ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠠᠴᠠ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠲᠣᠭᠲᠠᠭᠤᠨ ᠨᠡᠮᠡᠭᠳᠡᠯ ᠪᠠ ᠦᠢ᠍ᠯᠡᠴᠢᠯᠡᠭᠡᠨ᠎ᠤ ᠦᠢ᠍ᠯᠡᠰ᠎ᠤᠨ ᠣᠨᠴᠠᠭ᠋ᠠᠢ ᠬᠦᠴᠢᠷᠳᠡᠯ᠎ᠲᠠᠢ ᠠᠵᠢᠯ ᠲᠥᠷᠥᠯ᠎ᠤᠨ ᠬᠦᠴᠢᠷᠳᠡᠯ᠎ᠢ᠎ᠨᠢ ᠰᠢᠢ᠍ᠳᠪᠦᠷᠢᠯᠡᠨ ᠬᠦᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠪᠠ᠃ 2 ᠳ᠋ᠤᠭ᠋ᠠᠷ ᠰᠠᠷ᠎ᠠ ᠵᠢᠨ 18᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠵᠢ ᠲᠠᠨᠢᠯᠴᠠᠭᠤᠯᠪᠠ᠂ ᠬᠠᠮᠲᠤ᠎ᠪᠠᠷ ᠦᠵᠡᠶ᠎ᠡ —
ᠠᠰᠠᠭᠤᠯᠲᠠ᠄ ᠢᠳᠡᠭᠡᠨ ᠤᠮᠳᠠᠭ᠋ᠠᠨ᠎ᠤ ᠦᠢ᠍ᠯᠡᠰ᠂ ᠵᠢᠵᠢᠭᠯᠡᠨ ᠬᠤᠳᠠᠯᠳᠤᠬᠤ ᠦᠢ᠍ᠯᠡᠰ᠂ ᠵᠢᠭᠤᠯᠴᠢᠯᠠᠯ᠎ᠤᠨ ᠦᠢ᠍ᠯᠡᠰ᠂ ᠵᠠᠰᠠᠮᠠᠯ ᠵᠠᠮ ᠤᠰᠤᠨ ᠵᠠᠮ ᠲᠡᠮᠦᠷ ᠵᠠᠮ᠎ᠤᠨ ᠲᠡᠭᠡᠭᠡᠪᠦᠷᠢ ᠵᠢᠨ ᠦᠢ᠍ᠯᠡᠰ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠦᠢ᠍ᠯᠡᠰ ᠵᠡᠷᠭᠡ ᠲᠠᠪᠤᠨ ᠠᠵᠢᠯ ᠲᠥᠷᠥᠯ᠎ᠳᠤ ᠴᠢᠭᠯᠡᠭᠦᠯᠦᠨ ᠶᠠᠮᠠᠷ ᠶᠠᠮᠠᠷ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠪᠣᠶ?
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠄
ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠪᠣᠶ ᠪᠥᠬᠦᠶ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠲᠥᠷᠥᠯ᠎ᠳᠤ ᠴᠥᠮ ᠬᠡᠷᠡᠭᠯᠡᠵᠦ ᠪᠣᠯᠬᠤ 10 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠭᠰᠠᠨ᠎ᠠᠴᠠ ᠭᠠᠳᠠᠨ᠎ᠠ ᠬᠢᠵᠢᠭ᠎ᠤᠨ ᠪᠠᠶ᠋ᠢᠳᠠᠯ᠎ᠳᠤ ᠬᠦᠨᠳᠦ ᠨᠣᠴᠢᠲᠠᠢ ᠨᠦᠯᠦᠭᠡᠯᠡᠭᠳᠡᠭᠰᠡᠨ᠂ ᠠᠵᠢᠯ ᠣᠯᠭᠤᠯᠲᠠ ᠵᠢᠨ ᠪᠠᠭᠲᠠᠭ᠋ᠠᠮᠵᠢ᠎ᠪᠠᠷ ᠶᠡᠭᠡ ᠢᠳᠡᠭᠡᠨ ᠤᠮᠳᠠᠭ᠋ᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠵᠠᠰᠠᠮᠠᠯ ᠵᠠᠮ ᠤᠰᠤᠨ ᠵᠠᠮ ᠲᠡᠮᠦᠷ ᠵᠠᠮ᠎ᠤᠨ ᠲᠡᠭᠡᠭᠡᠪᠦᠷᠢ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠲᠠᠪᠤᠨ ᠣᠨᠴᠠᠭ᠋ᠠᠢ ᠬᠦᠴᠢᠷᠳᠡᠯ᠎ᠲᠠᠢ ᠠᠵᠢᠯ ᠲᠥᠷᠥᠯ᠎ᠳᠤ ᠴᠢᠭᠯᠡᠭᠦᠯᠦᠨ᠂ ᠬᠦᠴᠢᠷᠳᠡᠯ᠎ᠢ ᠰᠢᠢ᠍ᠳᠪᠦᠷᠢᠯᠡᠬᠦ ᠨᠠᠩ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠶ᠃
· ᠢᠳᠡᠭᠡᠨ ᠤᠮᠳᠠᠭ᠋ᠠᠨ᠎ᠤ ᠦᠢ᠍ᠯᠡᠰ᠎ᠲᠤ ᠴᠢᠭᠯᠡᠭᠦᠯᠦᠨ᠂ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠨ ᠠᠵᠢᠯᠲᠠᠨ ᠪᠠ ᠠᠵᠢᠯᠴᠢᠨ᠎ᠤ ᠲᠣᠭᠲᠠᠮᠠᠯ ᠬᠤᠭᠤᠴᠠᠭ᠎ᠠ᠎ᠲᠠᠢ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ᠎ᠳᠤ᠎ᠨᠢ ᠨᠥᠬᠦᠪᠥᠷᠢ ᠥᠭᠭᠦᠨ ᠳᠡᠮᠵᠢᠯᠭᠡ ᠦᠵᠡᠭᠦᠯᠵᠦ᠂ ᠵᠠᠬᠢᠶᠠᠯᠠᠭ᠎ᠠ ᠵᠢᠨ ᠬᠤᠭᠤᠯᠠ ᠵᠡᠷᠭᠡ ᠢᠨᠲ᠋ᠧᠷ ᠰᠦᠯᠵᠢᠶᠡᠨ᠎ᠤ ᠲᠠᠪᠴᠠᠩ᠎ᠤᠨ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠢᠳᠡᠭᠡᠨ ᠤᠮᠳᠠᠭ᠋ᠠᠨ᠎ᠤ ᠦᠢ᠍ᠯᠡᠰ᠎ᠤᠨ ᠬᠤᠳᠠᠯᠳᠤᠭ᠋ᠠᠨ᠎ᠤ ᠡᠷᠦᠬᠡ ᠵᠢᠨ ᠦᠢ᠍ᠯᠡᠴᠢᠯᠡᠭᠡᠨ᠎ᠤ ᠰᠦᠢ᠍ᠳᠬᠡᠯ᠎ᠤᠨ ᠪᠠᠷᠢᠮᠵᠢᠶ᠎ᠠ ᠵᠢ ᠤᠯᠠᠮ ᠨᠢᠭᠡ ᠠᠯᠬᠤᠮ ᠪᠠᠭᠤᠷᠠᠭᠤᠯᠤᠨ ᠂ ᠬᠠᠮᠢᠶ᠎ᠠ ᠪᠥᠬᠦᠶ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ ᠵᠡᠷᠭᠡ 7 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
· ᠵᠢᠵᠢᠭᠯᠡᠨ ᠬᠤᠳᠠᠯᠳᠤᠬᠤ ᠦᠢ᠍ᠯᠡᠰ᠎ᠲᠤ ᠴᠢᠭᠯᠡᠭᠦᠯᠦᠨ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠪᠠᠯᠠ ᠮᠥᠩᠭᠦ ᠵᠢ ᠠᠰᠢᠭᠯᠠᠨ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠥᠷᠨᠢᠭᠦᠯᠬᠦ ᠵᠢ ᠳᠡᠮᠵᠢᠵᠦ᠂ ᠲᠠᠷᠢᠶᠠᠯᠠᠩ᠎ᠤᠨ ᠪᠦᠲᠦᠭᠡᠭᠳᠡᠬᠦᠨ᠎ᠤ ᠭᠦᠢ᠍ᠯᠭᠡᠭᠡᠨ᠎ᠤ ᠭᠤᠣᠯᠯᠠᠭᠴᠢ ᠲᠣᠤᠷ ᠰᠦᠯᠵᠢᠶ᠎ᠡ ᠵᠢ ᠲᠡᠭᠦᠯᠳᠡᠷᠵᠢᠭᠦᠯᠬᠦ ᠵᠡᠷᠭᠡ 6 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃
· ᠵᠢᠭᠤᠯᠴᠢᠯᠠᠯ᠎ᠤᠨ ᠦᠢ᠍ᠯᠡᠰ᠎ᠲᠤ ᠴᠢᠭᠯᠡᠭᠦᠯᠦᠨ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠦ ᠵᠢ ᠲᠦᠷ ᠪᠤᠴᠠᠭ᠋ᠠᠬᠤ᠂ ᠵᠢᠭᠤᠯᠴᠢᠯᠠᠭᠴᠢᠳ᠎ᠲᠤ ᠦᠢ᠍ᠯᠡᠴᠢᠯᠡᠬᠦ ᠭᠠᠵᠠᠷ᠎ᠤᠨ ᠲᠣᠭᠲᠠᠭ᠋ᠠᠯ᠎ᠳᠤ ᠨᠡᠶ᠋ᠢᠴᠡᠭᠰᠡᠨ ᠠᠯᠪᠠᠨ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠴᠢᠨ᠎ᠤ ᠡᠪᠯᠡᠯ᠎ᠤᠨ ᠠᠵᠢᠯᠯᠠᠭ᠎ᠠ ᠵᠢ ᠲᠣᠰ᠎ᠤᠨ ᠠᠪᠬᠤ ᠵᠢ ᠳᠡᠮᠵᠢᠬᠦ ᠵᠡᠷᠭᠡ 7 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
· ᠵᠠᠰᠠᠮᠠᠯ ᠵᠠᠮ ᠤᠰᠤᠨ ᠵᠠᠮ ᠲᠡᠮᠦᠷ ᠵᠠᠮ᠎ᠤᠨ ᠲᠡᠭᠡᠭᠡᠪᠦᠷᠢ ᠵᠢᠨ ᠦᠢ᠍ᠯᠡᠰ ᠲᠤ ᠴᠢᠭᠯᠡᠭᠦᠯᠦᠨ᠂ ᠣᠯᠠᠨ ᠨᠡᠶ᠋ᠢᠲᠡ ᠵᠢᠨ ᠵᠠᠮ ᠲᠡᠭᠡᠭᠡᠪᠦᠷᠢ ᠵᠢᠨ ᠦᠢ᠍ᠯᠡᠴᠢᠯᠡᠭᠡᠨ᠎ᠤ ᠥᠷᠲᠡᠭ ᠨᠡᠮᠡᠭᠳᠡᠯ᠎ᠤᠨ ᠭᠠᠶ᠋ᠢᠯᠢ ᠵᠢ ᠱᠠᠲᠤᠴᠢ ᠴᠢᠨᠠᠷᠲᠠᠢ᠎ᠪᠠᠷ ᠭᠡᠯᠳᠦᠷᠢᠭᠦᠯᠬᠦ᠂ ᠲᠡᠷᠭᠡ ᠬᠥᠰᠬᠡ ᠬᠤᠳᠠᠯᠳᠤᠨ ᠠᠪᠤᠭᠰᠠᠨ ᠭᠠᠶ᠋ᠢᠯᠢ ᠵᠢᠨ ᠣᠷᠣᠯᠭ᠎ᠠ ᠵᠢᠨ ᠣᠷᠣᠨ ᠨᠤᠲᠤᠭ᠎ᠤᠨ ᠪᠠᠯᠠ ᠮᠥᠩᠭᠦ᠎ᠳᠤ ᠨᠥᠬᠦᠪᠥᠷᠢ ᠥᠭᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠵᠡᠷᠭᠡ 6 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
· ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠦᠢ᠍ᠯᠡᠰ᠎ᠲᠤ ᠴᠢᠭᠯᠡᠭᠦᠯᠦᠨ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠥᠭᠵᠢᠯᠲᠡ ᠵᠢᠨ ᠰᠠᠭᠤᠷᠢ ᠮᠥᠩᠭᠦ᠎ᠪᠠᠷ ᠳᠠᠮᠵᠢᠭᠤᠯᠤᠨ ᠨᠥᠬᠦᠴᠡᠯ᠎ᠳᠤ ᠨᠡᠶ᠋ᠢᠴᠡᠭᠰᠡᠨ ᠠᠭ᠋ᠠᠷ᠎ᠤᠨ ᠠᠶᠠᠯᠠᠯ᠎ᠤᠨ ᠱᠤᠭᠤᠮ᠂ ᠠᠮᠤᠷ ᠲᠦᠪᠰᠢᠨ᠎ᠤ ᠴᠢᠳᠠᠪᠤᠷᠢ ᠵᠢᠨ ᠪᠠᠶ᠋ᠢᠭᠤᠯᠤᠯᠲᠠ ᠵᠡᠷᠭᠡ᠎ᠳᠤ ᠨᠥᠬᠦᠪᠥᠷᠢ ᠥᠭᠬᠦ᠂ ᠬᠢᠵᠢᠭ᠎ᠤᠨ ᠪᠠᠶ᠋ᠢᠳᠠᠯ᠎ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠠᠭ᠋ᠠᠷ᠎ᠤᠨ ᠠᠶᠠᠯᠠᠯ᠎ᠤᠨ ᠺᠣᠮᠫᠠᠨᠢ ᠪᠠ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠳᠠᠩᠰᠠᠯᠠᠭᠤᠯᠤᠨ ᠲᠠᠷᠬᠠᠭ᠋ᠠᠭᠰᠠᠨ ᠥᠭᠴᠡᠭᠡᠨ᠎ᠤ ᠶᠠᠪᠤᠳᠠᠯ᠎ᠤᠨ ᠪᠠᠯᠠ ᠲᠣᠬᠢᠷᠠᠭᠤᠯᠭ᠎ᠠ ᠵᠢᠨ ᠪᠠᠭ᠋ᠠᠵᠢ᠎ᠳᠤ ᠰᠠᠭ᠋ᠠᠳ ᠥᠬᠡᠶ ᠨᠡᠪᠲᠡᠷᠡᠬᠦ ᠵᠠᠮ ᠪᠠᠶ᠋ᠢᠭᠤᠯᠬᠤ ᠵᠡᠷᠭᠡ 5 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠪᠣᠳᠠᠲᠠᠶ ᠠᠭᠤᠯᠭ᠎ᠠ ᠵᠢ ᠠᠳᠡ᠎ᠠᠴᠠ ᠦᠵᠡᠵᠦ ᠪᠣᠯᠤᠨ᠎ᠠ᠄
ᠢᠳᠡᠭᠡᠨ ᠤᠮᠳᠠᠭ᠋ᠠᠨ᠂ ᠵᠢᠭᠤᠯᠴᠢᠯᠠᠯ᠂ ᠵᠢᠵᠢᠭᠯᠡᠨ ᠬᠤᠳᠠᠯᠳᠤᠬᠤ ᠁ 43 ᠵᠦᠢ᠍ᠯ᠎ᠤᠨ ᠠᠷᠭ᠎ᠠ ᠬᠡᠮᠵᠢᠶ᠎ᠡ᠎ᠪᠠᠷ ᠦᠢ᠍ᠯᠡᠴᠢᠯᠡᠭᠡᠨ᠎ᠤ ᠦᠢ᠍ᠯᠡᠰ᠎ᠤᠨ ᠬᠦᠷᠢᠶᠡᠨ᠎ᠳᠠᠬᠢ ᠬᠦᠴᠢᠷᠳᠡᠯᠲᠡᠢ ᠠᠵᠢᠯ ᠲᠦᠷᠦᠯ᠎ᠢ ᠲᠡᠳᠬᠦᠪᠡ!
ᠡᠨᠡ ᠤᠳᠠᠭ᠋ᠠᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠳᠦᠷᠦ ᠵᠢᠨ ᠪᠤᠲᠤᠯᠭ᠎ᠠ ᠠᠷᠭ᠎ᠠ ᠬᠡᠮᠵᠢᠶ᠎ᠡ ᠵᠢᠨ ᠬᠦᠴᠦᠯᠡᠬᠦ ᠴᠡᠭ ᠪᠣᠯ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠳᠦᠷᠦᠯ᠎ᠳᠤ ᠲᠤᠯᠭ᠋ᠠᠷᠠᠵᠤ ᠪᠠᠶ᠋ᠢᠭ᠎ᠠ ᠣᠨᠴᠠᠭ᠋ᠠᠶ ᠬᠦᠴᠢᠷᠳᠡᠯ᠎ᠳᠤ ᠴᠢᠭᠯᠡᠭᠦᠯᠦᠨ᠂ ᠠᠵᠤ ᠠᠬᠤᠶ᠋ᠢᠯᠠᠯ᠎ᠢ ᠬᠠᠪᠰᠤᠷᠤᠨ ᠪᠡᠷᠬᠡ ᠪᠣᠭᠤᠮᠲᠠ ᠵᠢ ᠲᠤᠭᠤᠯᠵᠤ᠂ ᠰᠡᠷᠭᠦᠭᠡᠨ ᠬᠦᠭᠵᠢᠭᠦᠯᠬᠦ ᠶᠠᠪᠤᠳᠠᠯ ᠪᠣᠯᠤᠨ᠎ᠠ᠃
《ᠭᠡᠷ᠎ᠤᠨ ᠲᠦᠷᠢᠶᠡᠰᠦ ᠵᠢ ᠬᠠᠰᠤᠵᠤ ᠬᠡᠯᠲᠦᠷᠢᠭᠦᠯᠬᠦ》 ᠲᠥᠷᠥ ᠵᠢᠨ ᠪᠣᠳᠣᠯᠭ᠎ᠠ᠎ᠪᠠᠷ ᠵᠢᠱ᠌ᠢᠶᠡᠯᠡᠬᠦ᠎ᠳᠤ᠂ 《2022 ᠣᠨ᠎ᠳᠤ ᠬᠢᠵᠢᠭ᠎ᠤᠨ ᠪᠠᠶ᠋ᠢᠳᠠᠯ᠎ᠤᠨ ᠳᠤᠮᠳᠠ ᠦᠨᠳᠦᠷ ᠳᠡᠰ᠎ᠤᠨ ᠲᠦᠭᠰᠢᠭᠦᠷᠢᠲᠦ ᠭᠠᠵᠠᠷ ᠣᠷᠣᠨ ᠵᠶ᠋ᠠᠷ ᠵᠢᠭᠰᠠᠭ᠋ᠠᠭᠳᠠᠭᠰᠠᠨ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠦᠢ᠍ᠯᠡᠴᠢᠯᠡᠭᠡᠨ᠎ᠤ ᠦᠢ᠍ᠯᠡᠰ᠎ᠤᠨ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠬᠦᠮᠦᠨ᠎ᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠤᠯᠤᠰ᠎ᠤᠨ ᠦᠮᠴᠢᠯᠡᠯᠲᠦ ᠬᠡᠷ ᠪᠠᠶ᠋ᠢᠰᠢᠩ᠎ᠢ ᠲᠦᠷᠢᠶᠡᠰᠦᠯᠡᠪᠡᠯ᠂ 2022 ᠣᠨ᠎ᠳᠤ 6 ᠰᠠᠷ᠎ᠠ ᠵᠢᠨ ᠲᠦᠷᠢᠶᠡᠰᠦᠨ ᠮᠥᠩᠭᠦ ᠵᠢ ᠬᠠᠰᠤᠵᠤ ᠭᠡᠯᠳᠦᠷᠢᠭᠦᠯᠦᠨ᠎ᠡ᠂ ᠪᠤᠰᠤᠳ ᠭᠠᠵᠠᠷ ᠣᠷᠣᠨ᠎ᠳᠤ 3 ᠰᠠᠷ᠎ᠠ ᠵᠢᠨ ᠲᠦᠷᠢᠶᠡᠰᠦᠨ ᠮᠥᠩᠭᠦ ᠵᠢ ᠬᠠᠰᠤᠵᠤ ᠭᠡᠯᠳᠦᠷᠢᠭᠦᠯᠦᠨ᠎ᠡ 》 ᠭᠡᠵᠦ ᠲᠣᠳᠣᠷᠬᠠᠶ ᠱᠠᠭ᠋ᠠᠷᠳᠠᠭᠰᠠᠨ ᠪᠠᠶ᠋ᠢᠨ᠎ᠠ᠃ ᠡᠨᠡ ᠬᠦ᠌ ᠲᠦᠷᠦ ᠵᠢᠨ ᠪᠤᠳᠤᠯᠭ᠎ᠠ ᠵᠢ ᠪᠦᠲᠦᠮᠵᠢᠲᠡᠶ ᠬᠡᠷᠡᠭᠵᠢᠭᠦᠯᠬᠦ ᠵᠢᠨ ᠲᠤᠰᠠᠳᠠ ᠪᠠᠰᠠ 《ᠲᠦᠷᠢᠶᠡᠰᠦᠨ ᠮᠥᠩᠭᠦ ᠵᠢ ᠬᠠᠰᠤᠵᠤ ᠬᠡᠯᠲᠦᠷᠢᠭᠦᠯᠦᠭᠰᠡᠨ᠎ᠠᠴᠠ ᠪᠤᠯᠵᠤ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠠᠵᠢᠯ᠎ᠤᠨ ᠦᠷ᠎ᠡ ᠪᠦᠲᠦᠮᠵᠢ ᠵᠢ ᠨᠥᠯᠥᠭᠡᠯᠡᠭᠰᠡᠨ ᠪᠠᠶ᠋ᠢᠪᠠᠯ᠂ ᠰᠢᠯᠭ᠋ᠠᠨ ᠬᠢᠨᠠᠬᠤ ᠳᠤᠮᠳᠠ ᠪᠣᠳᠠᠲᠤ ᠪᠠᠶ᠋ᠢᠳᠠᠯ᠎ᠢ᠎ᠨᠢ ᠦᠨᠳᠦᠰᠦᠯᠡᠨ ᠵᠦᠪᠰᠢᠶᠡᠷᠡᠯ ᠣᠯᠭᠤᠨ᠎ᠠ》 ᠭᠡᠵᠦ ᠢᠵᠢ ᠪᠦᠷᠢᠳᠦᠭᠦᠯᠦᠨ ᠳᠤᠷᠠᠳᠴᠠᠶ᠃ ᠡᠭᠦᠨ᠎ᠤ ᠬᠠᠮᠲᠤ᠂ ᠤᠯᠤᠰ᠎ᠤᠨ ᠦᠮᠴᠢᠯᠡᠯᠲᠦ ᠪᠤᠰᠤ ᠭᠡᠷ ᠪᠠᠶ᠋ᠢᠰᠢᠩ᠎ᠢ ᠲᠦᠷᠢᠶᠡᠰᠦᠯᠡᠭᠰᠡᠳᠲᠤ ᠪᠠᠰᠠ ᠡᠯ᠎ᠡ ᠭᠠᠵᠠᠷ᠎ᠤᠨ᠎ᠬᠢᠨ ᠡᠯ᠎ᠡ ᠲᠦᠷᠦᠯ᠎ᠤᠨ ᠪᠡᠯᠡ ᠮᠥᠩᠭᠦ ᠵᠢ ᠨᠢᠭᠡᠳᠦᠯᠲᠡᠶ ᠲᠥᠯᠥᠪᠯᠡᠵᠦ ᠵᠣᠬᠢᠰᠲᠠᠶ ᠬᠠᠪᠰᠤᠷᠤᠨ ᠲᠡᠳᠬᠦᠬᠦ᠎ᠪᠠᠷ ᠳᠤᠷᠠᠳᠴᠠᠶ᠃ ᠲᠦᠷᠢᠶᠡᠰᠦᠨ ᠮᠥᠩᠭᠦ ᠵᠢ ᠬᠠᠰᠤᠵᠤ ᠬᠡᠯᠲᠦᠷᠢᠭᠦᠯᠦᠭᠰᠡᠨ ᠬᠡᠷ ᠪᠠᠶ᠋ᠢᠰᠢᠩ᠎ᠤᠨ ᠥᠮᠴᠢᠲᠡᠨ᠎ᠳᠤ ᠲᠣᠭᠲᠠᠭ᠋ᠠᠯ ᠶᠣᠰᠣᠭ᠋ᠠᠷ ᠡᠨᠡ ᠵᠢᠯ᠎ᠤᠨ ᠬᠡᠷ ᠬᠥᠷᠥᠩᠭᠡ ᠵᠢᠨ ᠭᠠᠶ᠋ᠢᠯᠢ᠂ ᠬᠤᠲᠠ ᠪᠠᠯᠭ᠋ᠠᠰᠤ ᠵᠢᠨ ᠭᠠᠵᠠᠷ ᠰᠢᠷᠣᠶ ᠵᠢᠨ ᠬᠡᠷᠡᠭᠯᠡᠭᠡᠨ᠎ᠤ ᠭᠠᠶ᠋ᠢᠯᠢ ᠵᠢ ᠬᠠᠰᠤᠵᠤ ᠬᠡᠯᠲᠦᠷᠢᠭᠦᠯᠬᠦ ᠵᠢᠨ ᠬᠠᠮᠲᠤ᠂ ᠤᠯᠤᠰ᠎ᠤᠨ ᠦᠮᠴᠢᠯᠡᠯᠲᠦ ᠪᠤᠰᠤ ᠬᠡᠷ ᠪᠠᠶ᠋ᠢᠰᠢᠩ᠎ᠤᠨ ᠲᠦᠷᠢᠶᠡᠰᠦᠯᠡᠯ᠎ᠤᠨ ᠭᠤᠤᠯ ᠴᠣᠭᠴᠠ ᠵᠢᠨ ᠡᠷᠬᠡ ᠲᠡᠭᠰᠢ᠎ᠪᠠᠷ ᠵᠥᠪᠳᠡᠯᠴᠡᠭᠰᠡᠨ ᠰᠠᠭᠤᠷᠢᠨ ᠳᠡᠭᠡᠷ᠎ᠡ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠬᠤᠬᠢᠷᠠᠯ᠎ᠢ ᠵᠦᠶ ᠵᠣᠬᠢᠰᠲᠠᠶ ᠬᠤᠪᠢᠶᠠᠨ ᠡᠭᠦᠷᠭᠡᠯᠡᠬᠦ ᠵᠢ ᠵᠣᠷᠢᠭᠵᠢᠭᠤᠯᠤᠨ᠎ᠠ ᠭᠡᠵᠦ ᠳᠤᠷᠠᠳᠴᠠᠢ᠃
ᠠᠰᠠᠭᠤᠯᠲᠠ᠄ ᠬᠢᠵᠢᠭ᠎ᠤᠨ ᠪᠠᠶ᠋ᠢᠳᠠᠯ᠎ᠤᠨ ᠦᠢ᠍ᠯᠡᠴᠢᠯᠡᠭᠡᠨ᠎ᠤ ᠦᠢ᠍ᠯᠡᠰ᠎ᠲᠤ ᠦᠵᠡᠭᠦᠯᠬᠦ ᠨᠥᠯᠥᠭᠡ᠎ᠨᠢ ᠪᠤᠰᠤᠳ ᠠᠵᠢᠯ ᠲᠥᠷᠥᠯ᠎ᠠᠴᠠ ᠨᠠᠩ ᠶᠡᠭᠡ᠂ ᠦᠢ᠍ᠯᠡᠴᠢᠯᠡᠭᠡᠨ᠎ᠤ ᠦᠢ᠍ᠯᠡᠰ᠎ᠤᠨ ᠬᠢᠵᠢᠭ᠎ᠢ ᠣᠨᠣᠴᠠᠲᠠᠶ ᠰᠡᠷᠭᠡᠶ᠋ᠢᠯᠡᠬᠦ ᠲᠠᠯ᠎ᠠ᠎ᠪᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ?
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠄
ᠦᠢ᠍ᠯᠡᠴᠢᠯᠡᠭᠡᠨ᠎ᠤ ᠦᠢ᠍ᠯᠡᠰ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠢᠨᠵᠢᠯᠡᠬᠦ ᠤᠬᠠᠭ᠋ᠠᠨᠴᠢ ᠣᠨᠣᠴᠠᠲᠠᠶ᠎ᠪᠠᠷ ᠬᠡᠷᠡᠭᠵᠢᠭᠦᠯᠬᠦ ᠲᠤᠬᠠᠶ ᠬᠦᠰᠡᠯ ᠱᠠᠭ᠋ᠠᠷᠳᠠᠯᠭ᠎ᠠ ᠮᠠᠰᠢ ᠥᠨᠳᠥᠷ ᠪᠠᠶ᠋ᠢᠨ᠎ᠠ᠃ ᠡᠭᠦᠨ᠎ᠤ ᠲᠤᠯᠠᠳᠠ᠂ ᠪᠢᠳᠡ ᠡᠨᠡ ᠤᠳᠠᠭ᠎ᠠ ᠣᠨᠣᠴᠠᠲᠠᠶ᠎ᠪᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠵᠢ ᠲᠤᠰᠬᠠᠶ᠋ᠢᠯᠠᠨ ᠳᠤᠷᠠᠳᠤᠨ ᠭᠠᠷᠭ᠋ᠠᠪᠠ᠃
· 《ᠳᠦᠷᠪᠡ ᠵᠢ ᠣᠨᠤᠴᠠᠲᠠᠢ ᠭᠦᠢ᠍ᠴᠡᠳᠬᠡᠬᠦ》 ᠭᠡᠳᠡᠭ᠎ᠨᠢ ᠳᠠᠷᠤᠶ ᠣᠨᠤᠴᠠᠲᠠᠢ ᠬᠢᠨᠠᠨ ᠰᠢᠨᠵᠢᠯᠡᠬᠦ ᠲᠣᠭᠲᠠᠴᠠ ᠵᠢ ᠪᠠᠶ᠋ᠢᠭᠤᠯᠵᠤ᠂ ᠣᠨᠤᠴᠠᠲᠠᠢ ᠢᠯᠭ᠋ᠠᠨ ᠲᠠᠨᠢᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠣᠨᠤᠴᠠᠲᠠᠢ ᠬᠠᠮᠢᠶᠠᠷᠤᠨ ᠡᠵᠡᠮᠳᠡᠵᠦ ᠲᠤᠰᠠᠭ᠋ᠠᠷᠯᠠᠬᠤ ᠵᠢ ᠴᠢᠩᠭ᠋ᠠᠳᠬᠠᠵᠤ᠂ ᠣᠨᠤᠴᠠᠲᠠᠢ ᠰᠡᠷᠭᠡᠶ᠋ᠢᠯᠡᠨ ᠬᠠᠮᠠᠭ᠋ᠠᠯᠠᠬᠤ ᠣᠨᠤᠯᠵᠢᠬᠤᠨ᠎ᠢ ᠳᠡᠯᠭᠡᠷᠡᠭᠦᠯᠬᠦ ᠶᠠᠪᠤᠳᠠᠯ ᠪᠣᠯᠤᠨ᠎ᠠ᠃
· 《ᠭᠤᠷᠪᠠ ᠵᠢ ᠬᠢᠵᠦ ᠪᠣᠯᠬᠤ ᠦᠭᠡᠢ》᠂ ᠨᠢᠭᠡᠳᠦᠭᠡᠷ᠎ᠲᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭ᠋ᠠᠯ᠎ᠢ ᠡᠪᠳᠡᠵᠦ ᠬᠤᠲᠠ ᠲᠣᠭᠤᠷᠢᠭ᠎ᠢ ᠪᠢᠲᠡᠭᠦᠮᠵᠢᠯᠡᠵᠦ ᠪᠣᠯᠬᠤ ᠦᠭᠡᠶ᠂ ᠴᠢᠬᠤᠯᠠ ᠪᠤᠰᠤ᠎ᠪᠠᠷ᠂ ᠮᠡᠳᠡᠭᠦᠯᠦᠨ ᠵᠥᠪᠰᠢᠶᠡᠷᠡᠭᠦᠯᠬᠦ ᠦᠭᠡᠶ᠎ᠪᠠᠷ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠵᠢ ᠲᠠᠰᠤᠯᠳᠠᠭᠤᠯᠵᠤ ᠪᠣᠯᠬᠤ ᠦᠭᠡᠶ᠃ ᠬᠤᠶᠠᠳᠤᠭ᠋ᠠᠷ᠎ᠲᠤ᠂ ᠳᠠᠬᠤᠯ ᠡᠪᠡᠳᠴᠢᠨ᠎ᠤ ᠪᠠᠶ᠋ᠢᠴᠠᠭ᠋ᠠᠯᠲᠠ ᠵᠢ ᠳᠠᠮᠵᠢᠬᠤ ᠥᠬᠡᠶ᠂ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠥᠬᠡᠶ᠎ᠪᠠᠷ ᠬᠤᠭᠤᠯᠠᠨ ᠬᠡᠷ᠂ ᠬᠤᠳᠠᠯᠳᠤᠭ᠋ᠠᠨ᠎ᠤ ᠳᠡᠯᠭᠡᠭᠦᠷ᠂ ᠦᠵᠡᠮᠵᠢ ᠵᠢᠨ ᠣᠷᠣᠨ ᠦᠵᠡᠮᠵᠢ ᠵᠢᠨ ᠭᠠᠵᠠᠷ᠂ ᠺᠢᠨᠣ᠋ ᠣᠷᠳᠤᠨ ᠵᠢᠴᠢ ᠬᠠᠮᠢᠶ᠎ᠠ ᠪᠥᠬᠦᠶ ᠦᠢ᠍ᠯᠡᠴᠢᠯᠡᠭᠡᠨ᠎ᠤ ᠦᠢ᠍ᠯᠡᠰ᠎ᠤᠨ ᠲᠠᠯᠠᠪᠤᠷ ᠭᠠᠵᠠᠷ ᠵᠡᠷᠭᠡ᠎ᠳᠤ ᠬᠠᠭ᠋ᠠᠵᠤ ᠵᠣᠭᠰᠣᠭ᠋ᠠᠬᠤ ᠠᠷᠭ᠎ᠠ ᠬᠡᠮᠵᠢᠶ᠎ᠡ ᠠᠪᠬᠤ ᠪᠤᠶᠤ ᠬᠠᠭ᠋ᠠᠵᠤ ᠵᠣᠭᠰᠣᠭ᠋ᠠᠬᠤ ᠴᠠᠭ᠎ᠢ ᠤᠷᠲᠤᠳᠬᠠᠵᠤ ᠪᠣᠯᠬᠤ ᠥᠬᠡᠶ᠃ ᠭᠤᠷᠪᠠᠳᠤᠭ᠋ᠠᠷ᠎ᠲᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠲᠣᠭᠲᠠᠴᠠ ᠵᠢᠨ ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢᠨ ᠰᠠᠭᠤᠷᠢᠨ ᠳᠡᠭᠡᠷ᠎ᠡ᠂ ᠦᠢ᠍ᠯᠡᠴᠢᠯᠡᠭᠡᠨ᠎ᠤ ᠦᠢ᠍ᠯᠡᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠳᠤᠷ᠎ᠠ᠎ᠪᠠᠷ ᠵᠶ᠋ᠠᠨ ᠨᠡᠮᠡᠭᠳᠡᠭᠦᠯᠵᠦ ᠪᠣᠯᠬᠤ ᠥᠬᠡᠶ ᠃ ᠬᠤᠲᠠ ᠲᠣᠭᠤᠷᠢᠭ᠎ᠢ ᠪᠢᠲᠡᠭᠦᠮᠵᠢᠯᠡᠬᠦ᠂ ᠵᠠᠮ ᠬᠠᠷᠢᠯᠴᠠᠭ᠎ᠠ ᠵᠢ ᠲᠠᠰᠤᠯᠬᠤ ᠵᠡᠷᠭᠡ ᠠᠷᠭ᠎ᠠ ᠬᠡᠮᠵᠢᠶ᠎ᠡ ᠵᠢ ᠦᠨᠡᠨ ᠬᠦ᠌ ᠠᠪᠬᠤ ᠴᠢᠬᠤᠯᠠᠲᠠᠶ᠂ ᠡᠰᠡᠬᠦᠯ᠎ᠡ ᠣᠲᠣ ᠵᠢᠨ ᠬᠡᠷᠡᠭᠵᠢᠭᠦᠯᠵᠦ ᠪᠠᠶ᠋ᠢᠭ᠎ᠠ ᠰᠠᠭᠤᠷᠢᠨ ᠳᠡᠭᠡᠷ᠎ᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠷᠴᠢᠮ᠎ᠢ ᠴᠢᠩᠭ᠋ᠠᠷᠠᠭᠤᠯᠬᠤ ᠴᠢᠬᠤᠯᠠᠲᠠᠶ ᠪᠠᠶ᠋ᠢᠪᠠᠯ᠂ ᠡᠷᠬᠡᠪᠰᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠲᠣᠭᠲᠠᠴᠠ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠰᠠᠶᠢ ᠬᠡᠷᠡᠭᠵᠢᠭᠦᠯᠵᠦ ᠪᠣᠯᠤᠨ᠎ᠠ᠃ ᠡᠭᠦᠨ᠎ᠤ ᠬᠠᠮᠲᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠶᠠᠪᠤᠴᠠ᠎ᠳᠠᠬᠢ 《ᠱᠠᠲᠤ ᠱᠠᠲᠤ᠎ᠪᠠᠷ ᠡᠭᠦᠷᠭᠡ ᠨᠡᠮᠡᠬᠦ》 ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠰᠠᠳᠠ᠂ ᠪᠠᠰᠠ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠰ ᠭᠠᠵᠠᠷ ᠣᠷᠣᠨ᠎ᠤ᠎ᠪᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠶᠡᠷᠦᠩᠬᠡᠶ ᠱᠠᠭ᠋ᠠᠷᠳᠠᠯᠭ᠎ᠠ ᠵᠢ ᠨᠢᠭᠡᠳᠦᠯᠲᠡᠶ ᠲᠥᠯᠥᠪᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ 《ᠱᠠᠲᠤ ᠱᠠᠲᠤ᠎ᠪᠠᠷ ᠡᠭᠦᠷᠭᠡ ᠨᠡᠮᠡᠬᠦ》 ᠠᠰᠠᠭᠤᠳᠠᠯ᠎ᠢ ᠲᠤᠰᠬᠠᠬᠤ᠂ ᠬᠢᠨᠠᠨ ᠬᠠᠷᠭᠤᠭᠤᠯᠬᠤ᠂ ᠵᠠᠯᠠᠷᠠᠭᠤᠯᠬᠤ ᠲᠤᠰᠬᠠᠶ ᠠᠵᠢᠯ᠎ᠤᠨ ᠲᠣᠭᠲᠠᠴᠠ ᠵᠢ ᠪᠠᠶ᠋ᠢᠭᠤᠯᠬᠤ ᠬᠡᠷᠡᠭᠲᠡᠶ ᠭᠡᠵᠦ ᠲᠤᠰᠬᠠᠶ᠋ᠢᠯᠠᠨ ᠳᠤᠷᠠᠳᠤᠨ ᠭᠠᠷᠭ᠋ᠠᠵᠠᠶ᠃
ᠠᠰᠠᠭᠤᠯᠲᠠ᠄ ᠣᠨᠴᠠᠭ᠋ᠠᠶ ᠬᠦᠴᠢᠷᠳᠡᠯ᠎ᠲᠠᠢ ᠠᠵᠢᠯ ᠲᠥᠷᠥᠯ᠎ᠳᠤ ᠴᠢᠭᠯᠡᠭᠦᠯᠦᠨ᠂ ᠭᠠᠶ᠋ᠢᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠣᠨᠣᠴᠠᠲᠠᠶ᠎ᠪᠠᠷ ᠬᠠᠪᠰᠤᠷᠤᠨ ᠲᠡᠳᠬᠦᠬᠦ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?
ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠄
ᠨᠢᠭᠡᠳᠦᠭᠡᠷ᠎ᠲᠤ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠪᠠ᠃ ᠡᠨᠡ ᠵᠢᠯ 2021 ᠣᠨ᠎ᠤ ᠡᠴᠦᠰ᠎ᠲᠤ ᠬᠤᠭᠤᠴᠠᠭ᠎ᠠ᠎ᠨᠢ ᠲᠤᠯᠤᠭᠰᠠᠨ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠬᠦᠮᠦᠨ᠎ᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠬᠡᠷᠡᠭᠵᠢᠭᠦᠯᠬᠦ ᠵᠢᠨ ᠬᠠᠮᠲᠤ ᠲᠦᠷᠦ ᠵᠢᠨ ᠪᠤᠳᠤᠯᠭ᠎ᠠ ᠵᠢᠨ ᠬᠠᠷᠠᠭ᠋ᠠᠯᠵᠠᠯ᠎ᠤᠨ ᠡᠷᠴᠢᠮ᠎ᠢ ᠴᠢᠩᠭ᠋ᠠᠷᠠᠭᠤᠯᠵᠤ᠂ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠯᠲᠡ ᠵᠢᠨ ᠳᠠᠷᠤᠯᠲᠠ ᠵᠢ ᠤᠯᠠᠮ ᠨᠢᠭᠡ ᠠᠯᠬᠤᠮ ᠬᠥᠩᠭᠡᠷᠡᠭᠦᠯᠵᠦ᠂ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠲᠦᠷᠦᠯ᠎ᠤᠨ ᠠᠵᠤ ᠠᠬᠤᠶ᠋ᠢᠯᠠᠯ᠎ᠳᠤ ᠭᠦᠢ᠍ᠴᠡᠳ ᠠᠰᠢᠭ ᠬᠦᠷᠲᠡᠭᠡᠬᠦ ᠪᠣᠯᠤᠨ᠎ᠠ᠃ ᠨᠢᠭᠡ᠎ᠳᠤ᠂ ᠦᠢ᠍ᠯᠡᠴᠢᠯᠡᠭᠡᠨ᠎ᠤ ᠦᠢ᠍ᠯᠡᠰ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢ ᠨᠡᠮᠡᠵᠦ ᠪᠣᠳᠤᠨ ᠲᠤᠯᠭ᠋ᠠᠨ ᠬᠠᠰᠤᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠭᠦᠯᠵᠦ᠂ 2022 ᠣᠨ᠎ᠳᠤ ᠦᠢ᠍ᠯᠡᠳᠪᠦᠷᠢᠯᠡᠯ᠂ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠤᠨ ᠭᠠᠶ᠋ᠢᠯᠢ ᠲᠤᠰᠢᠶᠠᠭᠴᠢ ᠵᠢᠨ ᠲᠣᠰ ᠬᠤᠭᠤᠴᠠᠭ᠋ᠠᠨ᠎ᠤ ᠲᠤᠯᠭ᠋ᠠᠨ ᠰᠠᠭᠤᠯᠭ᠋ᠠᠵᠤ ᠪᠣᠯᠬᠤ ᠣᠷᠣᠯᠭ᠎ᠠ ᠵᠢᠨ ᠭᠠᠶ᠋ᠢᠯᠢ ᠵᠢᠨ ᠲᠤᠭ᠎ᠠ ᠵᠢ ᠲᠣᠰ ᠲᠣᠰ 10% ᠪᠠ 15%᠎ᠪᠠᠷ ᠲᠤᠰᠢᠶᠠᠬᠤ ᠶᠣᠰᠣᠲᠠᠶ ᠭᠠᠶ᠋ᠢᠯᠢ ᠵᠢᠨ ᠲᠤᠭ᠎ᠠ ᠵᠢ ᠨᠡᠮᠡᠵᠦ ᠪᠣᠳᠤᠨ ᠦᠷᠭᠦᠯᠵᠢᠯᠡᠨ ᠲᠤᠯᠭ᠋ᠠᠨ ᠬᠠᠰᠤᠨ᠎ᠠ ᠃ ᠬᠤᠶᠠᠷ᠎ᠲᠤ᠂ 2022 ᠣᠨ᠎ᠳᠤ 《ᠵᠢᠷᠭᠤᠭ᠋ᠠᠨ ᠭᠠᠶ᠋ᠢᠯᠢ ᠬᠤᠶᠠᠷ ᠰᠦᠢ᠍ᠳᠬᠡᠯ》᠎ᠤᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ 50% ᠵᠢᠨ ᠭᠠᠶ᠋ᠢᠯᠢ ᠵᠢᠨ ᠲᠣᠭ᠋ᠠᠨ᠎ᠤ ᠬᠡᠪᠴᠢᠶᠡᠨ ᠲᠣᠳᠤᠷᠠᠬᠢ 《ᠵᠢᠷᠭᠤᠭ᠋ᠠᠨ ᠭᠠᠶ᠋ᠢᠯᠢ ᠬᠤᠶᠠᠷ ᠰᠦᠢ᠍ᠳᠬᠡᠯ》᠎ᠢ ᠬᠥᠩᠭᠡᠯᠡᠨ ᠲᠠᠲᠠᠪᠤᠷᠢᠯᠠᠬᠤ᠎ᠳᠤ ᠬᠡᠷᠡᠭᠯᠡᠬᠦ ᠪᠡᠶᠡᠴᠢ ᠴᠣᠭᠴᠠ ᠵᠢ ᠦᠷᠳᠡᠭ ᠨᠡᠮᠡᠭᠳᠡᠯ᠎ᠤᠨ ᠭᠠᠶ᠋ᠢᠯᠢ ᠵᠢᠨ ᠵᠢᠵᠢᠭ ᠬᠡᠪᠴᠢᠶᠡᠨ᠎ᠤ ᠭᠠᠶ᠋ᠢᠯᠢ ᠲᠤᠰᠢᠶᠠᠭᠴᠢ᠎ᠠᠴᠠ ᠵᠢᠵᠢᠭ ᠬᠡᠯᠪᠡᠷᠢ ᠵᠢᠨ ᠥᠴᠦᠬᠡᠨ ᠠᠰᠢᠭ᠎ᠲᠤ ᠠᠵᠤ ᠠᠬᠤᠶ᠋ᠢᠯᠠᠯ ᠪᠠ ᠬᠤᠪᠢ ᠬᠦᠮᠦᠨ᠎ᠤ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠬᠦᠷᠲᠡᠯ᠎ᠡ ᠥᠷᠭᠡᠳᠬᠡᠨ᠎ᠡ᠃ ᠭᠤᠷᠪᠠ᠎ᠳᠤ᠂ ᠡᠯ᠎ᠡ ᠭᠠᠵᠠᠷ᠎ᠤᠨ᠎ᠬᠢᠨ ᠲᠦᠷᠢᠮ᠎ᠤᠨ ᠡᠷᠬᠡ ᠣᠯᠭᠤᠯᠲᠠ ᠪᠠ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ 2022 ᠣᠨ᠎ᠳᠤ ᠬᠡᠷ ᠬᠥᠷᠥᠩᠭᠡ ᠵᠢᠨ ᠭᠠᠶ᠋ᠢᠯᠢ᠂ ᠬᠤᠲᠠ ᠪᠠᠯᠭ᠋ᠠᠰᠤ ᠵᠢᠨ ᠭᠠᠵᠠᠷ ᠰᠢᠷᠣᠶ ᠵᠢᠨ ᠬᠡᠷᠡᠭᠯᠡᠭᠡᠨ᠎ᠤ ᠭᠠᠶ᠋ᠢᠯᠢ ᠲᠤᠰᠢᠶᠠᠬᠤ᠎ᠳᠤ ᠦᠨᠡᠨ ᠬᠦ᠌ ᠬᠦᠴᠢᠷᠳᠡᠯ᠎ᠲᠠᠢ ᠭᠠᠶ᠋ᠢᠯᠢ ᠲᠤᠰᠢᠶᠠᠭᠴᠢ᠎ᠳᠤ ᠬᠠᠰᠤᠵᠤ ᠭᠡᠯᠳᠦᠷᠢᠭᠦᠯᠬᠦ ᠲᠦᠷᠦ ᠵᠢᠨ ᠪᠣᠳᠤᠯᠭ᠎ᠠ ᠬᠦᠷᠲᠡᠭᠡᠬᠦ ᠵᠢ ᠵᠣᠷᠢᠭᠵᠢᠭᠤᠯᠤᠨ᠎ᠠ᠃ ᠳᠦᠷᠪᠡ᠎ᠳᠤ᠂ 2022 ᠣᠨ᠎ᠳᠤ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠲᠥᠬᠦᠭᠡᠷᠦᠮᠵᠢ ᠪᠠᠭ᠋ᠠᠵᠢ ᠬᠡᠷᠡᠭᠰᠡᠯ᠎ᠤᠨ ᠭᠠᠶ᠋ᠢᠯᠢ ᠲᠤᠰᠢᠶᠠᠬᠤ᠎ᠠᠴᠠ ᠡᠮᠦᠨᠡᠬᠢ ᠬᠠᠰᠤᠵᠤ ᠭᠠᠷᠭ᠋ᠠᠬᠤ ᠡᠷᠴᠢᠮ᠎ᠢ ᠴᠢᠩᠭ᠋ᠠᠷᠠᠭᠤᠯᠤᠨ᠎ᠠ ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ 2022 ᠣᠨ᠎ᠳᠤ ᠰᠢᠨ᠎ᠡ᠎ᠪᠠᠷ ᠬᠤᠳᠠᠯᠳᠤᠨ ᠠᠪᠤᠭᠰᠠᠨ ᠨᠢᠭᠡᠴᠢ ᠥᠷᠲᠡᠭ᠎ᠨᠢ 500 ᠲᠦᠮᠡᠨ ᠲᠥᠭᠦᠷᠢᠭ᠎ᠠᠴᠠ ᠳᠡᠭᠡᠭᠰᠢᠬᠢ ᠲᠥᠬᠦᠭᠡᠷᠦᠮᠵᠢ ᠪᠠᠭ᠋ᠠᠵᠢ ᠬᠡᠷᠡᠭᠰᠡᠯ᠎ᠤᠨ ᠡᠯᠡᠭᠳᠡᠯ ᠪᠤᠳᠤᠬᠤ ᠬᠤᠭᠤᠴᠠᠭ᠎ᠠ᠎ᠨᠢ 3 ᠵᠢᠯ ᠪᠠᠶ᠋ᠢᠪᠠᠯ ᠭᠠᠶ᠋ᠢᠯᠢ ᠲᠤᠰᠢᠶᠠᠬᠤ᠎ᠠᠴᠠ ᠡᠮᠦᠨ᠎ᠡ ᠨᠢᠭᠡ ᠯᠡ ᠤᠳᠠᠭ᠎ᠠ᠎ᠪᠠᠷ ᠬᠠᠰᠤᠨ ᠭᠠᠷᠭ᠋ᠠᠵᠤ ᠪᠣᠯᠤᠨ᠎ᠠ᠂ ᠡᠯᠡᠭᠳᠡᠯ ᠪᠤᠳᠤᠬᠤ ᠬᠤᠭᠤᠴᠠᠭ᠎ᠠ᠎ᠨᠢ 4 ᠵᠢᠯ᠂ 5 ᠵᠢᠯ᠂ 10 ᠵᠢᠯ ᠪᠠᠶ᠋ᠢᠪᠠᠯ ᠬᠠᠭ᠋ᠠᠰ ᠵᠶ᠋ᠠᠷ ᠬᠠᠰᠤᠨ ᠭᠠᠷᠭ᠋ᠠᠵᠤ ᠪᠣᠯᠤᠨ᠎ᠠ᠃ ᠠᠵᠤ ᠠᠬᠤᠶ᠋ᠢᠯᠠᠯ᠎ᠨᠢ ᠤᠯᠠᠷᠢᠯ ᠵᠶ᠋ᠠᠷ ᠬᠠᠷᠠᠭ᠋ᠠᠯᠵᠠᠯ ᠭᠥᠷᠳᠡᠵᠦ ᠪᠣᠯᠤᠨ᠎ᠠ᠂ ᠲᠣᠰ ᠵᠢᠯ᠎ᠳᠤ ᠬᠠᠰᠤᠨ ᠭᠠᠷᠭ᠋ᠠᠬᠤ᠎ᠳᠤ ᠬᠥᠷᠬᠦ ᠥᠬᠡᠶ᠎ᠠᠴᠠ ᠪᠣᠯᠤᠭᠰᠠᠨ ᠠᠯᠳᠠᠭᠳᠠᠯ᠎ᠢ ᠬᠤᠶ᠋ᠢᠰᠢᠳᠠ ᠵᠢᠨ 5 ᠭᠠᠶ᠋ᠢᠯᠢ ᠲᠤᠰᠢᠶᠠᠬᠤ ᠣᠨ᠎ᠳᠤ ᠳ᠋ᠦᠩᠨᠡᠨ ᠰᠢᠯᠵᠢᠭᠦᠯᠵᠦ ᠬᠠᠰᠤᠨ ᠭᠠᠷᠭ᠋ᠠᠵᠤ ᠪᠣᠯᠤᠨ᠎ᠠ᠃
ᠬᠤᠶᠠᠳᠤᠭ᠋ᠠᠷ᠎ᠲᠤ᠂ ᠣᠨᠴᠠᠭ᠋ᠠᠶ ᠬᠦᠴᠢᠷᠳᠡᠯ᠎ᠲᠠᠢ ᠠᠵᠢᠯ ᠲᠦᠷᠦᠯ᠎ᠳᠤ ᠲᠦᠷᠦ ᠵᠢᠨ ᠪᠤᠳᠤᠯᠭ᠎ᠠ ᠵᠢᠨ ᠬᠠᠷᠠᠭ᠋ᠠᠯᠵᠠᠯ ᠦᠵᠡᠭᠦᠯᠦᠨ᠎ᠡ᠃ ᠬᠢᠵᠢᠭ᠎ᠤᠨ ᠪᠠᠶ᠋ᠢᠳᠠᠯ ᠵᠡᠷᠭᠡ ᠬᠦᠴᠦᠨ ᠵᠦᠢ᠍ᠯ᠎ᠳᠤ ᠨᠡᠯᠢᠶᠡᠳ ᠶᠡᠭᠡ ᠨᠥᠯᠥᠭᠡᠯᠡᠭᠳᠡᠭᠰᠡᠨ ᠦᠢ᠍ᠯᠡᠴᠢᠯᠡᠭᠡᠨ᠎ᠤ ᠦᠢ᠍ᠯᠡᠰ᠎ᠲᠤ ᠴᠢᠭᠯᠡᠭᠦᠯᠦᠨ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠬᠦ ᠴᠢᠭᠯᠡᠯᠲᠦ ᠴᠢᠨᠠᠷᠲᠠᠶ᠂ ᠡᠷᠴᠢᠮᠲᠡᠶ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠬᠡᠷᠡᠭᠵᠢᠭᠦᠯᠦᠨ᠎ᠡ᠃ 2022 ᠣᠨ᠎ᠳᠤ᠂ ᠬᠥᠯᠭᠡ ᠣᠩᠭᠤᠴᠠ ᠵᠢᠨ ᠠᠶᠠᠨᠴᠢᠳ᠎ᠤᠨ ᠭᠠᠲᠤᠯᠭ᠎ᠠ᠂ ᠨᠡᠶ᠋ᠢᠲᠡ ᠵᠢᠨ ᠮᠠᠰᠢᠨ᠎ᠤ ᠠᠶᠠᠨᠴᠢᠳ᠎ᠤᠨ ᠲᠡᠭᠡᠭᠡᠪᠦᠷᠢ᠂ ᠮᠧᠲᠷᠣ᠋ ᠂ ᠬᠤᠲᠠ ᠵᠢᠨ ᠬᠥᠩᠭᠡᠨ ᠲᠡᠮᠦᠷ ᠵᠠᠮ᠂ ᠲᠦᠷᠢᠶᠡᠰᠦᠨ ᠮᠠᠰᠢᠨ ᠲᠡᠷᠭᠡ᠂ ᠬᠤᠯᠠ ᠵᠠᠮ᠎ᠤᠨ ᠠᠶᠠᠨᠴᠢᠳ᠎ᠤᠨ ᠲᠡᠭᠡᠭᠡᠪᠦᠷᠢ᠂ ᠡᠭᠡᠯᠵᠢ ᠵᠢᠨ ᠲᠡᠷᠭᠡ ᠵᠡᠷᠭᠡ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠦᠢ᠍ᠯᠡᠴᠢᠯᠡᠭᠡᠨ᠎ᠤ ᠥᠷᠲᠡᠭ ᠨᠡᠮᠡᠭᠳᠡᠯ᠎ᠤᠨ ᠭᠠᠶ᠋ᠢᠯᠢ ᠵᠢ ᠭᠡᠯᠳᠦᠷᠢᠭᠦᠯᠦᠨ᠎ᠡ᠃
ᠭᠤᠷᠪᠠᠳᠤᠭ᠋ᠠᠷ᠎ᠲᠤ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠶ᠋ᠠᠨ ᠲᠡᠰᠭᠡᠬᠦ᠂ ᠳᠤᠷ᠎ᠠ᠎ᠪᠠᠷ ᠵᠶ᠋ᠠᠨ ᠵᠣᠭᠤᠰ ᠲᠣᠷᠭ᠋ᠠᠬᠤ ᠵᠢ ᠡᠷᠡᠰ ᠬᠤᠷᠢᠭᠯᠠᠨ᠎ᠠ᠃ ᠦᠨᠡᠨ ᠬᠦ᠌ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠶ᠋ᠠᠨ ᠲᠡᠰᠭᠡᠬᠦ᠂ ᠳᠤᠷ᠎ᠠ᠎ᠪᠠᠷ ᠵᠶ᠋ᠠᠨ ᠵᠣᠭᠤᠰ ᠲᠣᠷᠭ᠋ᠠᠬᠤ ᠦᠢ᠍ᠯᠡ ᠠᠵᠢᠯᠯᠠᠭ᠎ᠠ ᠵᠢ ᠬᠤᠷᠢᠭᠯᠠᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠦᠯ᠎ᠢ ᠰᠤᠳᠤᠯᠤᠨ ᠬᠡᠷᠡᠭᠵᠢᠭᠦᠯᠵᠦ᠂ ᠠᠵᠤ ᠠᠬᠤᠶ᠋ᠢᠯᠠᠯ᠎ᠳᠤ ᠬᠤᠯᠪᠣᠭᠳᠠᠬᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠬᠠᠮᠵᠢᠯᠴᠠᠨ ᠴᠡᠭᠴᠡᠯᠡᠨ ᠵᠠᠰᠠᠬᠤ ᠪᠠ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠂ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠢ ᠳᠡᠮᠵᠢᠨ ᠬᠦᠴᠢᠷᠳᠡᠯ᠎ᠢ ᠰᠢᠢ᠍ᠳᠪᠦᠷᠢᠯᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ 《ᠭᠤᠷᠪᠠ ᠵᠢ ᠳᠤᠷ᠎ᠠ᠎ᠪᠠᠷ ᠵᠶ᠋ᠠᠨ ᠬᠢᠬᠦ》 ᠪᠠᠶ᠋ᠢᠳᠠᠯ ᠵᠶ᠋ᠠᠷ ᠲᠤᠯᠭ᠋ᠠᠨ ᠬᠠᠰᠤᠬᠤ ᠵᠢ ᠰᠡᠷᠭᠡᠶ᠋ᠢᠯᠡᠨ ᠬᠤᠷᠢᠭᠯᠠᠵᠤ᠂ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠪᠠᠭᠤᠷᠠᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠠᠰᠠᠭᠤᠯᠲᠠ᠄ ᠠᠵᠤ ᠦᠢ᠍ᠯᠡᠳᠪᠦᠷᠢ ᠪᠠ ᠦᠢ᠍ᠯᠡᠴᠢᠯᠡᠭᠡᠨ᠎ᠤ ᠦᠢ᠍ᠯᠡᠰ ᠵᠡᠷᠭᠡ ᠣᠨᠴᠠᠭ᠋ᠠᠶ ᠬᠦᠴᠢᠷᠳᠡᠯ᠎ᠲᠠᠢ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠰᠡᠷᠭᠦᠭᠡᠨ ᠬᠦᠭᠵᠢᠭᠦᠯᠬᠦ ᠵᠢ ᠳᠡᠮᠵᠢᠬᠦ᠂ ᠠᠵᠢᠯ ᠣᠯᠭᠤᠯᠲᠠ ᠵᠢᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠲᠠᠯ᠎ᠠ᠎ᠪᠠᠷ᠂ ᠬᠡᠷᠬᠢᠨ ᠣᠨᠣᠴᠠᠲᠠᠶ᠎ᠪᠠᠷ ᠬᠦᠴᠦᠯᠡᠬᠦ ᠪᠣᠶ?
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠄
《ᠪᠠᠭᠤᠷᠠᠭᠤᠯᠬᠤ》 — ᠵᠠᠷᠤᠳᠠᠯ ᠲᠤᠰᠢᠶᠠᠬᠤ ᠨᠣᠷᠮ᠎ᠠ ᠵᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯ ᠠᠯᠳᠠᠯᠲᠠ ᠵᠢᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠵᠠᠷᠤᠳᠠᠯ ᠲᠤᠰᠢᠶᠠᠬᠤ ᠨᠤᠷᠮ᠎ᠠ ᠵᠢ ᠱᠠᠲᠤᠴᠢ ᠴᠢᠨᠠᠷᠲᠠᠶ᠎ᠪᠠᠷ ᠪᠠᠭᠤᠷᠠᠭᠤᠯᠬᠤ ᠲᠦᠷᠦ ᠵᠢᠨ ᠪᠤᠳᠤᠯᠭ᠎ᠠ ᠵᠢ ᠪᠠᠰᠠ ᠨᠢᠭᠡ ᠵᠢᠯ ᠦᠷᠭᠦᠯᠵᠢᠯᠡᠨ ᠬᠡᠷᠡᠭᠵᠢᠭᠦᠯᠵᠦ᠂ ᠲᠦᠷᠦ ᠵᠢᠨ ᠪᠤᠳᠤᠯᠭ᠎ᠠ ᠵᠢ 2023 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃
《ᠪᠤᠴᠠᠭ᠋ᠠᠬᠤ》 — ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠰᠦᠢ᠍ᠳᠬᠡᠯ ᠪᠤᠴᠠᠭ᠋ᠠᠬᠤ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠰᠦᠢ᠍ᠳᠬᠡᠯ ᠪᠤᠴᠠᠭ᠋ᠠᠬᠤ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠠᠵᠢᠯᠲᠠᠨ ᠵᠶ᠋ᠠᠨ ᠬᠠᠰᠤᠭᠰᠠᠨ ᠦᠭᠡᠢ ᠪᠤᠶᠤ ᠴᠦᠬᠡᠨ ᠬᠠᠰᠤᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠳᠤ ᠵᠣᠬᠢᠬᠤ ᠬᠠᠷᠢᠴᠠᠯ ᠵᠶ᠋ᠠᠷ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠦᠢ᠍ᠳᠬᠡᠯ᠎ᠢ ᠪᠤᠴᠠᠭ᠋ᠠᠬᠤ ᠵᠢᠨ ᠬᠠᠮᠲᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠪᠤᠴᠠᠭ᠋ᠠᠬᠤ ᠬᠠᠷᠢᠴᠠᠯ᠎ᠢ ᠤᠳᠤ ᠵᠢᠨ ᠬᠡᠷᠡᠭᠵᠢᠭᠦᠯᠵᠦ ᠪᠠᠶ᠋ᠢᠭ᠎ᠠ 60%᠎ᠠᠴᠠ ᠬᠠᠮᠤᠭ᠎ᠤᠨ ᠥᠨᠳᠥᠷ᠎ᠲᠤ᠎ᠪᠠᠨ 90% ᠪᠣᠯᠲᠠᠯ᠎ᠠ ᠳᠡᠭᠡᠭᠰᠢᠯᠡᠭᠦᠯᠦᠨ᠎ᠡ ᠭᠡᠵᠦ ᠲᠣᠳᠣᠷᠬᠠᠶ ᠲᠣᠭᠲᠠᠭ᠋ᠠᠵᠠᠶ᠃
《ᠬᠤᠶ᠋ᠢᠰᠢᠯᠠᠭᠤᠯᠬᠤ》 — ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠬᠤᠶ᠋ᠢᠰᠢᠯᠠᠭᠤᠯᠤᠨ ᠲᠤᠰᠢᠶᠠᠬᠤ ᠡᠷᠴᠢᠮ᠎ᠢ ᠴᠢᠩᠭ᠋ᠠᠷᠠᠭᠤᠯᠤᠨ᠎ᠠ᠃ ᠠᠵᠢᠯ ᠠᠯᠳᠠᠯᠲᠠ ᠵᠢᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠦᠯᠡᠳᠡᠪᠦᠷᠢ᠎ᠪᠠᠷ ᠨᠡᠯᠢᠶᠡᠳ ᠠᠷᠪᠢᠨ ᠮᠤᠵᠢ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠳᠣᠲᠤᠷᠠᠬᠢ ᠢᠳᠡᠭᠡᠨ ᠤᠮᠳᠠᠭ᠋ᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠎ᠤᠨ ᠠᠵᠤ ᠠᠬᠤᠶ᠋ᠢᠯᠠᠯ᠎ᠳᠤ ᠬᠤᠶ᠋ᠢᠰᠢᠯᠠᠭᠤᠯᠤᠨ ᠲᠤᠰᠢᠶᠠᠬᠤ ᠲᠦᠷᠦ ᠵᠢᠨ ᠪᠤᠳᠤᠯᠭ᠎ᠠ ᠵᠢ ᠱᠠᠲᠤᠴᠢ ᠴᠢᠨᠠᠷᠲᠠᠶ᠎ᠪᠠᠷ ᠬᠡᠷᠡᠭᠵᠢᠭᠦᠯᠬᠦ ᠵᠢ ᠵᠥᠪᠰᠢᠶᠡᠷᠡᠨ᠎ᠡ᠃ ᠪᠣᠳᠠᠲᠠᠶ ᠠᠷᠭ᠎ᠠ ᠵᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃ ᠨᠥᠬᠦᠴᠡᠯ᠎ᠳᠤ ᠨᠡᠶ᠋ᠢᠴᠡᠬᠦ ᠠᠵᠤ ᠠᠬᠤᠶ᠋ᠢᠯᠠᠯ ᠭᠤᠶᠤᠴᠢᠯᠠᠯ ᠭᠠᠷᠭ᠋ᠠᠪᠠᠯ᠂ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠬᠤᠶ᠋ᠢᠰᠢᠯᠠᠭᠤᠯᠤᠨ ᠲᠤᠰᠢᠶᠠᠵᠤ ᠪᠣᠯᠤᠨ᠎ᠠ᠂ ᠬᠤᠶ᠋ᠢᠰᠢᠯᠠᠭᠤᠯᠤᠨ ᠲᠤᠰᠢᠶᠠᠬᠤ ᠬᠤᠭᠤᠴᠠᠭ᠎ᠠ᠎ᠨᠢ ᠨᠢᠭᠡ ᠵᠢᠯ᠎ᠠᠴᠠ ᠬᠡᠲᠦᠷᠡᠬᠦ ᠥᠭᠡᠢ᠂ ᠬᠤᠶ᠋ᠢᠰᠢᠯᠠᠭᠤᠯᠤᠨ ᠲᠤᠰᠢᠶᠠᠬᠤ ᠬᠤᠭᠤᠴᠠᠭ᠋ᠠᠨ᠎ᠳᠤ ᠬᠤᠭᠤᠴᠠᠭ᠎ᠠ ᠰᠠᠭ᠋ᠠᠲᠠᠭᠤᠯᠤᠭᠰᠠᠨ ᠮᠥᠩᠭᠦ ᠬᠤᠷᠢᠶᠠᠬᠤ ᠥᠭᠡᠢ᠃
ᠠᠰᠠᠭᠤᠯᠲᠠ᠄ ᠲᠥᠪ᠎ᠤᠨ ᠡᠳ᠋᠎ᠤᠨ ᠵᠠᠰᠠᠭ᠎ᠠᠴᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠠᠵᠤ ᠠᠬᠤᠶ᠋ᠢᠯᠠᠯ᠎ᠢ ᠳᠡᠮᠵᠢᠨ ᠬᠦᠴᠢᠷᠳᠡᠯ᠎ᠢ᠎ᠨᠢ ᠰᠢᠢ᠍ᠳᠪᠦᠷᠢᠯᠡᠬᠦ᠎ᠪᠠᠷ ᠪᠤᠢ?
ᠡᠳ᠋᠎ᠤᠨ ᠵᠠᠰᠠᠭ᠎ᠤᠨ ᠶᠠᠮᠤᠨ᠄
ᠨᠢᠭᠡᠳᠦᠭᠡᠷ᠎ᠲᠤ᠂ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠰᠢᠨ᠎ᠡ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠨ᠎ᠡ᠃ ᠡᠭᠦᠨ᠎ᠳᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠲᠥᠬᠦᠭᠡᠷᠦᠮᠵᠢ ᠪᠠᠭ᠋ᠠᠵᠢ ᠬᠡᠷᠡᠭᠰᠡᠯ᠎ᠤᠨ ᠭᠠᠶ᠋ᠢᠯᠢ ᠲᠤᠰᠢᠶᠠᠬᠤ᠎ᠠᠴᠠ ᠡᠮᠦᠨᠡᠬᠢ ᠬᠠᠰᠤᠵᠤ ᠭᠠᠷᠭ᠋ᠠᠬᠤ ᠡᠷᠴᠢᠮ᠎ᠢ ᠴᠢᠩᠭ᠋ᠠᠷᠠᠭᠤᠯᠵᠤ᠂ ᠣᠷᠣᠨ ᠨᠤᠲᠤᠭ᠎ᠤᠨ 《ᠵᠢᠷᠭᠤᠭ᠋ᠠᠨ ᠭᠠᠶ᠋ᠢᠯᠢ ᠬᠤᠶᠠᠷ ᠰᠦᠢ᠍ᠳᠬᠡᠯ》᠎ᠢ ᠬᠠᠰᠤᠵᠤ ᠭᠡᠯᠳᠦᠷᠢᠭᠦᠯᠬᠦ ᠲᠥᠷᠥ ᠵᠢᠨ ᠪᠣᠳᠣᠯᠭ᠎ᠠ ᠵᠢ ᠬᠡᠷᠡᠭᠯᠡᠬᠦ ᠪᠡᠶᠡᠴᠢ ᠴᠣᠭᠴᠠ ᠵᠢᠨ ᠬᠡᠪᠴᠢᠶ᠎ᠡ ᠵᠢ ᠥᠷᠭᠡᠳᠬᠡᠵᠦ᠂ ᠵᠢᠵᠢᠭ ᠬᠡᠯᠪᠡᠷᠢ ᠵᠢᠨ ᠥᠴᠦᠬᠡᠨ ᠠᠰᠢᠭ᠎ᠲᠤ ᠠᠵᠤ ᠠᠬᠤᠶ᠋ᠢᠯᠠᠯ᠎ᠤᠨ ᠣᠯᠵᠠᠪᠤᠷᠢ ᠵᠢᠨ ᠭᠠᠶ᠋ᠢᠯᠢ ᠵᠢ ᠬᠠᠰᠤᠵᠤ ᠭᠡᠯᠳᠦᠷᠢᠭᠦᠯᠬᠦ ᠡᠷᠴᠢᠮ᠎ᠢ ᠴᠢᠩᠭ᠋ᠠᠷᠠᠭᠤᠯᠬᠤ ᠵᠡᠷᠭᠡ ᠪᠠᠭᠲᠠᠨ᠎ᠠ᠃
ᠬᠤᠶᠠᠳᠤᠭ᠋ᠠᠷ᠎ᠲᠤ᠂ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ ᠵᠢ ᠰᠠᠶ᠋ᠢᠲᠤᠷ ᠬᠠᠮᠢᠶᠠᠷᠤᠨ ᠰᠠᠶ᠋ᠢᠲᠤᠷ ᠬᠡᠷᠡᠭᠯᠡᠵᠦ᠂ ᠭᠤᠣᠯᠳᠠᠯᠭ᠎ᠠ᠎ᠲᠠᠢ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠪᠠᠲᠤᠯᠠᠨ᠎ᠠ᠃ 2021 ᠣᠨ᠎ᠤ 12 ᠳ᠋ᠤᠭ᠋ᠠᠷ ᠰᠠᠷ᠎ᠠ᠎ᠳᠤ᠂ ᠡᠯ᠎ᠡ ᠭᠠᠵᠠᠷ᠎ᠤᠨ 2022 ᠣᠨ᠎ᠳᠤ ᠰᠢᠨ᠎ᠡ᠎ᠪᠠᠷ ᠨᠡᠮᠡᠭᠳᠡᠭᠦᠯᠬᠦ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠲᠤᠭ᠎ᠠ ᠵᠢ ᠨᠢᠭᠡᠨᠲᠡ 1.46 ᠲᠦᠮᠡᠨ ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭ᠋ᠠᠪᠠ᠃ 1 ᠳ᠋ᠦ᠍ᠭᠡᠷ ᠰᠠᠷ᠎ᠠ ᠵᠢᠨ ᠡᠴᠦᠰ ᠪᠣᠯᠲᠠᠯ᠎ᠠ᠂ ᠣᠷᠣᠨ ᠨᠤᠲᠤᠭ᠎ᠤᠨ᠎ᠬᠢᠨ ᠨᠢᠭᠡᠨᠲᠡ ᠰᠢᠨ᠎ᠡ᠎ᠪᠠᠷ ᠨᠡᠮᠡᠭᠳᠡᠭᠦᠯᠬᠦ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ 4844 ᠳ᠋ᠦᠩᠰᠢᠭᠤᠷ ᠲᠥᠭᠦᠷᠢᠭ ᠲᠠᠷᠬᠠᠭ᠋ᠠᠭᠰᠠᠨ ᠪᠠᠶ᠋ᠢᠨ᠎ᠠ᠃
ᠭᠤᠷᠪᠠᠳᠤᠭ᠋ᠠᠷ᠎ᠲᠤ᠂ ᠲᠤᠰᠬᠠᠶ ᠵᠦᠢ᠍ᠯ᠎ᠤᠨ ᠪᠡᠯᠡ ᠮᠥᠩᠭᠦ ᠪᠠ ᠤᠯᠤᠰ᠎ᠤᠨ ᠦᠮᠴᠢᠯᠡᠯᠲᠦ ᠬᠦᠷᠦᠩᠭᠡ ᠵᠢᠨ ᠡᠵᠡᠩᠨᠡᠯᠲᠡ ᠵᠢᠨ ᠲᠥᠰᠦᠪ᠎ᠤᠨ ᠬᠡᠪᠴᠢᠶ᠎ᠡ ᠵᠢ ᠨᠡᠮᠡᠭᠳᠡᠭᠦᠯᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠳᠡᠮᠵᠢᠨ᠎ᠡ᠃ ᠨᠢᠭᠡ ᠪᠦᠯᠦᠭ ᠳᠤᠲᠠᠭᠳᠠᠯ᠎ᠲᠠᠢ ᠲᠠᠯ᠎ᠠ ᠪᠠᠭᠤᠷᠠᠶ ᠵᠦᠢ᠍ᠯᠡᠰ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠲᠡᠮᠵᠢᠵᠤ᠂ ᠨᠢᠭᠡ ᠪᠦᠯᠦᠭ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ ᠨᠢᠭᠡ ᠪᠦᠯᠦᠭ ᠴᠢᠬᠤᠯᠠ ᠶᠡᠭᠡ ᠮᠡᠷᠭᠡᠵᠢᠯ᠎ᠤᠨ ᠲᠣᠨᠤᠭ ᠲᠦᠬᠦᠭᠡᠷᠦᠮᠵᠢ᠂ ᠰᠢᠨ᠎ᠡ ᠮᠠᠲ᠋ᠧᠷᠢᠶᠠᠯ᠎ᠤᠨ ᠦᠢ᠍ᠯᠡᠳᠬᠦᠨ᠎ᠤ ᠬᠡᠷᠡᠭᠯᠡᠯᠲᠡ ᠵᠢ ᠠᠬᠢᠭᠤᠯᠤᠨ᠎ᠠ᠃
ᠳᠥᠷᠪᠡᠳᠦᠭᠡᠷ᠎ᠲᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢᠨ ᠳᠠᠯᠳᠠ ᠬᠦᠴᠦᠨ᠎ᠢ ᠭᠦᠢ᠍ᠴᠡᠳ ᠠᠭᠤᠳᠠᠯᠵᠤ᠂ ᠬᠡᠷᠡᠭᠴᠡᠭᠡ᠎ᠪᠠᠷ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠠᠩᠭ᠋ᠠᠯᠭ᠎ᠠ ᠵᠢ ᠳᠠᠶ᠋ᠢᠴᠢᠯᠠᠬᠤ ᠵᠢ ᠳᠡᠮᠵᠢᠨ᠎ᠡ᠃ ᠵᠢᠱ᠌ᠢᠶᠡᠯᠡᠪᠡᠯ᠂ ᠰᠢᠨ᠎ᠡ ᠡᠨᠧᠷᠭᠢ ᠵᠢᠨ ᠮᠠᠰᠢᠨ ᠲᠡᠷᠭᠡ ᠬᠤᠳᠠᠯᠳᠤᠨ ᠠᠪᠬᠤ᠎ᠳᠤ ᠨᠥᠬᠦᠪᠥᠷᠢ ᠥᠭᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠴᠠᠬᠢᠯᠭ᠋ᠠᠨ ᠴᠡᠨᠡᠭᠯᠡᠬᠦ ᠱᠣᠩ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠬᠦ ᠵᠢ ᠳᠡᠮᠵᠢᠨ᠎ᠡ; ᠲᠥᠪ᠎ᠤᠨ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠵᠣᠬᠢᠰᠲᠠᠶ᠎ᠪᠠᠷ ᠨᠡᠮᠡᠭᠳᠡᠭᠦᠯᠵᠦ᠂ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠵᠣᠬᠢᠰᠲᠠᠶ᠎ᠪᠠᠷ ᠤᠷᠢᠳᠴᠢᠯᠠᠨ ᠥᠷᠨᠢᠭᠦᠯᠬᠦ ᠵᠡᠷᠭᠡ ᠪᠣᠯᠤᠨ᠎ᠠ᠃
ᠲᠠᠪᠤᠳᠤᠭ᠋ᠠᠷ᠎ᠲᠤ᠂ ᠳᠤᠮᠳᠠ ᠵᠢᠵᠢᠭ ᠠᠵᠤ ᠠᠬᠤᠶ᠋ᠢᠯᠠᠯ᠎ᠢ ᠳᠡᠮᠵᠢᠨ ᠬᠦᠴᠢᠷᠳᠡᠯ᠎ᠢ᠎ᠨᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠲᠣᠭᠲᠠᠭᠤᠨ ᠵᠶ᠋ᠠᠷ ᠠᠵᠢᠯᠯᠠᠬᠤ᠎ᠳᠤ ᠬᠦᠴᠦᠨ ᠨᠡᠮᠡᠷᠢᠯᠡᠨ᠎ᠡ᠃ ᠡᠭᠦᠨ᠎ᠳᠤ ᠲᠦᠭᠡᠮᠡᠯ ᠬᠠᠷᠠᠭ᠋ᠠᠯᠵᠠᠯᠲᠤ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠤ ᠱᠠᠩᠨᠠᠵᠤ ᠨᠥᠬᠦᠪᠥᠷᠢᠯᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠤᠯᠤᠰ᠎ᠤᠨ ᠲᠠᠰ᠎ᠤᠨ ᠲᠤᠰᠬᠠᠢ ᠰᠣᠳᠤᠨ ᠣᠨᠴᠠ ᠰᠢᠨ᠎ᠡ ᠪᠠ 《ᠵᠢᠵᠢᠭ ᠠᠪᠤᠷᠭᠤ ᠬᠥᠮᠦᠨ》᠎ᠤ ᠠᠵᠤ ᠠᠬᠤᠶ᠋ᠢᠯᠠᠯ᠎ᠢ ᠳᠡᠮᠵᠢᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠬᠤ᠂ ᠣᠷᠣᠨ ᠨᠤᠲᠤᠭ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠬᠦ ᠪᠠᠯᠠ ᠮᠥᠩᠭᠦ ᠳᠣᠭᠢᠷᠠᠭᠤᠯᠬᠤ ᠵᠢ ᠵᠣᠷᠢᠭᠵᠢᠭᠤᠯᠬᠤ ᠵᠡᠷᠭᠡ ᠪᠠᠭᠲᠠᠨ᠎ᠠ᠃
ᠠᠰᠠᠭᠤᠯᠲᠠ᠄ 《ᠲᠤᠰᠬᠠᠢ ᠰᠣᠳᠤᠨ ᠣᠨᠴᠠ ᠰᠢᠨ᠎ᠡ》 《ᠵᠢᠵᠢᠭ ᠠᠪᠤᠷᠭᠤ ᠬᠥᠮᠦᠨ》᠎ᠤ ᠠᠵᠤ ᠠᠬᠤᠶ᠋ᠢᠯᠠᠯ᠎ᠢ ᠪᠤᠶ᠋ᠢᠵᠢᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?
ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠄
ᠨᠢᠭᠡ᠎ᠳᠤ᠂ ᠴᠢᠨᠠᠷ ᠰᠠᠶ᠋ᠢᠲᠠᠶ ᠠᠵᠤ ᠠᠬᠤᠶ᠋ᠢᠯᠠᠯ᠎ᠢ ᠱᠠᠲᠤᠴᠢᠯᠠᠨ ᠪᠤᠶ᠋ᠢᠵᠢᠭᠤᠯᠬᠤ ᠲᠣᠭᠲᠠᠯᠴᠠᠭ᠎ᠠ ᠵᠢ ᠪᠦᠷᠢᠨᠰᠢᠬᠦᠯᠦᠨ᠎ᠠ᠃ ᠣᠶ᠋ᠢᠷ᠎ᠠ ᠵᠢᠨ ᠬᠤᠭᠤᠴᠠᠭ᠋ᠠᠨ᠎ᠳᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠠᠴᠠ ᠱᠠᠲᠤᠴᠢᠯᠠᠨ ᠪᠤᠶ᠋ᠢᠵᠢᠭᠤᠯᠬᠤ ᠠᠵᠢᠯ᠎ᠤᠨ ᠵᠦᠭᠯᠡᠭᠦᠷ᠎ᠢ ᠨᠡᠶ᠋ᠢᠲᠡᠯᠡᠵᠦ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂ 《ᠲᠤᠰᠬᠠᠢ ᠰᠣᠳᠤᠨ ᠣᠨᠴᠠ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ᠂ 《ᠵᠢᠵᠢᠭ ᠠᠪᠤᠷᠭᠤ ᠬᠥᠮᠦᠨ》᠎ᠤ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠴᠢᠨᠠᠷ ᠰᠠᠶ᠋ᠢᠲᠠᠶ ᠠᠵᠤ ᠠᠬᠤᠶ᠋ᠢᠯᠠᠯ᠎ᠢ ᠱᠠᠲᠤᠴᠢᠯᠠᠨ ᠪᠤᠶ᠋ᠢᠵᠢᠭᠤᠯᠬᠤ ᠰᠠᠭᠤᠷᠢ ᠵᠢ ᠪᠠᠬᠢᠵᠢᠭᠦᠯᠵᠦ᠂ 2022 ᠣᠨ᠎ᠳᠤ 3000 ᠣᠷᠴᠢᠮ 《ᠵᠢᠵᠢᠭ ᠠᠪᠤᠷᠭᠤ ᠬᠥᠮᠦᠨ》᠎ᠤ ᠠᠵᠤ ᠠᠬᠤᠶ᠋ᠢᠯᠠᠯ᠂ 200 ᠣᠷᠴᠢᠮ ᠲᠠᠩ ᠲᠥᠷᠥᠯ᠎ᠤᠨ ᠮᠠᠩᠯᠠᠶ᠎ᠳᠤ ᠰᠢᠯᠭ᠋ᠠᠷᠠᠭᠰᠠᠨ ᠠᠵᠤ ᠠᠬᠤᠶ᠋ᠢᠯᠠᠯ᠎ᠢ ᠰᠢᠨ᠎ᠡ᠎ᠪᠠᠷ ᠪᠤᠶ᠋ᠢᠵᠢᠭᠤᠯᠬᠤ᠎ᠪᠠᠷ ᠴᠢᠷᠮᠠᠶ᠋ᠢᠨ᠂ ᠡᠯ᠎ᠡ ᠮᠤᠵᠢ ᠵᠢᠨ 《ᠲᠤᠰᠬᠠᠢ ᠰᠣᠳᠤᠨ ᠣᠨᠴᠠ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ᠎ᠢ 5 ᠲᠦᠮᠡ ᠣᠷᠴᠢᠮ ᠪᠤᠶ᠋ᠢᠵᠢᠭᠤᠯᠬᠤ ᠵᠢ ᠳᠠᠶ᠋ᠢᠴᠢᠯᠠᠬᠤ ᠪᠣᠯᠤᠨ᠎ᠠ᠃
ᠬᠤᠶᠠᠷ᠎ᠲᠤ᠂ ᠳᠤᠮᠳᠠ ᠵᠢᠵᠢᠭ ᠠᠵᠤ ᠠᠬᠤᠶ᠋ᠢᠯᠠᠯ᠎ᠳᠤ ᠲᠣᠭ᠋ᠠᠴᠢᠯᠠᠭᠰᠠᠨ ᠬᠦᠴᠦᠨ ᠴᠢᠳᠠᠮᠵᠢ ᠵᠢ ᠣᠯᠭᠤᠨ᠎ᠠ᠃ 《ᠲᠤᠰᠬᠠᠢ ᠰᠣᠳᠤᠨ ᠣᠨᠴᠠ ᠰᠢᠨ᠎ᠡ ᠳᠤᠮᠳᠠ ᠵᠢᠵᠢᠭ ᠠᠵᠤ ᠠᠬᠤᠶ᠋ᠢᠯᠠᠯ᠎ᠳᠤ ᠪᠣᠳᠠᠲᠤ ᠶᠠᠪᠤᠳᠠᠯ ᠬᠢᠵᠦ ᠥᠭᠬᠦ ᠨᠠᠷᠢᠨ ᠬᠠᠭᠤᠳᠠᠰᠤ》 ᠵᠢᠨ ᠡᠯ᠎ᠡ ᠵᠦᠢ᠍ᠯ᠎ᠤᠨ ᠡᠭᠦᠷᠭᠡ ᠵᠢ ᠦᠨᠡᠨ ᠬᠦ᠌ ᠰᠠᠶ᠋ᠢᠲᠤᠷ ᠨᠠᠶ᠋ᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶ᠋ᠢᠯᠠᠯ᠎ᠤᠨ ᠲᠣᠭ᠋ᠠᠴᠢᠯᠠᠭᠰᠠᠨ ᠬᠡᠯᠪᠡᠷᠢ ᠬᠤᠪᠢᠷᠠᠯᠲᠠ ᠵᠢ ᠦᠨᠡᠯᠡᠬᠦ ᠪᠠᠷᠢᠮᠵᠢᠶ᠎ᠠ ᠵᠢ ᠲᠣᠭᠲᠠᠭ᠋ᠠᠵᠤ᠂ ᠳᠤᠮᠳᠠ ᠵᠢᠵᠢᠭ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠳᠤᠮᠳᠠ ᠵᠢᠵᠢᠭ ᠠᠵᠤ ᠠᠬᠤᠶ᠋ᠢᠯᠠᠯ᠎ᠤᠨ ᠲᠣᠭ᠋ᠠᠴᠢᠯᠠᠵᠤ ᠬᠡᠯᠪᠡᠷᠢ᠎ᠪᠠᠨ ᠬᠤᠪᠢᠷᠠᠭᠤᠯᠬᠤ ᠪᠥᠲᠥᠭᠡᠨ ᠪᠠᠶ᠋ᠢᠭᠤᠯᠤᠯᠲᠠ ᠵᠢᠨ ᠵᠦᠭᠯᠡᠭᠦᠷ᠎ᠢ ᠨᠠᠶ᠋ᠢᠷᠠᠭᠤᠯᠤᠨ ᠵᠣᠬᠢᠶᠠᠵᠤ᠂ ᠠᠵᠢᠯ ᠲᠥᠷᠥᠯ ᠬᠤᠪᠢᠶᠠᠨ ᠲᠣᠭ᠋ᠠᠴᠢᠯᠠᠨ ᠬᠡᠯᠪᠡᠷᠢ᠎ᠪᠠᠨ ᠬᠤᠪᠢᠷᠠᠭᠤᠯᠬᠤ ᠵᠠᠮ ᠱᠤᠭᠤᠮ᠎ᠢ ᠲᠣᠭᠲᠠᠭ᠋ᠠᠵᠤ᠂ ᠳᠤᠮᠳᠠ ᠵᠢᠵᠢᠭ ᠠᠵᠤ ᠠᠬᠤᠶ᠋ᠢᠯᠠᠯ᠎ᠤᠨ ᠲᠣᠭ᠋ᠠᠴᠢᠯᠠᠨ ᠬᠡᠯᠪᠡᠷᠢ᠎ᠪᠠᠨ ᠬᠤᠪᠢᠷᠠᠭᠤᠯᠬᠤ ᠵᠢ ᠵᠢᠯᠣᠭᠤᠳᠬᠤ ᠪᠠ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃
ᠭᠤᠷᠪᠠ᠎ᠳᠤ᠂ ᠲᠤᠮᠤ ᠳᠤᠮᠳᠠ ᠵᠢᠵᠢᠭ ᠠᠵᠤ ᠠᠬᠤᠶ᠋ᠢᠯᠠᠯ᠎ᠤᠨ ᠠᠭᠤᠰᠤᠯᠴᠠᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠲᠣᠮᠣ ᠳᠤᠮᠳᠠ ᠵᠢᠵᠢᠭ ᠠᠵᠤ ᠠᠬᠤᠶ᠋ᠢᠯᠠᠯ᠎ᠤᠨ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ᠂ ᠬᠠᠮᠵᠢᠯᠴᠠᠨ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠨᠡᠩ ᠥᠨᠳᠥᠷ ᠪᠦᠲᠦᠮᠵᠢᠲᠡᠶ᠂ ᠨᠡᠩ ᠳᠥᠭᠦᠮ ᠳᠥᠲᠡ ᠵᠣᠯᠭ᠋ᠠᠭᠤᠯᠬᠤ ᠵᠢ ᠠᠬᠢᠭᠤᠯᠵᠤ᠂ ᠶᠠᠮᠤᠨ ᠮᠤᠵᠢ ᠬᠤᠯᠪᠣᠭ᠋ᠠᠯᠠᠨ ᠬᠥᠳᠡᠯᠦᠯᠴᠡᠵᠦ ᠪᠠᠶ᠋ᠢᠩᠭᠤᠵᠢᠬᠰᠠᠨ ᠵᠣᠯᠭ᠋ᠠᠭᠤᠯᠬᠤ ᠲᠣᠭᠲᠠᠴᠠ ᠪᠠ ᠵᠣᠯᠭ᠋ᠠᠭᠤᠯᠬᠤ ᠲᠠᠪᠴᠠᠩ᠎ᠢ ᠪᠠᠶ᠋ᠢᠭᠤᠯᠵᠤ᠂ ᠲᠠᠭ᠋ᠠᠭᠤᠯᠤᠭᠴᠢ ᠠᠵᠤ ᠠᠬᠤᠶ᠋ᠢᠯᠠᠯ᠎ᠤᠨ ᠳᠤᠮᠳᠠ ᠵᠢᠵᠢᠭ ᠠᠵᠤ ᠠᠬᠤᠶ᠋ᠢᠯᠠᠯ᠎ᠳᠤ ᠮᠡᠷᠭᠡᠵᠢᠯ᠂ ᠵᠠᠬ᠎ᠠ ᠳᠡᠯᠭᠡᠭᠦᠷ᠂ ᠪᠠᠷᠢᠮᠵᠢᠶ᠎ᠠ᠂ ᠴᠢᠳᠠᠪᠤᠷᠢᠲᠠᠨ ᠵᠡᠷᠭᠡ ᠰᠢᠨ᠎ᠡ ᠵᠢ ᠡᠭᠦᠳᠬᠦ ᠡᠬᠢ ᠪᠠᠶᠠᠯᠢᠭ᠎ᠢ ᠳᠡᠯᠭᠡᠷᠡᠭᠦᠯᠬᠦ ᠵᠢ ᠠᠬᠢᠭᠤᠯᠵᠤ᠂ ᠳᠤᠮᠳᠠ ᠵᠢᠵᠢᠭ ᠠᠵᠤ ᠠᠬᠤᠶ᠋ᠢᠯᠠᠯ᠎ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠵᠢ ᠡᠭᠦᠳᠦᠭᠰᠡᠨ ᠨᠡᠶ᠋ᠢᠲᠡᠯᠢᠭ ᠬᠡᠪ ᠵᠠᠭᠪᠤᠷ ᠪᠠ ᠨᠡᠶ᠋ᠢᠲᠡᠯᠢᠭ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ᠂ ᠠᠭᠤᠰᠤᠯᠴᠠᠨ ᠨᠡᠪᠲᠡᠷᠡᠯᠴᠡᠵᠦ ᠬᠥᠭᠵᠢᠭᠦᠯᠬᠦ᠎ᠪᠠᠷ ᠳᠠᠮᠵᠢᠭᠤᠯᠤᠨ᠂ ᠨᠡᠩ ᠤᠯᠠᠨ 《ᠲᠤᠰᠬᠠᠢ ᠰᠣᠳᠤᠨ ᠣᠨᠴᠠ ᠰᠢᠨ᠎ᠡ》᠂ 《ᠵᠢᠵᠢᠭ ᠠᠪᠤᠷᠭᠤ ᠬᠥᠮᠦᠨ》᠎ᠤ ᠳᠤᠮᠳᠠ ᠵᠢᠵᠢᠭ ᠠᠵᠤ ᠠᠬᠤᠶ᠋ᠢᠯᠠᠯ᠎ᠢ ᠲᠠᠶ᠋ᠢᠴᠢᠯᠠᠨ ᠪᠤᠶ᠋ᠢᠵᠢᠭᠤᠯᠤᠨ᠎ᠠ᠃