ᠠᠷᠠᠳ ᠤᠨ ᠰᠦᠯᠵᠢᠶ᠎ᠡ᠄ ᠲᠦᠩᠯᠢᠶᠣᠣ ᠬᠤᠲᠠ ᠶᠢᠨ ᠵᠠᠷᠤᠳ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/1/9
   ᠵᠠᠷᠤᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ︽ᠠᠷᠠᠳ ᠤᠨ ᠶᠠᠪᠤᠳᠠᠯ ᠢ ᠠᠷᠠᠳ ᠤᠨ ᠲᠥᠯᠥᠭᠡ᠂ ᠠᠷᠠᠳ ᠤᠨ ᠶᠠᠪᠤᠳᠠᠯ ᠢ ᠠᠷᠠᠳ ᠢᠶᠠᠨ ᠬᠠᠶᠢᠷᠠᠯᠠᠬᠤ︾ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠨᠳᠦᠰᠦᠨ ᠪᠠᠳᠤᠯᠠᠭ᠎ᠠ ᠶᠢᠨ   ᠦᠷ᠎ᠡ ᠪᠦᠲᠦᠭᠡᠯ ᠢ ᠪᠠᠬᠢᠵᠢᠭᠦᠯᠦᠨ ᠥᠷᠭᠡᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠵᠤ᠂ ᠠᠷᠠᠳ ᠤᠨ ᠠᠮᠢᠳᠤᠷᠠᠯ  ᠤᠨ ᠦᠨᠳᠦᠰᠦᠨ  ᠪᠠᠳᠤᠯᠠᠭ᠎ᠠ  ᠶᠢ ᠲᠠᠰᠤᠷᠠᠯᠳᠡ ᠦᠭᠡᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡ ᠪᠠᠷ ᠭᠤᠣᠯ ᠪᠣᠯᠭᠠᠬᠤ ᠶᠢ ᠪᠠᠷᠢᠮᠲᠠᠯᠠᠵᠤ ᠠᠵᠤ ᠠᠬᠤᠢ ᠬᠦᠴᠢᠷᠳᠡᠯᠲᠡᠢ ᠨᠠᠰᠤᠲᠠᠶᠢᠴᠤᠳ ᠤᠨ ᠦᠨᠳᠦᠰᠦᠨ  ᠪᠠᠳᠤᠯᠠᠭ᠎ᠠ ᠶᠢᠨ ᠠᠵᠢᠯ ᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠤᠰᠬᠠᠶᠢᠵᠢᠭᠰᠠᠨ ᠵᠢᠷᠤᠮᠵᠢᠭᠰᠠᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠴᠢᠨᠠᠷᠯᠢᠭ  ᠬᠦᠭᠵᠢᠯᠳᠡ ᠶᠢ ᠤᠯᠠᠨ ᠠᠷᠭ᠎ᠠ ᠪᠠᠷ ᠠᠬᠢᠭᠤᠯᠤᠬᠰᠠᠨ ᠪᠠᠶᠢᠨ᠎ᠠ᠃    ᠵᠠᠷᠤᠳ ᠬᠤᠰᠢᠭᠤᠨ ᠤ ᠬᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠬᠤ ᠪᠠᠷ ᠪᠠᠷᠢᠴᠨ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠡᠭᠦᠯᠳᠡᠷᠵᠢᠭᠦᠯᠵᠦ᠂ 2024 ᠣᠨ ᠳᠤ 4 ᠪᠠᠯᠭᠠᠰᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ ᠬᠠᠮᠤᠷᠬᠤ ᠨᠣᠷᠮ᠎ᠠ  ᠨᠢ 67% ᠳᠤ ᠬᠥᠷᠪᠡ᠃ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 52 ᠪᠠᠶᠢᠵᠤ᠂ ᠪᠦᠷᠬᠦᠴᠡ ᠶᠢᠨ ᠨᠣᠷᠮ᠎ᠠ ᠨᠢ ᠮᠠᠯᠵᠢᠬᠤ ᠲᠠᠷᠢᠶᠠᠯᠠᠬᠤ ᠣᠷᠣᠨ ᠤ 9 ᠨᠠᠰᠤᠵᠢᠯ ᠤᠨ ᠠᠰᠠᠷᠠᠮᠵᠢ ᠶᠢᠨ ᠬᠠᠷᠢᠯᠴᠠᠨ ᠬᠠᠪᠰᠤᠷᠤᠯᠴᠠᠬᠤ ᠠᠰᠠᠷᠠᠮᠵᠢ ᠶᠢᠨ ᠬᠦᠷᠢᠶᠡᠯᠡᠩ ᠢ ᠰᠡᠯᠪᠢᠨ ᠵᠠᠰᠠᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠲᠥᠷᠥᠭᠳᠡᠯ ᠬᠦᠷᠲᠡᠮᠵᠢ ᠶᠢᠨ ᠲᠥᠷᠥᠭᠳᠡᠯ ᠢ  ᠦᠨᠡᠨ ᠬᠦ ᠲᠡᠭᠡᠰᠢᠯᠡᠬᠦᠯᠵᠤ ᠴᠢᠳᠠᠯ᠎ᠠ᠃    ᠭᠤᠷᠪᠠ ᠶᠢ ᠳᠡᠭᠡᠭᠰᠢᠯᠡᠭᠦᠯᠬᠦ ᠠᠴᠠ ᠡᠬᠦᠰᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠪᠠ  ᠲᠦᠪᠰᠢᠨ ᠢ ᠦᠨᠡᠨ ᠬᠦ ᠲᠡᠭᠡᠭᠰᠢᠯᠡᠬᠦᠯᠪᠡ᠃ ᠨᠢᠭᠡ ᠳᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠦᠯᠡᠳᠡᠪᠦᠷᠢ ᠣᠷᠣ ᠶᠢᠨ ᠠᠰᠢᠭᠯᠠᠯᠲᠠ ᠶᠢᠨ ᠨᠤᠷᠮ᠎ᠠ ᠶᠢ ᠲᠡᠭᠡᠭᠰᠢᠯᠡᠬᠦᠯᠪᠡ᠃ ᠨᠠᠰᠤᠲᠠᠨ ᠢ ᠠᠰᠠᠷᠠᠬᠤ ᠬᠦᠷᠢᠶᠡᠯᠡᠩ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠠᠵᠢᠯ ᠢ ᠵᠢᠯᠤᠭᠤᠳᠴᠤ᠂ ᠬᠠᠮᠢᠶᠠᠷᠤᠯᠲᠠ ᠦᠢᠯᠡᠴᠢᠯᠡᠭᠡᠨ ᠤ  ᠶᠠᠪᠤᠴᠨ ᠶᠢ ᠵᠢᠷᠤᠮᠵᠢᠭᠤᠯᠤᠨ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠷᠠᠳ ᠣᠯᠠᠨ ᠤ ᠣᠶᠢᠯᠠᠭᠠᠬᠤ ᠬᠡᠮᠵᠢᠶ᠎ᠡ ᠶᠢ  ᠲᠡᠭᠡᠭᠰᠢᠯᠡᠬᠦᠯᠪᠡ ᠃ 2024 ᠣᠨ ᠤ 10 ᠳ᠋ᠤᠭᠠᠷ ᠰᠠᠷ᠎ᠠ ᠳᠤ ᠪᠠᠶᠠᠨᠲᠠᠯ᠎ᠠ ᠶᠢᠨ ᠨᠠᠰᠤᠲᠠᠨ ᠢ ᠠᠰᠠᠷᠠᠬᠤ ᠬᠦᠷᠢᠶᠡᠯᠡᠩ ᠢ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠬᠡᠯᠪᠡᠷᠢ ᠪᠠᠷ ᠠᠰᠢᠭᠯᠠᠯᠲᠠ ᠳᠤ ᠣᠷᠣᠭᠤᠯᠵᠤ᠂ ᠣᠳᠣᠬᠠᠨ ᠳᠤ ᠨᠢᠭᠡᠨᠲᠡ 10 ᠨᠠᠰᠤᠲᠠᠨ ᠢ ᠰᠠᠭᠤᠯᠭᠠᠪᠠ᠃ ᠬᠤᠶᠠᠷ ᠲᠤ᠂ ᠨᠡᠶᠢᠭᠡᠮ ᠲᠣᠭᠤᠷᠢᠭ ᠤᠨ ᠭᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠤᠨ᠂ ᠨᠡᠶᠢᠭᠡᠮ ᠤᠨ ᠬᠦᠴᠦᠨ ᠢ ᠵᠢᠯᠤᠭᠤᠳᠴᠤ ᠪᠠᠶᠢᠭᠠᠳ ᠨᠠᠰᠤᠵᠢᠯ ᠤᠨ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠲᠤ ᠣᠷᠣᠯᠴᠠᠭᠤᠯᠵᠤ᠂ ᠣᠲᠣ ᠶᠢᠨ ᠪᠠᠶᠢᠭ᠎ᠠ ᠨᠠᠰᠤᠵᠢᠯ ᠤᠨ ᠠᠳᠠᠯ ᠠᠬᠤᠢ ᠶᠢᠨ ᠠᠵᠤ ᠠᠬᠤᠶᠢᠯᠠᠯ ᠤᠨ ︽ᠨᠠᠰᠤᠵᠢᠯ ᠤᠨ ᠠᠰᠠᠷᠠᠮᠵᠢ + ᠭᠡᠷ ᠤᠨ ᠶᠠᠪᠤᠳᠠᠯ︾ ᠤᠨ ᠦᠢᠯᠡᠴᠢᠯᠡᠭᠡᠨ ᠤ ︵ᠲᠥᠪ︶ ᠥᠷᠲᠡᠭᠡ ᠪᠠᠶᠢᠭᠤᠯᠬᠤ ᠶᠢ ᠠᠬᠢᠭᠤᠯᠵᠤ ᠵᠠᠷᠤᠳ ᠬᠤᠰᠢᠭᠤᠨ ᠳᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠠᠰ ᠤᠨ ᠨᠠᠰᠤᠵᠢᠯ ᠤᠨ ᠦᠢᠯᠡᠴᠢᠯᠡᠭᠡᠨ ᠤ ᠲᠥᠪ 1᠂ ᠨᠡᠶᠢᠭᠡᠮ ᠲᠣᠭᠤᠷᠢᠭ ᠤᠨ ᠲᠠᠰ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ 5  ᠪᠠᠶᠢᠭᠤᠯᠪᠠ᠃ ᠡᠭᠦᠨ ᠳᠤ 1 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠ 3 ᠨᠡᠶᠢᠭᠡᠮ ᠲᠣᠭᠤᠷᠢᠭ ᠤᠨ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠲᠣᠰ ᠲᠣᠰ 3 ᠨᠠᠰᠤᠵᠢᠯ ᠤᠨ ᠠᠰᠠᠷᠠᠮᠵᠢ ᠶᠢᠨ ᠭᠡᠷ ᠠᠬᠤᠢ ᠶᠢᠨ ᠠᠵᠤ ᠠᠬᠤᠶᠢᠯᠠᠯ ᠠᠴᠠ ᠡᠵᠡᠩᠨᠡᠵᠦ᠂ ᠣᠶᠢᠷ᠎ᠠ ᠬᠠᠪᠢ ᠶᠢᠨ ᠨᠠᠰᠤᠲᠠᠶᠢᠴᠤᠳ ᠲᠤ ᠬᠤᠭᠤᠯᠠ ᠤᠮᠳᠠ᠂ ᠵᠤᠭ᠎ᠠ ᠴᠡᠩᠭᠡᠬᠦᠨ᠂ ᠴᠡᠪᠡᠷᠯᠡᠭᠡ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠮᠴᠢᠯᠡᠭᠡ ᠳᠤ ᠲᠤᠰᠠᠯᠠᠬᠤ᠂ ᠬᠤᠳᠠᠯᠳᠤᠨ ᠠᠪᠬᠤ ᠳᠤ ᠲᠤᠰᠠᠯᠠᠬᠤ᠂ ᠶᠠᠪᠤᠵᠤ ᠰᠠᠭᠤᠬᠤ ᠳᠤ ᠲᠤᠰᠠᠯᠠᠬᠤ ᠵᠡᠷᠭᠡ ᠦᠢᠯᠡᠴᠢᠯᠡᠭᠡ ᠶᠢ ᠦᠷᠬᠡᠳᠬᠡᠪᠡ᠃ ᠭᠤᠷᠪᠠ ᠳᠤ᠂ ᠨᠠᠰᠤᠵᠢᠯ ᠤᠨ ᠦᠢᠯᠡᠴᠢᠯᠡᠭᠡᠨ ᠤ ᠠᠮᠤᠷ ᠲᠦᠪᠰᠢᠨ ᠢ ᠪᠠᠲᠤᠯᠠᠬᠤ ᠲᠦᠪᠰᠢᠨ ᠢ ᠲᠡᠭᠡᠭᠰᠢᠯᠡᠬᠦᠯᠪᠡ᠃ 154 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠠᠷᠤᠳ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠲᠥᠪ᠂ ︽ᠠᠱᠢᠳᠠᠢ︾ ᠨᠠᠰᠤᠲᠠᠨ ᠢ ᠠᠰᠠᠷᠠᠬᠤ ᠬᠦᠷᠢᠶᠡᠯᠡᠩ᠂ ᠪᠠᠶᠠᠷᠲᠤᠬᠤᠰᠢᠭᠤ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ᠂ ᠪᠠᠶᠠᠨᠲᠠᠯ᠎ᠠ ᠶᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠭᠠᠯ ᠤᠨᠲᠠᠷᠠᠭᠠᠬᠤ  ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢ ᠤᠯᠠᠮ ᠪᠦᠷᠢᠨ ᠲᠤᠬᠢᠷᠠᠭᠤᠯᠤᠭᠠᠳ ᠬᠤᠭᠤᠴᠠᠭ᠎ᠠ ᠨᠢ ᠲᠤᠯᠤᠬᠰᠠᠨ ᠪᠤᠶᠤ  ᠪᠤᠶᠤ ᠬᠤᠭᠤᠴᠠᠭ᠎ᠠ ᠨᠢ ᠥᠩᠭᠡᠷᠡᠭᠰᠡᠨ ᠭᠠᠯ ᠤᠨᠲᠠᠷᠠᠭᠠᠭᠤᠷ᠂ ᠣᠲᠤᠭ᠎ᠠ ᠮᠠᠨᠠᠨ ᠤ ᠲᠦᠭᠰᠢᠭᠦᠷᠢ ᠮᠡᠳᠡᠭᠡᠯᠡᠬᠦ ᠮᠠᠰᠢᠨ ᠵᠡᠷᠭᠡ ᠭᠠᠯ ᠤᠨᠲᠠᠷᠠᠭᠠᠬᠤ ᠪᠠᠭᠠᠵᠢ ᠶᠢ ᠰᠢᠨᠡᠳᠬᠡᠪᠡ᠃ ᠭᠠᠯ ᠤᠨᠲᠠᠷᠠᠭᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠨᠠᠰᠤᠵᠢᠯ ᠤᠨ ᠬᠦᠷᠢᠶ᠎ᠡ ᠴᠠᠷᠠᠭ᠎ᠠ ᠳᠤ ᠬᠢ ᠠᠮᠤᠷ ᠲᠦᠪᠰᠢᠨ ᠤ ᠲᠤᠰᠬᠠᠢ ᠲᠥᠷᠥᠯ ᠤᠨ ᠪᠠᠶᠢᠴᠠᠭᠠᠯᠲᠠ  ᠶᠢ ᠥᠷᠨᠢᠭᠦᠯᠵᠦ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤ ᠨᠢ ᠠᠰᠠᠭᠤᠵᠤ ᠬᠠᠷᠢᠭᠤᠯᠬᠤ᠂ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠵᠡᠷᠭᠡ ᠠᠷᠭ᠎ᠠ ᠪᠠᠷ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ᠂ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠵᠡᠷᠭᠡ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠵᠢᠯᠤᠭᠤᠳᠤᠭᠠᠳ ᠠᠰᠠᠷᠠᠮᠵᠢ ᠶᠢᠨ ᠬᠦᠷᠢᠶᠡᠯᠡᠩ ᠳᠤ ᠰᠠᠭᠤᠵᠤ ᠪᠠᠶᠢᠭ᠎ᠠ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠨ ᠵᠠᠷᠤᠳ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ  ᠴᠢᠨᠠᠷᠯᠢᠭ ᠬᠥᠭᠵᠢᠯᠲᠡ ᠶᠢ ᠰᠢᠨ᠎ᠡ ᠱᠠᠲᠤᠨ ᠳᠤ ᠤᠷᠤᠭᠤᠯᠬᠤ ᠳᠤ ᠬᠦᠴᠤ ᠪᠠᠨ ᠡᠷᠬᠦᠵᠡᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号