ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ 1 | ᠳ᠋ᠤᠬᠡᠷ ᠰᠠᠷ᠎ᠠ ᠶᠢᠨ 2 ᠤᠨ ᠡᠳᠦᠷ ᠬᠥᠬᠡᠬᠤᠲᠠ ᠶᠢᠨ ᠵᠢᠶᠧ ᠯᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ | ᠪᠠᠶᠢᠴᠠᠭᠠᠨ ᠰᠤᠳᠤᠯᠤᠬᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠪᠠ᠃ | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ | 1 ᠳ᠋ᠤᠬᠡᠷ ᠰᠠᠷ᠎ᠠ ᠶᠢᠨ 2 ᠤᠨ ᠡᠳᠦᠷ ᠳᠤᠮᠳᠠᠳᠤ ᠤᠯᠤᠰ ᠤᠨ ᠰᠢᠯᠵᠢᠮᠡᠯ ᠲᠤᠭ᠎ᠠ ᠪᠠᠷᠢᠮᠲᠠ ᠶᠢᠨ ᠲᠥᠪ ᠲᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠲᠠᠯ᠎ᠠ | ᠨᠤᠲᠤᠭ ᠤᠨ ᠡᠬᠦᠯᠨ · ᠥᠪᠥᠷ ᠮᠣᠩᠭᠤᠯ ᠤᠨ ᠰᠣᠨᠢᠨ ᠮᠡᠳᠡᠭᠡᠨ ᠤ ᠰᠤᠷᠪᠤᠯᠵᠢᠯᠠᠭᠴᠢ ᠮᠠ ᠵᠢᠶᠠᠨ ᠪᠢᠩ | ᠰᠡᠭᠦᠳᠡᠷᠯᠡᠪᠡ | | | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ | 1 ᠳ᠋ᠤᠬᠡᠷ ᠰᠠᠷ᠎ᠠ ᠶᠢᠨ 2 ᠤᠨ ᠡᠳᠦᠷ ᠬᠤᠷᠢᠨᠭᠡᠷ ᠤᠨ ᠲᠤᠭ᠎ᠠ ᠪᠠᠷᠢᠮᠲᠠ ᠶᠢᠨ ᠲᠣᠮᠣ ᠠᠰᠠᠷ ᠲᠤ ᠲᠥᠷᠥᠯ ᠵᠦᠢᠯ ᠤᠨ | ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠠᠯ᠎ᠠ ᠨᠤᠲᠤᠭ ᠤᠨ ᠡᠬᠦᠯᠨ · ᠥᠪᠥᠷ ᠮᠣᠩᠭᠤᠯ ᠤᠨ | ᠰᠣᠨᠢᠨ ᠮᠡᠳᠡᠭᠡᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ ᠤᠷᠢᠳ ᠬᠤᠵᠢᠳ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠲᠤᠭ᠎ᠠ | ᠪᠠᠷᠢᠮᠲᠠ ᠶᠢᠨ ᠲᠥᠪ᠂ ᠬᠤᠷᠢᠨᠭᠡᠷ ᠤᠨ ᠲᠤᠭ᠎ᠠ ᠪᠠᠷᠢᠮᠲᠠ ᠶᠢᠨ ᠲᠣᠮᠣ ᠠᠰᠠᠷ ᠲᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠤᠨ ᠠᠵᠢᠯᠴᠢᠨ | ᠬᠡᠷᠡᠭᠯᠡᠬᠦ᠂ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ ᠪᠠ ᠡᠵᠡᠩᠨᠡᠯᠲᠡ ᠶᠢᠨ ᠦᠷ᠎ᠡ ᠠᠰᠢᠭ ᠵᠡᠷᠭᠡ ᠪᠠᠶᠢᠳᠠᠯ ᠢ | ᠭᠤᠣᠯᠳᠠᠯᠭ᠎ᠠ ᠲᠠᠢ ᠣᠶᠢᠯᠠᠭᠠᠪᠠ᠃ | | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ 1 | ᠳ᠋ᠤᠬᠡᠷ ᠰᠠᠷ᠎ᠠ ᠶᠢᠨ 2 ᠤᠨ ᠡᠳᠦᠷ ᠬᠥᠬᠡᠬᠤᠲᠠ ᠶᠢᠨ ᠵᠢᠶᠧ ᠯᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ | ᠪᠠᠶᠢᠴᠠᠭᠠᠨ ᠰᠤᠳᠤᠯᠤᠬᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠪᠠ᠃ ᠲᠠᠯ᠎ᠠ ᠨᠤᠲᠤᠭ ᠤᠨ | ᠡᠬᠦᠯᠨ · ᠥᠪᠥᠷ ᠮᠣᠩᠭᠤᠯ ᠤᠨ ᠰᠣᠨᠢᠨ ᠮᠡᠳᠡᠭᠡᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | | ᠬᠤᠯᠪᠣᠭᠳᠠᠯ ᠪᠦᠬᠦᠢ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠸᠡᠭ᠄ ︽ | ᠪᠣᠳᠣᠯᠭ᠎ᠠ ᠶᠢᠨ ᠬᠦᠴᠦᠨ ᠤ ᠠᠵᠤ ᠦᠢᠯᠡᠰ ᠢ ᠬᠥᠭᠵᠢᠭᠦᠯᠬᠦ ᠪᠣᠯ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠣᠶᠢᠵᠢᠭᠤᠯᠤᠨ ᠬᠥᠭᠵᠢᠭᠦᠯᠬᠦ ᠶᠢᠨ ᠴᠢᠬᠤᠯᠠ ᠴᠢᠭᠯᠡᠯ ᠪᠣᠯᠣᠨ᠎ᠠ᠃ ᠬᠥᠬᠡᠬᠤᠲᠠ ᠶᠢᠨ ᠪᠣᠳᠣᠯᠭ᠎ᠠ ᠶᠢᠨ | ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠂ ᠳᠠᠷᠠᠭᠠᠴᠢ ᠪᠠᠷ ᠨᠡᠩ | ᠰᠠᠶᠢᠨ ᠬᠢᠵᠦ ᠭᠤᠣᠯᠳᠠᠯᠭ᠎ᠠ ᠪᠠᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠦᠷᠳᠡᠭ ᠢ ᠨᠡᠮᠡᠭᠳᠡᠭᠦᠯᠬᠦ ᠳᠡᠭᠡᠷ᠎ᠡ ᠬᠦᠴᠦ | ᠲᠠᠯᠪᠢᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠦᠷ᠎ᠡ ᠠᠰᠢᠭ ᠢ ᠡᠷᠬᠢᠮᠯᠡᠵᠦ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠮᠦ | ᠪᠦᠷᠢ ᠶᠢᠨ ᠳᠤᠮᠳᠠᠴᠢ ᠦᠢᠯᠡᠳᠬᠦᠨ ᠤ ᠦᠷᠳᠡᠭ᠂ ᠮᠦ ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ ᠶᠢ | ᠲᠡᠭᠡᠭᠰᠢᠯᠡᠬᠦᠯᠤᠬᠡᠳ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ᠂ ᠡᠳ᠋ ᠤᠨ | ᠵᠠᠰᠠᠭ ᠤᠨ ᠣᠷᠣᠯᠭ᠎ᠠ᠂ ᠤᠯᠠᠨ ᠲᠦᠮᠡᠨ ᠤ ᠠᠵᠢᠯ ᠣᠯᠭᠤᠯᠲᠠ ᠳᠤ ᠦᠵᠡᠭᠦᠯᠬᠦ ᠬᠤᠪᠢ ᠨᠡᠮᠡᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠪᠡᠭᠡᠵᠢᠩ ᠯᠦᠭᠡ ᠶᠢᠨ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠪᠡᠭᠡᠵᠢᠩ ᠤᠨ ᠬᠦᠴᠦᠨ ᠢ ᠠᠰᠢᠭᠯᠠᠨ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠪᠤᠵᠠᠭᠠᠶᠢᠷᠠᠨ | ᠬᠦᠴᠦᠷᠬᠡᠭᠵᠢᠬᠦ ᠶᠢ ᠠᠬᠢᠭᠤᠯᠬᠤ ᠬᠡᠷᠡᠭᠳᠡᠢ︾ ᠬᠡᠵᠡᠢ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠰᠦᠨ ᠱᠤᠤ ᠴᠧᠩ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ | ᠪᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠲᠤᠰᠬᠠᠶᠢᠯᠠᠨ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠰᠦᠨ ᠱᠤᠤ ᠴᠸᠡᠭ᠄ ︽ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ︿ᠨᠢᠭᠡ ᠭᠤᠣᠯ | ᠰᠢᠵᠢᠮ﹀ ᠢ ᠲᠤᠭᠤᠰᠢᠯᠠᠭᠤᠯᠵᠤ᠂ ︿ᠬᠤᠶᠠᠷ ᠶᠡᠭᠡ ᠶᠠᠪᠤᠳᠠᠯ﹀ ᠢ ᠰᠠᠶᠢᠲᠤᠷ ᠬᠢᠬᠦ᠂ ︿ᠲᠠᠪᠤᠨ ᠶᠡᠭᠡ ᠡᠭᠦᠷᠭᠡ﹀ | ᠶᠢ ᠪᠡᠶᠡᠯᠡᠭᠦᠯᠬᠦ᠂ ︿ᠵᠢᠷᠭᠤᠭᠠᠨ ᠢᠨᠵᠧᠨᠧᠷᠢᠩ﹀ ᠢ ᠬᠡᠷᠡᠭᠵᠢᠭᠦᠯᠬᠦ᠂ ︿ᠵᠢᠷᠭᠤᠭᠠᠨ ᠠᠵᠢᠯᠯᠠᠭ᠎ᠠ﹀ ᠶᠢ ᠥᠷᠨᠢᠭᠦᠯᠬᠦ | ᠵᠡᠷᠭᠡ ᠨᠢ ᠴᠥᠮ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ | ᠤᠷᠤᠭᠰᠢᠯᠠᠬᠤ ᠪᠣᠳᠠᠲᠠᠢ ᠰᠡᠳᠬᠢᠴᠡ ᠪᠠ ᠠᠷᠭ᠎ᠠ ᠪᠣᠯᠣᠨ᠎ᠠ᠃ ︿ᠵᠢᠷᠭᠤᠭᠠᠨ ᠠᠵᠢᠯᠯᠠᠭ᠎ᠠ﹀ ᠪᠣᠯ ᠨᠢᠭᠲᠠ | ᠬᠤᠯᠪᠣᠭ᠎ᠠ ᠲᠠᠢ ᠣᠷᠭᠠᠨᠢᠭ ᠪᠦᠬᠦᠯᠢ ᠴᠣᠭᠴᠠ ᠮᠥᠨ᠂ ᠡᠯ᠎ᠡ ᠠᠵᠢᠯ ᠲᠦᠷᠦᠯ᠂ ᠡᠯ᠎ᠡ ᠰᠢᠰᠲ᠋ᠧᠮ᠂ ᠡᠯ᠎ᠡ ᠨᠢᠭᠡᠴᠢ | ᠪᠠ ᠡᠯ᠎ᠡ ᠵᠦᠢᠯᠡᠰ ᠲᠤ ᠴᠥᠮ ᠪᠠᠷᠢᠴᠨ ᠪᠠᠨ ᠣᠨᠣᠪᠴᠢᠲᠠᠶ ᠡᠷᠢᠨ ᠣᠯᠵᠤ ᠰᠠᠨᠠᠭᠠᠴᠢᠯᠠᠭ᠎ᠠ ᠠᠴᠠ ᠪᠠᠨ ᠠᠵᠢᠯᠯᠠᠨ | ᠨᠢᠭᠡᠳᠦᠯᠲᠡᠢ ᠲᠦᠯᠦᠪᠵᠢᠬᠦᠯᠬᠡ ᠪᠠᠨ ᠴᠢᠩᠭᠠᠳᠬᠠᠨ᠂ ᠬᠠᠮ ᠬᠦᠴᠦᠨ ᠢ ᠨᠢᠭᠲᠠᠷᠠᠭᠤᠯᠵᠤ᠂ ᠥᠪᠡᠷ ᠥᠪᠡᠷ ᠤᠨ | ᠠᠵᠢᠯ ᠢᠶᠠᠨ ᠬᠢᠵᠦ᠂ ᠨᠢᠭᠡ ᠯᠡ ᠲᠠᠯ᠎ᠠ ᠶᠢ ᠬᠢᠬᠦ ᠶᠢ ᠰᠡᠷᠭᠡᠶᠢᠯᠡᠬᠦ ᠬᠡᠷᠡᠭᠲᠡᠢ᠃ ᠵᠠᠰᠠᠭ ᠤᠨ ᠣᠷᠳᠣᠨ ᠪᠠ | ᠪᠦᠲᠦᠮᠵᠢᠲᠡᠶ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠵᠦ ᠵᠠᠬ᠎ᠠ ᠳᠡᠯᠭᠡᠭᠦᠷ ᠤᠨ ᠤᠬᠠᠮᠰᠠᠷ ᠢ | ᠤᠯᠠᠮ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠵᠢᠮ᠎ᠡ ᠶᠢ ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ | ᠪᠠᠷᠢᠯ ᠳᠤ ᠨᠡᠩ ᠰᠠᠶᠢᠲᠤᠷ ᠲᠦᠰᠢᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠪᠠ ᠤᠯᠠᠨ | ᠲᠦᠮᠡᠨ ᠳᠤ ᠦᠢᠯᠡᠴᠢᠯᠡᠬᠦ ︽ᠭᠤᠷᠪᠠᠨ ᠲᠦᠪᠰᠢᠨ︾ ᠢ ᠳᠡᠭᠡᠭᠰᠢᠯᠡᠭᠦᠯᠬᠦ ᠬᠡᠷᠡᠭᠲᠡᠢ᠃ ᠰᠣᠶᠣᠯ ᠤᠨ ᠢᠲᠡᠭᠡᠯ ᠢᠶᠠᠨ | ᠪᠠᠲᠤᠳᠬᠠᠵᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ ᠠᠵᠢᠯ ᠬᠢᠵᠦ ᠦᠢᠯᠡᠰ ᠪᠣᠰᠬᠠᠬᠤ | ᠴᠤᠭ ᠰᠦᠯᠳᠡ ᠪᠠᠨ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠲᠡᠢ᠃ | ᠪᠤᠤ ᠭᠠᠨᠭ᠌᠂ ᠢᠦᠢ ᠯᠢ ᠰᠢᠨ᠂ ᠪᠦᠦ ᠰᠢᠶᠠᠨ ᠬᠤᠸᠠ ᠨᠠᠷ ᠪᠠᠶᠢᠴᠠᠭᠠᠨ ᠰᠤᠳᠤᠯᠤᠯᠳᠠ ᠳᠤ ᠣᠷᠣᠯᠴᠠᠪᠠ᠃ | | | | | | | | | | | | |