ᠠᠷᠠᠳ ᠤᠨ ᠶᠠᠪᠤᠳᠠᠯ ᠤᠨ ᠶᠠᠮᠤᠨ | | | ᠠᠷᠠᠳ ᠤᠨ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠤᠷᠴᠢᠮ | ᠳᠤ ᠬᠠᠮᠲᠤᠷᠠᠨ ︽ᠬᠦᠴᠢᠷᠳᠡᠯ ᠳᠤ ᠲᠤᠯᠭᠠᠷᠠᠭᠰᠠᠨ ᠥᠨᠥᠴᠢᠷᠡᠮᠡᠯ ᠬᠡᠮ ᠲᠠᠢ ᠬᠡᠦᠬᠡᠳ ᠢ ᠬᠠᠯᠠᠮᠵᠢᠯᠠᠬᠤ | ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ | ᠄ ︽ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠳᠠᠯ ᠢ ᠬᠥᠳᠡᠯᠦᠩᠭᠦᠢ ᠪᠠᠷ ᠡᠵᠡᠮᠰᠢᠬᠦ ᠬᠡᠷᠡᠭᠲᠡᠢ᠃ | ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠵᠤ ᠦᠨᠳᠦᠰᠦᠨ ᠵᠦᠢᠯ ᠢ ᠳᠠᠭᠠᠭᠠᠨ ᠬᠠᠷᠠᠭᠠᠯᠵᠠᠨ | ᠬᠠᠮᠠᠭᠠᠯᠠᠬᠤ ᠶᠢ ᠬᠠᠨᠭ᠍ᠭᠠᠬᠤ ᠬᠡᠷᠡᠭᠳᠡᠢ᠃ ᠭᠡᠷ ᠪᠦᠯᠢ ᠶᠢ ᠨᠢ ᠲᠡᠳᠬᠦᠬᠦ ᠠᠵᠢᠯ ᠢ ᠴᠢᠩᠭᠠᠳᠬᠠᠵᠤ ᠬᠠᠷᠠᠭᠠᠯᠵᠠᠨ | ᠬᠠᠮᠠᠭᠠᠯᠠᠬᠤ ᠳᠡᠮᠵᠢᠯᠭᠡ ᠬᠠᠨᠭ᠍ᠭᠠᠬᠤ ᠬᠡᠷᠡᠭᠳᠡᠢ᠃ ᠠᠭᠤᠰᠤᠯᠴᠠᠯ ᠤᠨ ᠦᠢᠯᠡᠴᠢᠯᠡᠭᠡ ᠶᠢ ᠴᠢᠩᠭᠠᠳᠬᠠᠵᠤ ᠨᠡᠶᠢᠭᠡᠮ ᠤᠨ | ᠠᠭᠤᠰᠤᠯᠴᠠᠯ ᠢ ᠠᠬᠢᠭᠤᠯᠬᠤ ᠬᠡᠷᠡᠭᠲᠡᠢ᠃ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ | ᠨᠡᠶᠢᠭᠡᠮ ᠤᠨ ᠬᠢᠨ ᠢ ᠤᠷᠤᠯᠴᠠᠭᠤᠯᠬᠤ ᠪᠠᠷ ᠵᠢᠯᠤᠭᠤᠳᠬᠤ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠡᠷᠬᠡᠪᠰᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠠᠪᠠᠯ ᠪᠠᠳᠤᠯᠠᠬᠤ ᠬᠡᠷᠡᠭᠳᠡᠢ︾ | ᠭᠡᠵᠤ ᠱᠠᠭᠠᠷᠳᠠᠬᠰᠠᠨ ᠪᠠᠶᠢᠨ᠎ᠠ᠃ | | | ᠨᠡᠶᠢᠭᠡᠮ ᠤᠨ ᠲᠤᠰᠠᠯᠠᠮᠵᠢ | | | ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠬᠠᠮᠢᠶ᠎ᠠ ᠪᠦᠬᠦᠢ ᠰᠠᠯᠠᠭ᠎ᠠ | ᠲᠠᠰᠤᠭ ᠪᠤᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ ᠬᠠᠮᠢᠶ᠎ᠠ ᠪᠦᠬᠦᠢ ᠨᠥᠬᠦᠳ ᠢ ᠵᠣᠬᠢᠶᠠᠨ | ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠴᠡᠭ ᠪᠤᠯᠬᠤ ᠵᠠᠯᠠᠶᠢᠳ | ᠬᠤᠰᠢᠭᠤᠨ ᠤ ᠶᠢᠨᠳᠠᠷ ᠪᠠᠯᠭᠠᠰᠤᠨ ᠤ ᠳ᠋ᠦᠩ ᠹᠠᠩ ᠬᠤᠩ ᠲᠣᠰᠬᠤᠨ ᠳᠤ ᠬᠦᠷᠴᠦ ᠴᠠᠭᠠᠨ ᠰᠠᠷ᠎ᠠ ᠶᠢᠨ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠤᠬᠰᠠᠨ ᠡᠷᠦᠬᠡ᠂ ᠬᠢᠨᠠᠨ ᠰᠢᠯᠭᠠᠬᠤ | ᠡᠷᠦᠬᠡ ᠳᠤ ᠨᠡᠶᠢᠲᠡ 121 ᠬᠤᠪᠢ ᠠᠮᠤ ᠪᠤᠳᠠᠭ᠎ᠠ᠂ ᠭᠤᠯᠢᠷ ᠲᠣᠰᠣ ᠬᠦᠷᠭᠡᠵᠦ᠂ ᠬᠦᠴᠢᠷᠳᠡᠯᠲᠡᠢ ᠣᠯᠠᠨ | ᠲᠦᠮᠡᠨ ᠤ ᠪᠠᠶᠠᠷ ᠤᠨ ᠡᠳᠦᠷ ᠢᠶᠠᠨ ᠥᠩᠭᠡᠷᠡᠭᠦᠯᠬᠦ ᠢᠶᠠᠨ ᠠᠮᠤᠭᠤᠯᠠᠩ ᠰᠠᠶᠢᠬᠠᠨ ᠦᠡᠭᠭᠡᠷᠡᠬᠦᠯᠬᠦ ᠶᠢ ᠪᠠᠲᠤᠯᠠᠪᠠ᠃ | ᠣᠶᠢᠷ᠎ᠠ ᠳᠤ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠰᠠᠶᠢᠨ ᠳᠤᠷ᠎ᠠ ᠶᠢᠨ | ᠠᠵᠢᠯᠯᠠᠭᠴᠢ ᠪᠠ ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ ᠶᠢ ᠵᠣᠬᠢᠶᠠᠨ ᠪᠠᠶᠢᠭᠤᠯᠵᠤ ᠲᠤᠬᠠᠢ ᠶᠢᠨ ᠭᠠᠵᠠᠷ ᠲᠤ | ᠨᠢ ᠰᠤᠷᠪᠤᠯᠵᠢᠯᠠᠬᠤ᠂ ᠤᠲᠠᠰᠤ ᠪᠠᠷ ᠨᠡᠪᠲᠡᠷᠡᠯᠴᠡᠬᠦ ᠵᠡᠷᠭᠡ ᠠᠷᠭ᠎ᠠ ᠪᠠᠷ ᠬᠦᠴᠢᠷᠳᠡᠯᠲᠡᠢ ᠣᠯᠠᠨ ᠲᠦᠮᠡᠨ ᠢ ᠪᠥᠬᠦ | ᠲᠠᠯ᠎ᠠ ᠪᠠᠷ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠲᠤᠰᠠᠯᠠᠮᠵᠢ ᠬᠦᠷᠳᠡᠭᠰᠡᠳ ᠢ ᠣᠨᠣᠪᠴᠢᠲᠠᠶ ᠢᠯᠭᠠᠨ | ᠲᠠᠨᠢᠬᠤ ᠶᠢ ᠦᠨᠡᠨ ᠬᠦ ᠪᠠᠳᠤᠯᠠᠬᠰᠠᠨ ᠤ ᠬᠠᠮᠳᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠲᠠ ᠬᠥᠳᠡᠭᠡ ᠶᠢᠨ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠡᠯᠡ | ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠤᠯᠭᠤᠬᠰᠠᠨ ᠶᠤᠮ᠃ ᠪᠠᠰᠨ ᠲᠦᠷ ᠴᠠᠭ ᠤᠨ ᠲᠤᠰᠠᠯᠠᠮᠵᠢ | ᠶᠢᠨ ᠪᠠᠴᠢᠮ ᠪᠠᠶᠢᠳᠠᠯ ᠢ ᠠᠪᠤᠷᠠᠨ ᠬᠦᠴᠢᠷᠳᠡᠯ ᠢ ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷ | ᠴᠠᠭ ᠤᠨ ᠲᠤᠰᠠᠯᠠᠮᠵᠢ ᠶᠢᠨ ᠮᠥᠩᠭᠦ ᠶᠢ 23 ᠲᠦᠮᠡ ᠭᠠᠷᠤᠢ ᠲᠥᠭᠦᠷᠢᠭ ᠲᠠᠷᠬᠠᠭᠠᠵᠤ᠂ 109 ᠤᠳᠠᠭ᠎ᠠ ᠳᠤ | ᠠᠰᠢᠭ ᠬᠦᠷᠲᠡᠭᠡᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠥᠬᠦ ᠲᠠᠯ᠎ᠠ ᠪᠠᠷ ᠪᠠᠳᠤᠯᠠᠵᠤ | ᠴᠢᠳᠠᠯ᠎ᠠ᠃ | | | ᠨᠠᠰᠤᠵᠢᠯ ᠤᠨ ᠦᠢᠯᠡᠴᠢᠯᠡᠭᠡ | | | ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠠᠶᠤᠯ | ᠦᠬᠡᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠳᠤᠭᠤᠶᠢᠯᠠᠩ 3 ᠶᠢ ᠪᠠᠶᠢᠭᠤᠯᠵᠤ 13 ᠬᠤᠰᠢᠭᠤ ᠬᠤᠲᠠ | ᠲᠣᠭᠤᠷᠢᠭ ᠤᠨ ᠨᠠᠰᠤᠵᠢᠯ ᠤᠨ ᠠᠰᠠᠷᠠᠮᠵᠢ ᠵᠢᠨᠦᠢᠯᠡᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ ᠠᠶᠤᠯ ᠦᠬᠡᠢ | ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ᠃ ︽ᠬᠤᠶᠠᠷ ᠪᠠᠶᠠᠷ︾ ᠤᠨ ᠬᠤᠭᠤᠴᠠᠭᠠᠨ ᠳᠤ ᠬᠢ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠣᠨᠴᠠᠯᠢᠭ ᠤᠨ ᠲᠣᠭᠤᠷᠢᠨ ᠳᠤ ︽ᠳᠥᠷᠪᠡᠨ ᠦᠭᠡᠢ ᠬᠤᠶᠠᠷ ᠰᠢᠯᠤᠭᠤᠨ︾ | ︽ᠴᠡᠭ ᠲᠣᠭᠲᠠᠭᠠᠨ ᠡᠷᠭᠢᠵᠦ ᠬᠠᠷᠠᠬᠤ︾ ᠵᠡᠷᠭᠡ ᠠᠷᠭ᠎ᠠ ᠪᠠᠷ 37 ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢ ᠵᠢᠭᠰᠠᠭᠠᠨ ᠪᠠᠶᠢᠴᠠᠭᠠᠵᠤ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠲᠠᠷᠤᠢ ᠠᠷᠭ᠎ᠠ | ᠠᠪᠴᠤ ᠳᠠᠷᠤᠢ ᠥᠭᠡᠷᠡᠴᠢᠯᠡᠨ ᠰᠠᠶᠢᠵᠢᠷᠠᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠠᠳᠡᠯ ᠭᠠᠷᠬᠤ ᠶᠢ | ᠪᠦᠲᠦᠮᠵᠢᠲᠡᠶ ᠰᠡᠷᠭᠡᠶᠢᠯᠡᠨ ᠬᠤᠷᠢᠭᠯᠠᠪᠠ᠃ | | | ᠬᠡᠦᠬᠡᠳ ᠤᠨ ᠠᠰᠠᠷᠠᠮᠵᠢ | | | ᠪᠠᠶᠠᠨᠨᠠᠭᠤᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠬᠤᠲᠠ ᠶᠢᠨ | ᠨᠠᠰᠤᠨ ᠳᠤ ᠥᠯᠥ ᠬᠦᠷᠦᠭᠰᠡᠳ ᠢ ᠲᠤᠰᠠᠯᠠᠵᠤ ᠬᠠᠮᠠᠭᠠᠯᠠᠬᠤ ᠲᠥᠪ ᠤᠨ ᠬᠢᠨ ᠲᠠᠢ ᠬᠠᠮᠲᠤᠷᠠᠨ ︽ᠴᠠᠭᠠᠨ ᠰᠠᠷ᠎ᠠ | ᠶᠢᠨ ᠬᠤᠭᠤᠴᠠᠭᠠᠨ ᠳᠤ ᠬᠡᠤᠬᠡᠳ ᠤᠨ ᠦᠰᠤᠨ ᠪᠤᠶᠢᠵᠢᠯᠳᠠ ᠶᠢ ᠬᠠᠮᠠᠭᠠᠯᠠᠬᠤ︾ ᠬᠠᠯᠠᠮᠵᠢᠯᠠᠨ ᠲᠣᠬᠤᠨᠢᠭᠤᠯᠬᠤ | ᠠᠵᠢᠯᠯᠠᠭ᠎ᠠ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠢᠳᠡᠪᠬᠢᠲᠡᠢ ᠤᠬᠠᠭᠤᠯᠤᠬᠰᠠᠨ ᠤ ᠬᠠᠮᠲᠤ 7 ᠬᠤᠰᠢᠭᠤ ᠰᠢᠶᠠᠨ ᠲᠣᠭᠤᠷᠢᠭ ᠤᠨ | 100 ᠨᠡᠷᠡᠰ ᠨᠡᠭᠦᠳᠡᠯ ᠬᠡᠦᠬᠡᠳ᠂ ᠭᠡᠷ ᠲᠤ ᠪᠠᠨᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ | ᠬᠡᠦᠬᠡᠳ ᠲᠤ ᠨᠡᠶᠢᠲᠡ 5.8 ᠲᠦᠮᠡᠨ ᠲᠥᠭᠦᠷᠢᠭ ᠤᠨ ᠠᠮᠢᠳᠤᠷᠠᠯ ᠤᠨ ᠡᠳ᠋ ᠪᠣᠳᠠᠰ ᠪᠠ ᠰᠤᠷᠤᠯᠭ᠎ᠠ ᠶᠢᠨ ᠬᠡᠷᠡᠭᠰᠡᠯ ᠢ | ᠬᠦᠷᠬᠡᠨ ᠦᠭᠭᠦᠬᠡᠳ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠦᠨᠡᠨ ᠬᠦ ᠲᠠᠮᠵᠢᠭᠤᠯᠵᠤ ᠴᠢᠳᠠᠬᠰᠠᠨ | ᠪᠠᠶᠢᠨ᠎ᠠ᠃ | | | | | | | | | |