ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ 1 ᠳ᠋ᠤᠬᠡᠷ ᠰᠠᠷ᠎ᠠ ᠶᠢᠨ | 2 ᠤᠨ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠪᠣᠯᠣᠨ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠬᠰᠠᠨ ᠪᠥᠭᠡᠳ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠪᠠ᠃ | | | ᠸᠠᠩ ᠯᠢ ᠰᠢᠶᠠ 1 ᠳ᠋ᠤᠬᠡᠷ ᠰᠠᠷ᠎ᠠ ᠶᠢᠨ 2 ᠤᠨ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠳᠤ ᠬᠦᠷᠴᠦ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠠᠵᠢᠯᠯᠠᠭᠠᠨ ᠤ | ᠪᠠᠶᠢᠳᠠᠯ ᠢ ᠤᠶᠢᠯᠠᠭᠠᠬᠰᠠᠨ ᠤ ᠬᠠᠮᠳᠤ ᠰᠦᠯᠵᠢᠶᠡᠨ ᠤ ᠵᠢᠭᠠᠨ ᠰᠤᠳᠤᠯᠬᠤ ᠲᠠᠰᠤᠭ ᠤᠨ ᠰᠦᠯᠵᠢᠶᠡᠨ ᠳᠡᠭᠡᠷᠡᠬᠢ | ᠬᠠᠮᠲᠤ ᠶᠢᠨ ᠬᠢᠴᠢᠶᠡᠯ ᠪᠡᠯᠡᠳᠬᠡᠯ ᠢ ᠸᠢᠳᠢᠤ᠋ ᠪᠠᠷ ᠪᠠᠶᠢᠴᠠᠭᠠᠨ ᠦᠵᠡᠪᠡ᠃ ᠲᠠᠯ᠎ᠠ ᠨᠤᠲᠤᠭ ᠤᠨ ᠡᠬᠦᠯᠨ · ᠥᠪᠥᠷ | ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠸᠠᠩ ᠯᠢ ᠰᠢᠶᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠵᠦᠢᠯᠡᠰ ᠤᠨ ᠲᠠᠪᠴᠠᠩ ᠤᠨ ᠴᠢᠳᠠᠮᠵᠢ ᠶᠢᠨ ᠦᠵᠡᠭᠦᠯᠦᠯᠭᠡ ᠶᠢ ᠦᠵᠡᠵᠦ᠂ ᠣᠶᠤᠨᠴᠢ ᠰᠤᠷᠭᠠᠨ | ᠬᠥᠮᠦᠵᠢᠯ ᠤᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠤᠶᠢᠯᠠᠭᠠᠨ ᠰᠦᠯᠵᠢᠶᠡᠨ ᠤ ᠵᠢᠭᠠᠨ ᠰᠤᠳᠤᠯᠬᠤ | ᠲᠠᠰᠤᠭ ᠤᠨ ᠰᠦᠯᠵᠢᠶᠡᠨ ᠳᠡᠭᠡᠷᠡᠬᠢ ᠬᠠᠮᠲᠤ ᠶᠢᠨ ᠬᠢᠴᠢᠶᠡᠯ ᠪᠡᠯᠡᠳᠬᠡᠯ ᠢ ᠸᠢᠳᠢᠤ᠋ ᠪᠠᠷ ᠪᠠᠶᠢᠴᠠᠭᠠᠨ ᠦᠵᠡᠬᠦ ᠳᠤ ᠪᠠᠨ | ᠄ ︽ᠲᠠᠪᠴᠠᠩ ᠤᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠥᠨᠳᠥᠷ ᠤᠤ︖ ᠪᠠᠭᠰᠢ ᠨᠠᠷ ᠤᠨ ᠵᠢᠭᠠᠨ | ᠰᠤᠷᠭᠠᠬᠤ ᠴᠢᠳᠠᠪᠤᠷᠢ ᠪᠠ ᠰᠤᠷᠤᠭᠴᠢᠳ ᠤᠨ ᠬᠢᠷᠢ ᠪᠦᠲᠦᠮᠵᠢ ᠶᠢ ᠳᠡᠭᠡᠭᠰᠢᠯᠡᠭᠦᠯᠬᠦ ᠳᠤ ᠦᠵᠡᠭᠦᠯᠬᠦ ᠦᠢᠯᠡᠳᠦᠯ ᠨᠢ | ᠶᠡᠭᠡ ᠤᠤ︖ ᠵᠢᠱᠢᠭᠰᠡᠨ ᠦᠷ᠎ᠡ ᠪᠦᠲᠦᠮᠵᠢ ᠳᠤ ᠪᠠᠨ ᠬᠦᠷᠴᠦ ᠴᠢᠳᠠᠭᠰᠠᠨ ᠦᠦ᠂ ᠦᠭᠡᠢ ᠤᠤ︖︾ ᠭᠡᠵᠤ | ᠨᠠᠷᠢᠨ ᠨᠢᠮᠪᠠᠢ ᠠᠰᠠᠭᠤᠬᠰᠠᠨ ᠤ ᠲᠠᠷᠠᠭ᠎ᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠄ ︽ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠠᠪᠴᠠᠩ ᠤᠨ ᠳᠠᠬᠢᠨ | ᠳᠠᠪᠲᠠᠨ ᠲᠠᠰ ᠳᠡᠪᠰᠢᠬᠦ ᠶᠢ ᠰᠠᠶᠢᠲᠤᠷ ᠠᠳᠬᠤᠵᠤ᠂ ᠲᠠᠪᠴᠠᠩ ᠤᠨ ᠡᠬᠢ ᠪᠠᠶᠠᠯᠢᠭ ᠢ ᠤᠯᠠᠮ ᠰᠠᠶᠢᠲᠤᠷ ᠬᠡᠷᠡᠭᠯᠡᠨ | ᠪᠠᠭᠰᠢ ᠨᠠᠷ ᠢ ᠬᠠᠪᠰᠤᠷᠤᠨ ᠴᠢᠳᠠᠪᠤᠷᠢ ᠶᠢ ᠨᠢ ᠳᠡᠭᠡᠭᠰᠢᠯᠡᠭᠦᠯᠵᠦ ᠰᠣᠷᠣᠭᠴᠢ ᠶᠢᠨ ᠬᠢᠷᠢ ᠪᠦᠲᠦᠮᠵᠢ ᠶᠢ ᠨᠢ | ᠳᠡᠭᠡᠭᠰᠢᠯᠡᠭᠦᠯᠬᠦ ᠬᠡᠷᠡᠭᠲᠡᠢ︾ ᠭᠡᠵᠦ ᠵᠠᠬᠢᠪᠠ᠃ | | | ᠸᠠᠩ ᠯᠢ ᠰᠢᠶᠠ 1 ᠳ᠋ᠤᠬᠡᠷ ᠰᠠᠷ᠎ᠠ ᠶᠢᠨ 2 ᠤᠨ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠤᠬᠠᠢ ᠪᠠᠶᠢᠷᠢᠯᠠᠭᠤᠯᠪᠠ᠃ ᠲᠠᠯ᠎ᠠ | ᠨᠤᠲᠤᠭ ᠤᠨ ᠡᠬᠦᠯᠨ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠬᠠᠨ ᠴᠢᠩ | ᠯᠢ ᠰᠡᠭᠦᠳᠡᠷᠯᠡᠪᠡ | ᠶᠠᠷᠢᠯᠴᠠᠬᠤ ᠬᠤᠷᠠᠯ ᠳᠡᠭᠡᠷ᠎ᠡ ᠸᠠᠩ ᠯᠢ ᠰᠢᠶᠠ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠤᠨᠤᠰᠤᠭᠠᠳ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ | ᠪᠠᠶᠢᠷᠢᠯᠠᠭᠤᠯᠤᠬᠰᠠᠨ ᠪᠠᠶᠢᠨ᠎ᠠ᠃ ᠸᠠᠩ ᠯᠢ ᠰᠢᠶ᠋ᠨ᠄ ︽ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠮᠥᠨ᠂ ︿ᠤᠯᠤᠰ ᠤᠨ ᠲᠣᠮᠣ ᠶᠠᠪᠤᠳᠠᠯ﹀ ᠤᠨ ᠥᠨᠳᠥᠷᠴᠡ ᠠᠴᠠ ᠡᠨᠡ ᠬᠦ ᠠᠵᠢᠯ ᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ | ᠰᠢᠵᠢᠮ ᠢ ᠲᠤᠭᠤᠰᠢᠯᠠᠭᠤᠯᠬᠤ ᠰᠠᠭᠤᠷᠢ ᠢᠨᠵᠧᠨᠧᠷᠢᠩ ᠪᠣᠯᠭᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠠᠵᠢᠯ ᠤᠨ ᠠᠭᠤᠯᠭ᠎ᠠ ᠶᠢᠨ ᠨᠢᠭᠡ ᠪᠣᠯᠭᠠᠵᠤ ︿ᠠᠯᠢᠪᠠ ᠪᠦᠬᠦᠨ | ᠬᠡᠦᠬᠡᠳ ᠤᠨ ᠲᠥᠯᠥᠭᠡ ᠪᠠᠶᠢᠬᠤ﹀ ᠡᠭᠦᠳᠡᠨ ᠠᠴᠠ ᠴᠢᠩᠭ᠎ᠠ ᠠᠳᠬᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ᠃ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ︿ | ᠨᠢᠭᠡᠯᠡ ᠳᠡᠭᠡᠷ᠎ᠡ ᠰᠢᠢᠳᠪᠤᠷᠢᠯᠡᠴᠢᠬᠡᠵᠤ﹀ ᠪᠣᠯᠬᠤ ᠦᠭᠡᠢ᠂ ᠡᠷᠬᠡᠪᠰᠢ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠪᠠᠭᠰᠢ ᠶᠢᠨ ᠪᠦᠲᠦᠴᠡ ᠶᠢ ᠤᠯᠠᠮ ᠰᠢᠯᠢᠳᠡᠭᠵᠢᠭᠦᠯᠦᠨ᠂ ᠬᠤᠶᠠᠳᠤᠭᠠᠷ ᠰᠠᠷ᠎ᠠ ᠠᠴᠠ ᠡᠮᠦᠨ᠎ᠡ ᠡᠯ᠎ᠡ | ᠲᠥᠷᠥᠯ ᠤᠨ ᠪᠠᠭᠰᠢ ᠶᠢ ᠪᠣᠳᠠᠲᠠᠢ ᠭᠠᠵᠠᠷ ᠲᠤ ᠨᠢ ᠲᠣᠬᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠳᠠᠭᠤᠷᠢᠶᠠᠮᠠᠯ | ᠰᠢᠯᠭᠠᠯᠲᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢ | ᠥᠰᠬᠡᠬᠦ ᠠᠷᠭ᠎ᠠ ᠶᠢᠨ ᠠᠩᠭᠢ᠂ ᠰᠢᠨᠵᠢᠯᠡᠭᠡᠨ ᠤ ᠰᠠᠯᠠᠭ᠎ᠠ᠂ ᠰᠤᠷᠤᠭᠴᠢ ᠳᠤ ᠬᠦᠷᠲᠡᠯ᠎ᠡ ᠨᠠᠷᠢᠯᠢᠭᠵᠢᠭᠤᠯᠵᠤ᠂ | ᠰᠤᠷᠭᠠᠭᠤᠯᠢ᠂ ᠭᠡᠷ ᠤᠨ ᠠᠬᠠᠮᠠᠳ᠂ ᠰᠤᠷᠤᠭᠴᠢᠳ ᠤᠨ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ | ᠰᠤᠷᠤᠭᠴᠢᠳ ᠤᠨ ᠰᠤᠷᠤᠯᠭ᠎ᠠ ᠶᠢᠨ ᠬᠢᠷᠢ ᠬᠡᠮᠵᠢᠶ᠎ᠡ ᠶᠢ ᠠᠷᠭ᠎ᠠ ᠪᠦᠬᠦᠨ ᠢ ᠰᠦᠪᠡᠭᠴᠢᠯᠡᠨ ᠳᠡᠭᠡᠭᠰᠢᠯᠡᠭᠦᠯᠵᠦ᠂ | ᠶᠠᠮᠠᠷᠪᠠ ᠬᠡᠦᠬᠡᠳ ᠢ ᠴᠦ ᠡᠩᠨᠡᠭᠡ ᠠᠴᠠ ᠬᠤᠴᠣᠷᠭᠠᠵᠤ ᠪᠣᠯᠬᠤ ᠦᠭᠡᠢ᠃ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠨᠢ ᠡᠯ᠎ᠡ ᠵᠦᠢᠯ ᠤᠨ ᠠᠵᠢᠯ ᠢ ᠡᠴᠦᠰ ᠲᠤ ᠨᠢ ᠲᠤᠯᠲᠠᠯ᠎ᠠ ᠠᠩᠬᠠᠷᠤᠨ ᠲᠤᠭᠤᠰᠢᠳᠠᠢ | ᠬᠢᠵᠦ᠂ ᠡᠯ᠎ᠡ ᠠᠶᠢᠮᠠᠭ ᠬᠤᠲᠠ ᠨᠢ ᠬᠠᠷᠠᠯᠲᠠ ᠪᠠᠨ ᠴᠢᠩᠭ᠎ᠠ ᠠᠩᠬᠠᠷᠴᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ | ᠠᠷᠭ᠎ᠠ ᠬᠡᠮᠵᠢᠶ᠎ᠡ ᠪᠠᠨ ᠨᠠᠷᠢᠬᠵᠢᠭᠤᠯᠤᠬᠰᠠᠨ ᠰᠠᠭᠤᠷᠢᠨ ᠲᠡᠬᠡᠷ᠎ᠡ ᠰᠤᠷᠭᠠᠨ ᠬᠥᠮᠦᠵᠢᠯ ᠤᠨ ᠲᠢᠩᠬᠢᠮ ᠤᠨ ᠬᠢᠨ ᠨᠢ | ᠱᠠᠯᠠᠪᠳᠠᠭᠤᠯᠬᠤ ᠪᠠ ᠬᠠᠪᠰᠤᠷᠬᠤ ᠶᠢ ᠬᠠᠷᠢᠯᠴᠠᠨ ᠤᠶᠠᠯᠳᠤᠭᠤᠯᠵᠤ ᠪᠠᠶᠢᠭᠠᠳ ᠡᠯ᠎ᠡ ᠭᠠᠵᠠᠷ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ︾ ᠭᠡᠵᠤ ᠱᠠᠭᠠᠷᠳᠠᠯ᠎ᠠ᠃ | ᠱᠢ ᠭᠤᠸᠠᠩ ᠬᠤᠢ᠂ ᠪᠦᠦ ᠰᠢᠶᠠᠨ ᠬᠤᠸᠠ ᠨᠠᠷ ᠠᠵᠢᠯᠯᠠᠭ᠎ᠠ ᠳᠤ ᠣᠷᠣᠯᠴᠠᠪᠠ᠃ | | | | | | | |