ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ  ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/1/9
ᠰᠦᠨ ᠱᠤᠤ ᠴᠧᠩ ᠬᠤᠷᠠᠯ ᠡᠷᠬᠢᠯᠡᠪᠡ   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ  ᠬᠢᠨ 1 ᠳ᠋ᠤᠬᠡᠷ ᠰᠠᠷ᠎ᠠ ᠶᠢᠨ 8 ᠤ ᠡᠳᠦᠷ ᠬᠤᠷᠠᠯ ᠬᠤᠷᠠᠯᠳᠤᠭᠤᠯᠵᠤ  ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠲᠥᠪ ᠬᠤᠷᠢᠶ᠎ᠠ ᠶᠢᠨ ᠵᠠᠷᠯᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠠᠶᠢᠳᠠᠪᠤᠷᠢᠵᠢᠭᠤᠯᠬᠤ ᠠᠷᠭ᠎ᠠ ᠶᠢ ᠪᠠᠶᠢᠷᠢᠯᠠᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ  ᠴᠢᠨᠠᠷᠵᠢᠭᠤᠨ ᠬᠤᠷᠠᠯᠳᠤᠭᠤᠯᠬᠤ ᠳᠤ ᠪᠠᠲᠤ ᠰᠠᠭᠤᠷᠢ ᠶᠢ ᠲᠠᠯᠪᠢᠯ᠎ᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃   ᠬᠤᠷᠠᠯ ᠲᠡᠬᠡᠷ᠎ᠡ᠄ ︽ᠰᠢ ᠶᠢᠨ ᠫᠢᠩ ᠶᠡᠷᠦᠩᠬᠡᠢ ᠱᠦᠵᠢ  ᠤ ᠴᠢᠬᠤᠯᠠ ᠶᠠᠷᠢᠶ᠎ᠠ ᠨᠢ ᠤᠳᠬ᠎ᠠ ᠭᠦᠨ᠂ ᠦᠵᠡᠯ ᠰᠠᠨᠠᠭ᠎ᠠ᠂ ᠥᠭᠦᠯᠡᠯᠲᠡ ᠭᠦᠨ ᠭᠦᠨᠵᠡᠭᠡᠢ᠂ ᠠᠮᠢᠳᠤ ᠴᠣᠪᠣᠭᠤᠯᠢᠭ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠪᠦᠬᠡᠳ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂  ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠪᠠ ᠬᠠᠨᠳᠤᠯᠭᠠᠲᠤ ᠴᠢᠨᠠᠷ ᠮᠠᠰᠢ ᠴᠢᠩᠭ᠎ᠠ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠨᠠᠮ ᠤᠨ ᠰᠠᠬᠢᠯᠭ᠎ᠠ  ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾ ᠬᠡᠯ᠎ᠡ᠃   ᠬᠤᠷᠠᠯ ᠲᠡᠬᠡᠷ᠎ᠡ᠄ ︽ᠪᠦᠬᠦ ᠣᠷᠣᠨ ᠤ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ  ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠣᠶᠢᠯᠠᠭᠠᠨ ᠡᠵᠡᠮᠰᠢᠵᠦ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ︿ᠬᠤᠶᠠᠷ ᠢ  ᠲᠤᠬᠳᠠᠭᠠᠬᠰᠠᠨ﹀ ᠢ ᠬᠦᠷᠢᠶᠡᠯᠡᠬᠦ᠂ ︿ᠬᠤᠶᠠᠷ ᠢ ᠬᠠᠮᠠᠭᠠᠯᠠᠬᠤ﹀ ᠢ ᠢᠮᠠᠭᠲᠠ ᠬᠠᠮᠤᠭ ᠤᠨ ᠶᠡᠭᠡ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠪᠣᠯᠭᠠᠵᠤ ᠴᠢᠩ ᠰᠡᠳᠬᠢᠯ ᠠᠴᠠ ᠪᠠᠨ ᠪᠠᠳᠤ ᠰᠠᠬᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠨ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠨᠠᠰᠤᠨ ᠲᠤᠷᠰᠢᠲᠠ ᠶᠢᠨ ᠵᠠᠪᠠᠯ ᠰᠤᠷᠬᠤ ᠬᠢᠴᠢᠶᠡᠯ ᠢᠶᠠᠨ ᠪᠣᠯᠭᠠᠵᠤ ᠲᠡᠭᠦᠨ ᠤ ᠳᠤᠮᠳᠠ ᠠᠴᠠ ᠨᠠᠮᠴᠢ ᠴᠢᠨᠠᠷ ᠤᠨ ᠰᠢᠮ᠎ᠡ ᠲᠡᠵᠢᠭᠡᠯ ᠢ ᠴᠢᠳᠠᠮᠠᠭᠠᠢ ᠰᠢᠩᠭᠡᠬᠡᠨ᠂ ᠵᠠᠰᠠᠭ ᠶᠠᠪᠤᠭᠤᠯᠬᠤ ᠶᠣᠰᠣ ᠶᠢ ᠣᠶᠢᠯᠠᠭᠠᠵᠤ ᠪᠡᠶᠡᠴᠢ ᠶᠢᠷᠲᠢᠨᠴᠦ ᠪᠠᠨ ᠥᠭᠡᠷᠡᠴᠢᠯᠡᠬᠦ᠂ ᠠᠵᠢᠯ ᠢᠶᠠᠨ ᠶᠡᠷᠦᠩᠬᠡᠶᠢᠯᠡᠨ ᠵᠢᠯᠤᠭᠤᠳᠬᠤ ᠪᠠ ᠠᠬᠢᠭᠤᠯᠬᠤ ᠳᠤ ᠨᠡᠩ ᠰᠠᠶᠢᠲᠤᠷ ᠬᠡᠷᠡᠭᠯᠡᠬᠦ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠵᠤ ᠵᠣᠷᠢᠭᠲᠠᠢ ᠪᠠᠷ ᠰᠢᠢᠳᠪᠦᠷᠢ ᠭᠠᠷᠭᠠᠨ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠳᠤ ᠬᠢ ᠠᠵᠢᠯ ᠢᠶᠠᠨ ᠰᠠᠶᠢᠲᠤᠷ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠬᠠᠷᠢᠶᠠᠯᠠᠭᠳᠠᠭᠰᠠᠳ ᠢ ᠴᠢᠩᠭ᠎ᠠ ᠬᠠᠮᠢᠶᠠᠷᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠣᠯᠭᠠᠵᠤ᠂ ᠪᠡᠶ᠎ᠡ ᠪᠠᠨ ᠴᠢᠩᠭ᠎ᠠ ᠱᠠᠭᠠᠷᠳᠠᠵᠤ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ︾ ᠭᠡᠵᠤ ᠲᠤᠷᠠᠳᠪᠠ᠃  ᠬᠤᠷᠠᠯ  ᠲᠡᠬᠡᠷ᠎ᠡ᠄ ︽ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ︿ᠭᠤᠷᠪᠠ ᠶᠢ ᠢᠯᠭᠠᠬᠤ﹀ ᠶᠢ ᠨᠠᠶᠢᠳᠠᠪᠤᠷᠢᠵᠢᠭᠤᠯᠵᠤ᠂ ᠬᠢᠨᠠᠨ ᠰᠢᠯᠭᠠᠵᠤ ᠦᠨᠡᠯᠡᠬᠦ᠂ ᠤᠨᠢᠨ ᠳᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ  ᠲᠡᠬᠦᠯᠳᠡᠷᠵᠢᠬᠦᠯᠤᠬᠡᠳ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠨᠡᠩ ᠰᠠᠶᠢᠲᠤᠷ ᠵᠣᠷᠢᠭᠵᠢᠭᠤᠯᠬᠤ ᠬᠡᠷᠡᠭᠲᠡᠢ᠃ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︿ᠲᠦᠷᠪᠡᠨ ᠪᠠᠶᠢᠳᠠᠯ﹀  ᠢ ᠰᠠᠶᠢᠲᠤᠷ ᠠᠰᠢᠭᠯᠠᠵᠤ᠂ ᠲᠡᠮᠦᠷ ᠮᠡᠲᠦ ᠰᠠᠬᠢᠯᠭ᠎ᠠ ᠪᠠᠲᠤ ᠪᠠᠷ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠯᠠᠪᠳᠠᠭᠤᠨ ᠠᠬᠢᠭᠤᠯᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ ᠨᠠᠮ ᠤᠨ ᠭᠡᠰᠢᠭᠦᠨ᠂ ᠺᠠᠳ᠋ᠷᠴᠤᠳ ᠢ ᠵᠢᠯᠤᠭᠤᠳᠴᠤ ᠪᠠᠶᠢᠭᠠᠳ ᠨᠠᠮ ᠤᠨ ᠰᠠᠬᠢᠯᠭ᠎ᠠ ᠶᠢ ᠡᠳᠦᠷ ᠲᠤᠳᠤᠮ ᠤᠨ ᠬᠡᠷᠡᠭᠴᠡᠭᠡ ᠲᠠᠢ ᠪᠣᠯᠪᠠᠴᠤ ᠦᠯᠤ ᠮᠡᠳᠡᠭᠳᠡᠬᠦ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ︾ ᠬᠡᠵᠡᠢ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号