ᠴᠢᠬᠤᠯᠠ ᠮᠡᠳᠡᠭᠡ | | | ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠦᠭᠵᠢᠬᠦᠯᠤᠯᠳᠡ ᠶᠢ ᠭᠦᠨᠵᠡᠭᠡᠶᠢᠷᠡᠭᠦᠯᠬᠦ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ᠢ 1 ᠳ᠋ᠤᠬᠡᠷ ᠰᠠᠷ᠎ᠠ ᠶᠢᠨ 7 ᠤ ᠡᠳᠤᠷ ᠨᠡᠶᠢᠳᠡᠯᠡᠪᠡ᠃ ︽ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠭᠡᠷᠡᠴᠢᠯᠡᠯᠲᠡ ᠬᠦᠭᠵᠢᠬᠦᠯᠤᠯᠳᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ᠄ ︽2029 ᠣᠨ | ᠪᠣᠯᠬᠤ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠦᠨᠳᠦᠰᠦᠨ ᠳᠤ ᠪᠠᠨ ᠪᠠᠶᠢᠭᠤᠯᠤᠨ᠂ | ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢ ᠢᠯᠡᠳᠲᠡ ᠨᠡᠮᠡᠭᠳᠡᠭᠦᠯᠦᠨ᠂ ᠪᠠᠭᠲᠠᠭᠠᠮᠵᠢ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠢᠯᠡᠳᠲᠡ ᠠᠬᠢᠴᠠ ᠲᠠᠢ ᠪᠣᠯᠭᠠᠵᠤ᠂ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ | 2035 ᠣᠨ ᠪᠣᠯᠬᠤ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠨᠠᠩ | ᠲᠡᠬᠦᠯᠳᠡᠷᠵᠢᠬᠦᠯᠤᠨ ᠦᠢᠯᠡᠴᠢᠯᠡᠭᠡᠨ ᠤ ᠬᠠᠩᠭᠠᠯᠭ᠎ᠠ ᠪᠠ ᠬᠡᠷᠡᠭᠴᠡᠭᠡ ᠶᠢ ᠨᠠᠩ ᠵᠣᠬᠢᠴᠠᠩᠭᠤᠢ ᠪᠠᠷ ᠲᠣᠬᠢᠷᠠᠭᠤᠯᠤᠨ | ᠪᠥᠬᠦ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠡᠳ᠋ᠯᠡᠬᠦᠯᠤᠬᠡᠳ ᠮᠠᠨ ᠤ | ᠤᠯᠤᠰ ᠤᠨ ᠪᠠᠶᠢᠳᠠᠯ ᠳᠤ ᠲᠣᠬᠢᠷᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠬᠡᠪᠰᠢᠬᠦᠯᠬᠦ | ᠬᠡᠷᠡᠭᠳᠡᠢ︾ ᠭᠡᠵᠤ ᠲᠤᠷᠠᠳᠤᠬᠰᠠᠨ ᠪᠠᠶᠢᠨ᠎ᠠ᠃ | | ᠠᠷᠠᠳ ᠤᠨ ᠶᠠᠪᠤᠳᠠᠯ ᠤᠨ ᠶᠠᠮᠤᠨ | | ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠬᠢᠨ ᠤᠷᠴᠢᠮ ᠳᠤ 2024 ᠣᠨ ᠤ ᠠᠷᠠᠳ ᠤᠨ | ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠰᠣᠯᠢᠯᠴᠠᠭᠠᠨ ᠤ ᠦᠵᠡᠭᠦᠯᠦᠯᠭᠡ ᠶᠢᠨ ᠨᠡᠷᠡᠰ ᠢ | ᠨᠡᠶᠢᠳᠡᠯᠡᠬᠡᠳ ᠰᠣᠯᠢᠯᠴᠠᠭᠠᠨ ᠤ ᠦᠵᠡᠭᠦᠯᠦᠯᠭᠡ ᠶᠢᠨ 26 ᠲᠥᠷᠥ ᠶᠢᠨ ᠪᠣᠳᠣᠯᠭ᠎ᠠ ᠶᠢ ᠲᠤᠬᠳᠠᠭᠠᠬᠰᠠᠨ ᠤ ᠲᠤᠳᠤᠷ᠎ᠠ | ᠮᠤᠵᠢ ᠶᠢᠨ ᠱᠠᠲᠤᠨ ᠤ 9᠂ ᠬᠤᠲᠠ ᠶᠢᠨ ᠱᠠᠲᠤᠨ ᠤ 9᠂ ᠰᠢᠶᠠᠨ ᠤ ᠱᠠᠲᠤᠨ ᠤ 8 ᠪᠣᠶ᠃ | | | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠳᠡᠭᠡᠳᠦ ᠵᠡᠷᠭᠡ ᠶᠢᠨ ᠨᠡᠶᠢᠭᠡᠮ ᠤᠨ | ᠠᠵᠢᠯᠲᠠᠨ ᠤ ᠰᠢᠯᠭᠠᠷᠠᠭᠤᠯᠤᠯᠲᠠ ᠤᠷᠴᠢᠮ ᠳᠤ ᠳᠠᠭᠤᠰᠴᠤ᠂ ᠮᠠᠨ ᠤ ᠣᠷᠣᠨ ᠤ 7 ᠬᠥᠮᠥᠨ ᠰᠢᠯᠭᠠᠷᠠᠭᠤᠯᠤᠯᠲᠠ ᠳᠤ | ᠬᠢᠷᠢ ᠲᠡᠩᠴᠡᠪᠡ᠃ ᠣᠲᠣ ᠮᠠᠨ ᠤ ᠣᠷᠣᠨ ᠳᠤ ᠳᠡᠭᠡᠳᠦ ᠵᠡᠷᠭᠡ ᠶᠢᠨ ᠨᠡᠶᠢᠭᠡᠮ ᠤᠨ ᠠᠵᠢᠯᠲᠠᠨ ᠤ | ᠰᠢᠯᠭᠠᠷᠠᠭᠤᠯᠤᠯᠲᠠ ᠳᠤ ᠬᠢᠷᠢ ᠲᠡᠩᠴᠡᠭᠰᠡᠳ 16 ᠪᠤᠢ ᠶᠢᠨ ᠲᠤᠳᠤᠷ᠎ᠠ ᠠᠷᠠᠳ ᠤᠨ ᠶᠠᠪᠤᠳᠠᠯ ᠤᠨ ᠰᠢᠰᠲ᠋ᠧᠮ ᠠᠴᠠ | 10 ᠬᠥᠮᠥᠨ ᠪᠤᠢ᠃ | | | ᠨᠠᠰᠤᠵᠢᠯ ᠤᠨ ᠦᠢᠯᠡᠴᠢᠯᠡᠭᠡ | | | ᠬᠥᠯᠥᠨ ᠪᠤᠶᠢᠷ ᠬᠤᠳᠠ ᠶᠢᠨ ᠬᠢᠨ 2024 ᠣᠨ ᠳᠤ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠢ | ᠪᠤᠯᠭᠤᠭᠠᠨ ᠬᠠᠯᠠᠮᠵᠢᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ︽ᠨᠠᠰᠤᠲᠠᠶᠢᠴᠤᠳ ᠢ ᠬᠠᠯᠠᠮᠵᠢᠯᠠᠬᠤ ᠭᠠᠷᠠᠭ | ᠪᠦᠷᠢ ᠶᠢᠨ ᠠᠶᠠᠯᠠᠯ︾ ᠵᠡᠷᠭᠡ ᠬᠠᠯᠠᠮᠵᠢᠯᠠᠬᠤ ᠦᠢᠯᠡᠴᠢᠯᠡᠭᠡᠨ ᠤ ᠤᠯᠠᠨ ᠲᠦᠷᠦᠯ ᠲᠡᠮᠳᠡᠭ ᠢ ᠡᠬᠦᠳᠤᠬᠡᠳ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠴᠢᠨ ᠢᠶᠠᠷ ᠬᠥᠭᠦᠷᠭᠡ ᠪᠣᠯᠭᠠᠨ ᠨᠠᠰᠤᠵᠢᠯ ᠤᠨ | ᠦᠢᠯᠡᠴᠢᠯᠡᠭᠡᠨ ᠤ ᠴᠢᠳᠠᠪᠬᠢ ᠶᠢ ᠥᠷᠭᠡᠳᠬᠡᠵᠦ ᠭᠤᠷᠪᠠᠨ ᠳᠡᠰ ᠤᠨ ᠦᠢᠯᠡᠴᠢᠯᠡᠭᠡᠨ ᠤ ᠲᠤᠤᠷᠵᠢᠯ ᠢ | ᠨᠡᠪᠳᠡᠷᠡᠬᠦᠯᠤᠬᠡᠳ ᠰᠢᠨ᠎ᠡ ᠶᠢ ᠡᠭᠦᠳᠴᠦ ︽ᠲᠠᠩ ᠬᠡᠯᠪᠡᠷᠢ︾ ᠶᠢᠨ ᠦᠢᠯᠡᠴᠢᠯᠡᠭᠡ ᠶᠢ ᠬᠡᠷᠡᠭᠵᠢᠭᠦᠯᠵᠦ ᠢᠳᠡᠪᠬᠢᠲᠡᠢ | ᠦᠷ᠎ᠡ ᠪᠦᠲᠦᠮᠵᠢ ᠣᠯᠵᠠᠢ᠃ ᠪᠥᠬᠦ ᠵᠢᠯ ᠳᠤ 3770 ᠨᠠᠰᠤᠲᠠᠶᠢᠴᠤᠳ ᠢ ᠬᠠᠯᠠᠮᠵᠢᠯᠠᠨ᠂ 264 ᠨᠠᠰᠤᠲᠠᠶᠢᠴᠤᠳ ᠢ | ᠲᠤᠰᠠᠯᠠᠵᠤ᠂ 12.71 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠪᠠ᠃ | | | ᠬᠡᠦᠬᠡᠳ ᠤᠨ ᠠᠰᠠᠷᠠᠮᠵᠢ | | | ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ | ᠬᠡᠦᠬᠡᠳ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠬᠦᠯᠳᠡᠷᠵᠢᠬᠦᠯᠤᠨ | ᠬᠡᠦᠬᠡᠳ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠪᠠ ᠲᠦᠭᠡᠮᠡᠯ ᠬᠠᠷᠠᠭᠠᠯᠵᠠᠯ ᠤᠨ | ᠴᠢᠨᠠᠷᠲᠠᠢ ᠦᠨᠳᠦᠰᠦᠨ ᠪᠤᠰᠤ ᠦᠢᠯᠡᠴᠢᠯᠡᠭᠡᠨ ᠤ ᠨᠠᠷᠢᠨ ᠬᠠᠭᠤᠳᠠᠰᠤ ᠶᠢ ᠰᠦᠪᠡᠭᠴᠢᠯᠡᠨ ᠪᠠᠶᠢᠭᠤᠯᠪᠠ᠃ ᠬᠤᠲᠠ᠂ | ᠰᠢᠶᠠᠨ ᠤ ᠨᠠᠰᠤᠨ ᠳᠤ ᠥᠯᠥ ᠭᠦᠷᠦᠭᠰᠡᠳ ᠢ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠠᠷ ᠵᠢᠯᠣᠭᠤᠳᠤᠯᠭ᠎ᠠ | ᠪᠣᠯᠭᠠᠵᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠬᠡᠦᠬᠡᠳ ᠤᠨ ᠬᠢᠨᠠᠨ | ᠵᠢᠯᠣᠭᠤᠳᠤᠭᠴᠢ ᠪᠠᠷ ᠵᠢᠯᠣᠭᠤᠳᠤᠯᠭ᠎ᠠ ᠪᠣᠯᠭᠠᠵᠤ ᠲᠣᠰᠬᠤᠨ ︵ᠨᠡᠶᠢᠭᠡᠮ ᠲᠣᠭᠤᠷᠢᠭ︶ ᠤ ᠬᠡᠦᠬᠡᠳ ᠤᠨ ᠡᠷᠬᠢᠯᠡᠭᠴᠢ᠂ | ᠦᠨᠳᠦᠰᠦᠨ ᠱᠠᠲᠤᠨ ᠤ ᠰᠦᠯᠵᠢᠶᠡᠨ ᠤ ᠠᠵᠢᠯᠲᠠᠨ ᠢᠶᠠᠷ ᠰᠠᠭᠤᠷᠢ ᠪᠣᠯᠭᠠᠭᠰᠠᠨ ᠲᠠᠪᠤᠨ ᠱᠠᠲᠤᠨ ᠤ ᠬᠡᠦᠬᠡᠳ ᠤᠨ | ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠪᠠᠶᠢᠭᠤᠯᠪᠠ᠃ ᠢᠯᠡᠷᠡᠭᠦᠯᠦᠨ ᠰᠡᠷᠡᠮᠵᠢᠯᠡᠭᠦᠯᠬᠦ᠂ ᠬᠠᠷᠠᠭᠠᠯᠵᠠᠨ | ᠬᠠᠮᠠᠭᠠᠯᠠᠵᠤ ᠲᠡᠳᠬᠦᠬᠦ᠂ ᠬᠠᠷᠢᠭᠤᠴᠠᠯᠭ᠎ᠠ ᠪᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠵᠣᠬᠢᠴᠠᠭᠤᠯᠤᠨ | ᠬᠤᠯᠪᠤᠭᠠᠯᠠᠨ ᠬᠥᠳᠡᠯᠦᠯᠴᠡᠬᠦ ᠵᠡᠷᠭᠡ ᠭᠡᠷ ᠲᠤ ᠪᠠᠨ ᠬᠤᠴᠣᠷᠤᠭᠰᠠᠨ ᠬᠡᠦᠬᠡᠳ ᠢ ᠬᠠᠯᠠᠮᠵᠢᠯᠠᠬᠤ ︽ᠳᠥᠷᠪᠡᠨ | ᠲᠣᠭᠲᠠᠴᠠ︾ ᠶᠢ ᠲᠡᠬᠦᠯᠳᠡᠷᠵᠢᠬᠦᠯᠤᠬᠡᠳ ᠨᠠᠷᠢᠯᠢᠭ ᠣᠨᠣᠴᠠᠲᠠᠢ ᠪᠠᠳᠤᠯᠠᠵᠤ ᠴᠢᠳᠠᠪᠠ᠃ | | | | | | | | | |