ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠲᠦᠷᠪᠡᠳᠤᠬᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/9
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠷᠠᠯ 1 ᠳ᠋ᠤᠬᠡᠷ ᠰᠠᠷ᠎ᠠ ᠶᠢᠨ 8 ᠤ ᠦᠳᠡ ᠶᠢᠨ ᠡᠮᠦᠨ᠎ᠡ ᠬᠤᠷᠠᠯᠳᠤᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠢ 1 ᠳ᠋ᠦᠭᠡᠷ ᠰᠠᠷ᠎ᠠ ᠶᠢᠨ 14 ᠤ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 67 ᠪᠦᠷᠢᠯᠳᠦᠭᠦᠨ ᠲᠠᠢ᠂ ᠲᠣᠰ ᠬᠤᠷᠠᠯ ᠳᠤ 51 ᠬᠥᠮᠥᠨ ᠣᠷᠣᠯᠴᠠᠵᠤ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠸ ᠴᠧᠩ ᠤᠨ ᠨᠠᠶᠢᠳᠠᠯᠭ᠎ᠠ ᠪᠠᠷ ᠬᠤᠷᠠᠯ ᠢ ᠡᠷᠬᠢᠯᠡᠪᠡ᠃ ᠦᠪᠤᠷ ᠮᠤᠩᠭᠤᠯ ᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳ᠋ᠤᠸᠠᠨ ᡁᠢ ᠴᠢᠶᠠᠩ᠂ ᠯᠢ ᠪᠢᠩ ᠷᠦᠩ᠂ ᠦ᠋ ᠶᠠᠨ ᠭᠠᠩ ᠬᠤᠷᠠᠯ ᠳᠤ ᠣᠷᠣᠯᠴᠠᠵᠠᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠵᠧᠩ ᠬᠤᠨᠭ᠌ ᠳᠤᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠨ ᠴᠤᠤ ᠴᠢ ᠬᠤᠷᠠᠯ ᠳᠤ ᠰᠤᠯᠠ ᠣᠷᠣᠯᠴᠠᠪᠠ᠃   ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ ᠬᠤᠷᠠᠯ ᠲᠡᠬᠡᠷ᠎ᠡ ᠳ᠋ᠤᠸᠠᠨ ᡁᠢ ᠴᠢᠶᠠᠩ᠂ ᠵᠧᠩ ᠬᠤᠨᠭ᠌ ᠲᠣᠣ ᠶᠢᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠤᠨᠤᠰᠤᠬᠰᠠᠨ ᠪᠦᠬᠡᠳ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠠᠷ ᠲᠡᠪᠰᠢᠬᠦᠯᠦᠭᠰᠡᠳ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢᠨ ᠮᠠᠲ᠋ᠧᠷᠢᠶᠠᠯ ᠢ ᠦᠪᠡᠷ ᠲᠤ ᠨᠢ ᠦᠭᠪᠡ᠃   ᠬᠤᠷᠠᠯ ᠲᠡᠬᠡᠷ᠎ᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠨᠣᠣᠷᠠᠭ︶ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ ᠦᠪᠤᠷ ᠮᠤᠩᠭᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠵᠠᠩᠬᠢᠯᠠᠭ᠎ᠠ  ᠶᠢ ᠬᠢᠨᠠᠨ ᠵᠦᠪᠯᠡᠵᠡᠢ᠃   ᠬᠤᠷᠠᠯ ᠲᠡᠬᠡᠷ᠎ᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠥᠪᠯᠡᠬᠦ ᠵᠦᠢᠯ ︵ᠲᠥᠰᠥᠯ︶᠂ ᠶᠠᠪᠤᠴᠨ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠨᠡᠷᠡᠰ ︵ᠲᠥᠰᠥᠯ︶᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ ︵ᠲᠥᠰᠥᠯ︶᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠰᠤᠯᠠ ᠣᠷᠣᠯᠴᠠᠬᠤ ᠬᠥᠮᠥᠰ ᠤᠨ ᠨᠡᠷᠡᠰ ᠢ ᠬᠢᠨᠠᠨ ᠵᠥᠪᠯᠡᠭᠰᠡᠨ ᠪᠥᠭᠡᠳ ᠪᠠᠲᠤᠯᠠᠪᠠ᠃   ᠬᠤᠷᠠᠯ ᠲᠡᠬᠡᠷ᠎ᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠰᠠᠨᠠᠯ ᠵᠥᠪᠯᠡᠯᠭᠡ ᠳᠤᠷᠠᠳᠬᠤ ᠶᠢ ᠵᠣᠭᠰᠤᠭᠠᠬᠤ ᠴᠠᠭ ᠤᠨ ᠲᠤᠬᠠᠢ ᠲᠣᠭᠲᠠᠭᠠᠯ ︵ᠲᠥᠰᠥᠯ︶ ᠢ ᠬᠢᠨᠠᠨ ᠵᠥᠪᠯᠡᠭᠰᠡᠨ ᠪᠥᠭᠡᠳ ᠪᠠᠲᠤᠯᠠᠵᠠᠢ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠥᠪᠯᠡᠯᠭᠡ ᠶᠢ ᠪᠠᠲᠤᠯᠠᠬᠤ ᠠᠷᠭ᠎ᠠ ︵ᠲᠥᠰᠥᠯ︶᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡ ᠪᠦᠯᠦᠭ  ᠲᠤᠰᠬᠠᠢ ᠺᠣᠮᠢᠰ ᠤᠨ ᠡᠷᠬᠢᠯᠡᠭᠴᠢ ᠭᠡᠰᠢᠭᠦᠨ ᠤ ᠵᠢᠱᠢᠭᠳᠡᠭᠴᠢ ᠶᠢ ᠨᠡᠷ᠎ᠡ ᠳᠤᠷᠠᠳᠬᠤ ᠪᠠ ᠪᠠᠲᠤᠯᠠᠬᠤ ᠠᠷᠭ᠎ᠠ ︵ᠲᠥᠰᠥᠯ︶᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠪᠦᠷᠢᠯᠳᠦᠭᠦᠨ ᠳᠤ ᠲᠣᠬᠢᠷᠠᠭᠤᠯᠤᠯᠲᠠ ᠬᠢᠬᠦ ᠲᠤᠬᠠᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠣᠭᠲᠠᠭᠠᠯ ︵ᠲᠥᠰᠥᠯ︶ ᠢ ᠬᠢᠨᠠᠨ ᠵᠦᠪᠯᠡᠵᠤ ᠪᠠᠳᠤᠯᠠᠪᠠ᠃    ᠬᠤᠷᠠᠯ ᠲᠡᠬᠡᠷ᠎ᠡ ᠠᠢ ᠯᠢ ᠬᠤᠸᠠ ᠨᠥᠬᠦᠷ ᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠷᠭᠡᠨ ᠤ ᠪᠠ ᠬᠠᠷᠢᠶᠠᠲᠤ ᠨᠠᠷ ᠤᠨ ᠭᠠᠳᠠᠭᠠᠳᠤ ᠶᠠᠪᠤᠳᠠᠯ ᠤᠨ ᠵᠥᠪᠯᠡᠯ ᠤᠨ ᠡᠷᠬᠢᠯᠡᠭᠴᠢ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠲᠤᠬᠠᠢ  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ᠢ ᠬᠢᠨᠠᠨ ᠵᠦᠪᠯᠡᠵᠤ ᠪᠠᠲᠤᠯᠠᠵᠠᠢ    ᠬᠤᠷᠠᠯ ᠲᠡᠬᠡᠷ᠎ᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠭᠦᠸᠧ ᠰᠢᠨ ᠤ ᠬᠢᠭᠰᠡᠨ ᠨᠢᠬᠡ ᠪᠦᠯᠦᠭ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ ᠪᠠᠲᠤᠯᠠᠵᠠᠢ᠃   ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃    ᠯᠢᠨ ᠱᠤᠤ ᠴᠦᠨ ᠰᠢᠨ᠎ᠡ ᠪᠠᠷ ᠲᠤᠰᠢᠶᠠᠯ ᠳᠤ  ᠭᠠᠷᠤᠬᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ᠃    ᠰᠢᠨ᠎ᠡ ᠪᠠᠷ ᠲᠤᠰᠢᠶᠠᠯ ᠳᠤ  ᠭᠠᠷᠤᠬᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠬᠯᠠᠬᠰᠠᠨ ᠪᠠᠶᠢᠨ᠎ᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号