᠪᠠᠶᠢᠴᠠᠭᠠᠵᠤ ᠲᠣᠳᠣᠯᠠᠭᠠᠳ ᠪᠥᠬᠦ ᠤᠯᠤᠰ ᠤᠨ | ᠬᠡᠦᠬᠡᠳ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠤᠭᠰᠠᠨ ᠪᠠᠶᠢᠨ᠎ᠠ᠃ | | | | | | | | | | |