2022 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ 3 ᠰᠠᠷ᠎ᠠ ᠵᠢᠨ 1᠎ᠤ ᠦᠳᠡ ᠵᠢᠨ ᠡᠮᠦᠨ᠎ᠡ ᠲᠥᠪ᠎ᠤᠨ ᠨᠠᠮ᠎ᠤᠨ ᠰᠤᠷᠭ᠋ᠠᠭᠤᠯᠢ᠎ᠳᠤ ᠬᠢᠴᠢᠶᠡᠯ ᠡᠬᠢᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠵᠠᠯᠠᠭᠤ ᠺᠠᠳ᠋ᠷᠴᠤᠳ ᠪᠣᠯ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠬᠦᠰᠡᠯ ᠡᠷᠡᠮᠡᠯᠵᠡᠯ ᠮᠥᠨ᠂ ᠡᠷᠬᠡᠪᠰᠢ ᠬᠦᠰᠡᠯᠡᠩ ᠢᠲᠡᠭᠡᠯ ᠪᠢᠰᠢᠷᠡᠯ᠎ᠤᠨ ᠦᠨᠳᠦᠰᠦ ᠰᠠᠭᠤᠷᠢ ᠵᠢ ᠪᠠᠲᠤ ᠴᠣᠭᠴᠠᠯᠠᠵᠤ᠂ ᠢᠯᠵᠠᠷᠠᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠵᠦᠪ ᠦᠵᠡᠯᠲᠡ ᠵᠢ ᠪᠣᠶ ᠪᠣᠯᠭ᠋ᠠᠨ ᠦᠢ᠍ᠯᠡᠳᠦᠯᠭᠡᠵᠢᠭᠦᠯᠵᠤ᠂ ᠤᠯᠠᠨ᠎ᠠᠴᠠ ᠬᠡᠳᠦᠶ᠋ᠢᠳᠦᠭᠰᠡᠨ ᠡᠷᠳᠡᠮ ᠴᠢᠳᠠᠪᠤᠷᠢ ᠵᠢ ᠪᠦᠷᠢᠳᠦᠬᠦᠯᠵᠦ᠂ ᠡᠭᠦᠷᠭᠡᠯᠡᠯ ᠪᠠ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠠᠮ᠎ᠤᠨ ᠣᠯᠠᠨ ᠲᠦᠮᠡᠨᠴᠢ ᠱᠤᠭᠤᠮ᠎ᠢ ᠲᠤᠭᠤᠰᠢᠯᠠᠭᠤᠯᠵᠤ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠤᠯᠤᠰ ᠲᠥᠷᠥ ᠵᠢᠨ ᠵᠠᠩ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠠᠷᠠᠳ ᠲᠦᠮᠡᠨ᠎ᠳᠤ ᠤᠰᠤᠯᠳᠠᠬᠤ ᠦᠭᠡᠢ ᠤᠯᠤᠰ ᠵᠶ᠋ᠠᠨ ᠬᠠᠶ᠋ᠢᠷᠠᠯᠠᠬᠤ ᠰᠡᠳᠭᠢᠯᠭᠡ ᠵᠢ ᠪᠣᠶ ᠪᠣᠯᠭ᠋ᠠᠵᠤ᠂ ᠡᠷᠬᠢᠮ ᠳᠡᠭᠡᠳᠦ ᠠᠷᠢᠭᠤᠨ ᠴᠡᠪᠡᠷ ᠦᠵᠡᠯ ᠰᠠᠨᠠᠭ᠋ᠠᠨ᠎ᠤ ᠲᠦᠪᠰᠢᠨ᠎ᠢ ᠬᠥᠭᠡᠭᠡᠴᠡᠯᠳᠦᠵᠤ᠂ ᠨᠠᠮ ᠪᠠ ᠠᠷᠠᠳ ᠲᠦᠮᠡᠨ᠎ᠤ ᠠᠵᠢᠯ ᠦᠢ᠍ᠯᠡᠰ᠎ᠤᠨ ᠲᠥᠯᠥᠭᠡ ᠠᠮᠢ ᠴᠦᠯᠡᠨ ᠲᠡᠮᠡᠴᠡᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠦᠯᠦ ᠤᠰᠤᠯᠳᠠᠬᠤ ᠲᠡᠮᠡᠴᠡᠯ᠎ᠤᠨ ᠤᠯᠠ ᠮᠥᠷ ᠵᠶ᠋ᠠᠨ ᠦᠯᠡᠳᠡᠭᠡᠬᠦ ᠬᠡᠷᠡᠭᠳᠠᠢ ᠭᠡᠵᠤ ᠴᠢᠬᠤᠯᠠᠴᠢᠯᠠᠪᠠ᠃
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ ᠸᠠᠩ ᠬᠤ᠌ ᠨᠢᠩ ᠬᠢᠴᠢᠶᠡᠯ ᠡᠬᠢᠯᠡᠬᠦ ᠶᠣᠰᠣᠯᠠᠯ᠎ᠳᠤ ᠣᠷᠣᠯᠴᠠᠵᠠᠢ᠃
ᠰᠢ ᠵᠢᠨ ᠫᠢᠩ᠂ ᠬᠦᠰᠡᠯᠡᠩ ᠢᠲᠡᠭᠡᠯ ᠪᠢᠰᠢᠷᠡᠯ ᠪᠣᠯ ᠨᠠᠮ᠎ᠢ ᠪᠠᠶ᠋ᠢᠭᠤᠯᠵᠤ ᠨᠠᠮ᠎ᠢ ᠮᠠᠨᠳᠤᠭᠤᠯᠬᠤ ᠵᠢᠨ ᠰᠠᠭᠤᠷᠢ ᠮᠥᠨ᠂ ᠪᠠᠰᠠ ᠴᠤ᠌ ᠨᠠᠮ᠎ᠤᠨ ᠭᠡᠰᠢᠭᠦᠨ ᠺᠠᠳ᠋ᠷ᠎ᠤᠨ ᠣᠷᠣᠰᠢᠨ ᠲᠣᠭᠲᠠᠨᠢᠬᠤ ᠵᠢᠨ ᠦᠨᠳᠦᠰᠦ ᠮᠥᠨ᠃ ᠵᠠᠯᠠᠭᠤ ᠺᠠᠳ᠋ᠷᠴᠤᠳ ᠠᠵᠢᠯ ᠦᠢ᠍ᠯᠡᠰ᠎ᠢ ᠰᠠᠶ᠋ᠢᠳᠤᠷ ᠵᠠᠯᠭ᠋ᠠᠮᠵᠢᠯᠠᠬᠤ᠎ᠳᠤ᠂ ᠬᠠᠮᠤᠭ᠎ᠤᠨ ᠴᠢᠬᠤᠯᠠ᠎ᠨᠢ ᠮᠠᠷᠺᠰ᠎ᠤᠨ ᠦᠵᠡᠯ᠎ᠤᠨ ᠢᠲᠡᠭᠡᠯ ᠪᠢᠰᠢᠷᠡᠯ᠎ᠢ ᠪᠠᠷᠢᠮᠲᠠᠯᠠᠬᠤ᠂ ᠡᠪ ᠬᠠᠮᠲᠤ ᠶᠣᠰᠣᠨ᠎ᠤ ᠠᠯᠤᠰ ᠭᠡᠳᠦ ᠵᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠲᠤ ᠵᠢᠨ ᠬᠦᠰᠡᠯᠡᠩ᠎ᠤᠨ ᠲᠥᠯᠥᠭᠡ ᠲᠡᠮᠡᠴᠡᠬᠦ ᠦᠢ᠍ᠯᠡᠰ᠎ᠢ ᠰᠠᠶ᠋ᠢᠲᠤᠷ ᠵᠠᠯᠭ᠋ᠠᠮᠵᠢᠯᠠᠬᠤ ᠶᠠᠪᠤᠳᠠᠯ ᠪᠤᠯᠤᠨ᠎ᠠ᠃ ᠨᠠᠮ᠎ᠤᠨ ᠭᠡᠰᠢᠭᠦᠨ ᠺᠠᠳ᠋ᠷ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭ᠋ᠠᠵᠤ᠂ ᠠᠯᠤᠰ᠎ᠤᠨ ᠵᠣᠷᠢᠯᠲᠠ᠎ᠲᠠᠢ ᠪᠠᠶ᠋ᠢᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠯᠦ ᠮᠠᠷᠲᠠᠵᠤ᠂ ᠠᠮᠢᠳᠤᠷᠠᠬᠤᠢ ᠵᠢᠨ ᠬᠦᠰᠡᠯᠡᠩ ᠵᠶ᠋ᠠᠨ ᠨᠠᠮ ᠪᠣᠯᠤᠨ ᠠᠷᠠᠳ ᠲᠦᠮᠡᠨ᠎ᠤ ᠦᠢ᠍ᠯᠡᠰ᠎ᠲᠤ ᠠᠭᠤᠰᠤᠯᠴᠠᠭᠤᠯᠵᠤ᠂ ᠠᠷᠠᠳ ᠲᠦᠮᠡᠨ᠎ᠤ ᠵᠣᠯ ᠵᠢᠷᠭ᠋ᠠᠯ᠎ᠤᠨ ᠲᠥᠯᠥᠭᠡ ᠲᠡᠮᠡᠴᠡᠬᠦ ᠵᠢ ᠥᠪᠡᠷ᠎ᠤᠨ ᠵᠶ᠋ᠠᠨ ᠬᠠᠮᠤᠭ᠎ᠤᠨ ᠶᠡᠭᠡ ᠵᠣᠯ ᠵᠢᠷᠭ᠋ᠠᠯ ᠵᠶ᠋ᠠᠨ ᠪᠣᠯᠭ᠋ᠠᠪᠠᠯ ᠰᠠᠶᠢ ᠡᠷᠬᠢᠮ ᠳᠡᠭᠡᠳᠦ᠂ ᠤᠳᠬ᠎ᠠ ᠠᠭᠤᠯᠭ᠎ᠠ᠎ᠲᠠᠢ ᠬᠦᠮᠦᠨ᠎ᠤ ᠠᠮᠢᠳᠤᠷᠠᠯ᠎ᠢ ᠦᠩᠬᠡᠷᠡᠬᠦᠯᠵᠤ ᠴᠢᠳᠠᠨ᠎ᠠ᠃ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠬᠤ᠎ᠳᠤ᠂ ᠡᠷᠬᠡᠪᠰᠢ ᠤᠷᠢᠳ ᠵᠶ᠋ᠠᠷ ᠮᠡᠳᠡᠵᠦ ᠳᠠᠷᠠᠭ᠎ᠠ᠎ᠨᠢ ᠢᠲᠡᠭᠡᠵᠦ᠂ ᠢᠲᠡᠭᠡᠭᠰᠡᠨᠤ ᠳᠠᠷᠠᠭ᠎ᠠ ᠦᠢ᠍ᠯᠡᠳᠦᠯᠬᠡᠵᠢᠬᠦᠯᠬᠦ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠬᠤ ᠪᠣᠯ ᠨᠢᠭᠡᠨ ᠴᠠᠭ᠎ᠤᠨ ᠶᠠᠪᠤᠳᠠᠯ ᠪᠢᠰᠢ ᠬᠠᠷᠢᠨ ᠨᠢᠭᠡ ᠨᠠᠰᠤᠨ᠎ᠤ ᠶᠠᠪᠤᠳᠠᠯ ᠮᠥᠨ᠂ ᠪᠠᠶ᠋ᠢᠩᠭᠤ ᠳᠠᠪᠳᠠᠵᠤ ᠪᠠᠶ᠋ᠢᠩᠭᠤ ᠪᠣᠯᠪᠠᠰᠤᠷᠠᠵᠤ᠂ ᠪᠠᠶ᠋ᠢᠩᠭᠤ ᠤᠬᠠᠵᠤ ᠪᠠᠶ᠋ᠢᠩᠭᠤ ᠤᠷᠤᠭᠰᠢᠯᠠᠬᠤ ᠬᠡᠷᠡᠭᠲᠡᠢ᠂ ᠶᠠᠮᠠᠷᠪᠠ ᠴᠠᠭ ᠦᠶ᠎ᠠ᠎ᠳᠤ ᠴᠦ᠍ ᠬᠡᠤᠨ ᠴᠥᠮ ᠬᠤᠪᠢᠷᠠᠰᠢ ᠦᠭᠡᠢ ᠡᠷᠡᠰ ᠪᠠᠲᠤ ᠪᠠᠶ᠋ᠢᠵᠤ᠂ ᠶᠡᠭᠡ ᠰᠠᠯᠬᠢ ᠳᠠᠪᠠᠯᠭ᠋ᠠᠨ᠎ᠤ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠬᠡᠷᠡᠭᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠵᠠᠯᠠᠭᠤ ᠺᠠᠳ᠋ᠷᠴᠤᠳ ᠡᠷᠬᠡᠪᠰᠢ ᠠᠷᠢᠭᠤᠨ ᠴᠢᠬᠡᠴᠢ ᠪᠣᠯ ᠵᠢᠷᠭ᠋ᠠᠯ ᠮᠥᠨ᠂ ᠬᠤᠪᠳᠤᠭ ᠰᠢᠨᠤᠬᠠᠢ ᠪᠣᠯ ᠭᠠᠢ ᠵᠣᠪᠠᠯᠠᠩ ᠮᠥᠨ ᠭᠡᠬᠦ ᠶᠣᠰᠣ ᠵᠢ ᠪᠠᠲᠤ ᠴᠡᠭᠡᠵᠢᠯᠡᠵᠦ᠂ ᠦᠷᠭᠦᠯᠵᠢ ᠨᠠᠮ᠎ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ᠎ᠲᠠᠢ ᠬᠠᠷᠭᠤᠭᠤᠯᠵᠤ᠂ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤᠲᠠᠢ ᠬᠠᠷᠭᠤᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠲᠠᠢ᠎ᠪᠠᠨ ᠬᠠᠷᠭᠤᠭᠤᠯᠵᠤ᠂ ᠵᠠᠷᠢᠮ ᠤᠴᠢᠷ ᠶᠠᠪᠤᠳᠠᠯ᠎ᠢ ᠬᠢᠬᠦ ᠴᠢᠬᠤᠯᠠᠳᠠᠢ ᠡᠰᠡᠬᠦ᠂ ᠬᠢᠵᠦ ᠪᠤᠯᠬᠤ ᠡᠰᠡᠬᠦ ᠵᠢ ᠲᠣᠳᠣᠷᠬᠠᠢ ᠲᠠᠨᠢᠵᠤ᠂ ᠴᠠᠭ ᠢᠮᠠᠭᠲᠠ ᠪᠡᠶ᠎ᠡ᠎ᠪᠠᠨ ᠬᠢᠴᠢᠶᠡᠨ ᠲᠤᠩᠭ᠋ᠠᠨ ᠪᠤᠳᠤᠯᠬᠢᠯᠠᠵᠤ᠂ ᠰᠠᠬᠢᠯᠭ᠎ᠠ ᠪᠠᠲᠤ ᠬᠠᠤᠯᠢ ᠲᠦᠷᠢᠮ᠎ᠢ ᠴᠢᠩᠭ᠎ᠠ ᠰᠠᠬᠢᠬᠤ ᠬᠡᠷᠡᠭᠲᠡᠢ᠃ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠶ᠋ᠢᠯᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠬᠤ᠎ᠳᠤ᠂ ᠬᠠᠮᠤᠭ᠎ᠤᠨ ᠴᠢᠬᠤᠯᠠ᠎ᠨᠢ ᠳᠣᠲᠣᠭ᠋ᠠᠳᠤ ᠰᠡᠳᠭᠢᠯ ᠵᠶ᠋ᠠᠨ ᠪᠠᠲᠤ ᠰᠠᠬᠢᠵᠤ᠂ ᠪᠠᠭ᠎ᠠ ᠶᠠᠪᠤᠳᠠᠯ ᠵᠢᠵᠢᠭ ᠤᠴᠢᠷ᠎ᠠᠴᠠ ᠡᠬᠢᠯᠡᠨ ᠰᠠᠬᠢᠵᠤ᠂ ᠰᠡᠳᠭᠢᠯ ᠵᠶ᠋ᠠᠨ ᠵᠠᠰᠠᠨ ᠶᠣᠰᠣ ᠤᠴᠢᠷ᠎ᠢ ᠮᠡᠳᠡᠵᠦ᠂ ᠶᠣᠰᠣ ᠮᠣᠷᠠᠯ᠎ᠢ ᠡᠷᠬᠢᠮᠯᠡᠨ ᠪᠡᠶ᠎ᠡ᠎ᠪᠠᠨ ᠬᠦᠨᠳᠦᠳᠭᠡᠵᠦ᠂ 《ᠦᠵᠡᠯ ᠰᠠᠨᠠᠭ᠋ᠠᠨ᠎ᠤ ᠲᠣᠭᠤᠰᠣ》᠎ᠪᠠᠨ ᠦᠷᠭᠦᠯᠵᠢ ᠭᠦᠪᠢᠵᠦ᠂ 《ᠬᠤᠪᠳᠤᠭ ᠰᠢᠨᠤᠯ᠎ᠤᠨ ᠬᠤᠣᠷ ᠬᠦᠨᠦᠬᠡᠯ》᠎ᠢ ᠢᠯᠡᠭᠦᠬᠡᠨ ᠪᠣᠳᠣᠯᠬᠢᠯᠠᠵᠤ᠂ 《ᠰᠡᠳᠭᠢᠯ᠎ᠳᠠᠬᠢ ᠬᠤᠯᠠᠭ᠋ᠠᠶ᠋ᠢᠴᠢ》᠎ᠪᠠᠨ ᠦᠷᠭᠦᠯᠵᠢ ᠲᠡᠪᠴᠢᠵᠤ᠂ ᠮᠠᠭᠤᠬᠠᠢ ᠪᠤᠳᠤᠯ᠎ᠢ ᠦᠯᠦ ᠡᠪᠦᠷᠯᠡᠬᠦ ᠪᠠᠯᠠᠢ ᠬᠢᠳᠡᠯ᠎ᠢ ᠦᠯᠦ ᠦᠢ᠍ᠯᠡᠳᠬᠦ ᠵᠢ ᠪᠠᠳᠤᠯᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠺᠠᠳ᠋ᠷᠴᠤᠳ ᠢᠯᠵᠠᠷᠠᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠬᠤ᠎ᠳᠤ᠂ ᠱᠠᠳᠤ ᠱᠠᠳᠤ᠎ᠪᠠᠷ ᠰᠡᠷᠭᠡᠶ᠋ᠢᠯᠡᠨ᠂ ᠭᠠᠵᠠᠷ ᠪᠣᠯᠭ᠋ᠠᠨ᠎ᠳᠤ ᠰᠡᠷᠭᠡᠶ᠋ᠢᠯᠡᠬᠦ ᠬᠡᠷᠡᠭᠲᠡᠢ᠃ ᠤᠯᠤᠰ ᠲᠦᠷᠦ ᠵᠢᠨ ᠪᠣᠭᠤᠮᠲᠠ ᠵᠢ ᠪᠠᠲᠤ ᠰᠠᠬᠢᠵᠤ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠵᠥᠪ ᠪᠤᠷᠤᠭᠤ ᠠᠰᠠᠭᠤᠳᠠᠯ ᠳᠡᠭᠡᠷ᠎ᠠ᠂ ᠤᠯᠤᠰ ᠲᠦᠷᠦ ᠵᠢᠨ ᠵᠠᠷᠴᠢᠮ᠎ᠤᠨ ᠠᠰᠠᠭᠤᠳᠠᠯ ᠳᠡᠭᠡᠷ᠎ᠡ ᠲᠠᠷᠢᠬᠢ ᠲᠣᠯᠣᠭ᠋ᠠᠢ ᠣᠨᠴᠠᠭ᠋ᠠᠢ ᠰᠡᠷᠭᠡᠭ᠂ ᠵᠣᠭᠰᠣᠯᠲᠠ ᠣᠨᠴᠠᠭ᠋ᠠᠢ ᠡᠷᠡᠰ ᠪᠠᠲᠤ ᠪᠠᠶ᠋ᠢᠬᠤ ᠬᠡᠷᠡᠭᠲᠡᠢ᠂ ᠶᠠᠭ᠋ᠠᠬᠢᠭᠰᠠᠨ ᠴᠤ᠌ ᠬᠤᠶᠠᠷ ᠨᠢᠭᠤᠷᠳᠠᠨ᠂ ᠬᠤᠶᠠᠷ ᠰᠡᠳᠭᠢᠯᠳᠡᠨ ᠪᠤᠯᠵᠤ ᠪᠣᠯᠬᠤ ᠦᠭᠡᠢ᠂ ᠶᠠᠭ᠋ᠠᠬᠢᠭᠰᠠᠨ ᠴᠤ᠌ ᠨᠠᠮ᠎ᠤᠨ ᠵᠠᠷᠴᠢᠮ ᠵᠶ᠋ᠠᠷ ᠠᠷᠠᠯᠵᠢᠶ᠎ᠠ ᠬᠢᠵᠦ ᠪᠣᠯᠬᠤ ᠦᠭᠡᠢ᠃ ᠡᠷᠬᠡ ᠵᠢᠨ ᠪᠣᠭᠤᠮᠲᠠ ᠵᠢ ᠰᠠᠬᠢᠵᠤ᠂ ᠡᠷᠬᠡ ᠵᠢᠨ ᠲᠤᠬᠠᠢ ᠪᠢᠰᠢᠷᠡᠨ ᠵᠢᠷᠦᠬᠡᠰᠢᠶᠡᠬᠦ ᠰᠡᠳᠭᠢᠯᠭᠡ᠎ᠪᠠᠨ ᠢᠮᠠᠭᠲᠠ ᠪᠠᠲᠤᠯᠠᠵᠤ᠂ ᠲᠥᠪ ᠭᠤᠣᠯᠴᠢ᠎ᠪᠠᠷ ᠡᠷᠬᠡ᠎ᠪᠠᠨ ᠬᠡᠷᠡᠭᠯᠡᠬᠦ᠂ ᠬᠠᠤᠯᠢ ᠶᠣᠰᠣᠭ᠋ᠠᠷ ᠡᠷᠬᠡ᠎ᠪᠠᠨ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠠᠨ ᠬᠡᠷᠡᠭᠯᠡᠬᠦ᠂ ᠠᠷᠢᠭᠤᠨ ᠴᠢᠬᠡᠴᠢ᠎ᠪᠠᠷ ᠡᠷᠬᠡ᠎ᠪᠠᠨ ᠬᠡᠷᠡᠭᠯᠡᠬᠦ ᠵᠢ ᠪᠠᠷᠢᠮᠲᠠᠯᠠᠬᠤ ᠬᠡᠷᠡᠭᠲᠡᠢ᠃ ᠶᠠᠪᠤᠯᠴᠠᠭ᠋ᠠᠨ᠎ᠤ ᠪᠣᠭᠤᠮᠲᠠ ᠵᠢ ᠰᠠᠬᠢᠵᠤ᠂ ᠶᠠᠪᠤᠯᠴᠠᠭ᠋ᠠᠨᠳᠤ ᠡᠷᠬᠡᠪᠰᠢ ᠵᠠᠷᠴᠢᠮ᠎ᠲᠠᠢ᠂ ᠶᠣᠰᠣ ᠳᠦᠷᠢᠮ᠎ᠲᠠᠢ ᠪᠠᠶ᠋ᠢᠵᠤ᠂ ᠨᠡᠶ᠋ᠢᠭᠡᠮ᠎ᠤᠨ ᠬᠠᠷᠢᠯᠴᠠᠭ᠋ᠠᠨ᠎ᠤ ᠬᠦᠷᠢᠶ᠎ᠡ᠂ ᠠᠮᠢᠳᠤᠷᠠᠯ᠎ᠤᠨ ᠬᠦᠷᠢᠶ᠎ᠡ᠂ ᠨᠠᠶ᠋ᠢᠵᠠ ᠵᠢᠨ ᠬᠦᠷᠢᠶ᠎ᠡ᠎ᠪᠠᠨ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ᠃ ᠠᠮᠢᠳᠤᠷᠠᠯ᠎ᠤᠨ ᠪᠣᠭᠤᠮᠲᠠ ᠵᠢ ᠰᠠᠬᠢᠵᠤ᠂ ᠡᠷᠡᠭᠦᠯ ᠰᠠᠶ᠋ᠢᠬᠠᠨ ᠳᠤᠷ᠎ᠠ ᠰᠣᠨᠢᠷᠬᠠᠯ᠎ᠢ ᠬᠥᠮᠦᠵᠢᠭᠦᠯᠵᠦ᠂ ᠡᠭᠡᠯ ᠪᠣᠷᠣᠭᠵᠢᠭᠤᠨ ᠠᠮᠢᠳᠤᠷᠠᠯ᠎ᠢ ᠡᠷᠬᠢᠮᠯᠡᠵᠦ᠂ ᠡᠪ ᠬᠠᠮᠲᠤᠴᠤᠳ᠎ᠤᠨ ᠤᠤᠷ ᠴᠢᠨᠠᠷ ᠵᠶ᠋ᠠᠨ ᠬᠠᠳᠠᠭ᠋ᠠᠯᠠᠬᠤ ᠬᠡᠷᠡᠭᠲᠡᠢ᠃ ᠲᠥᠷᠥᠯ ᠰᠠᠳᠤᠨ᠎ᠤ ᠬᠠᠷᠢᠴᠠᠭ᠎ᠠ ᠵᠢᠨ ᠪᠤᠭᠤᠮᠳᠠ ᠵᠢ ᠰᠠᠬᠢᠵᠤ᠂ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠢ ᠴᠢᠩᠳᠠᠯᠠᠵᠤ᠂ ᠥᠪᠡᠷ ᠵᠶ᠋ᠠᠨ ᠬᠡᠪ ᠳᠦᠷᠢᠮ ᠪᠣᠯᠬᠤ ᠮᠥᠷᠲᠡᠭᠡᠨ ᠪᠠᠰᠠ ᠲᠥᠷᠥᠯ ᠰᠠᠳᠤᠨ ᠦᠷ᠎ᠡ ᠬᠡᠦᠬᠡᠳ ᠵᠶ᠋ᠠᠨ ᠴᠢᠩᠭ᠎ᠠ ᠬᠠᠷᠠᠵᠤ᠂ ᠴᠢᠩᠭ᠎ᠠ ᠬᠠᠮᠢᠶᠠᠷᠬᠤ ᠬᠡᠷᠡᠭᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠵᠠᠰᠠᠭ᠎ᠤᠨ ᠠᠵᠢᠯ᠎ᠤᠨ ᠪᠦᠲᠦᠮᠵᠢ ᠵᠢᠨ ᠵᠦᠪ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠬᠦ᠎ᠳᠤ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ ᠦᠵᠡᠭᠦᠯᠬᠦ᠎ᠨᠢ ᠨᠠᠮᠴᠢ ᠴᠢᠨᠠᠷ ᠪᠣᠯᠤᠨ᠎ᠠ᠃ ᠨᠠᠮᠴᠢ ᠴᠢᠨᠠᠷ ᠵᠶ᠋ᠠᠷ ᠴᠢᠩᠭ᠎ᠠ ᠪᠠᠶ᠋ᠢᠵᠤ᠂ ᠠᠮᠢᠨᠴᠢᠷ ᠰᠠᠨᠠᠭ᠎ᠠ ᠡᠯᠳᠡᠪ᠎ᠤᠨ ᠪᠤᠳᠤᠯ ᠵᠶ᠋ᠠᠨ ᠲᠠᠶᠠᠭᠳᠠᠪᠠᠯ ᠰᠠᠶᠢ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ ᠬᠠᠵᠠᠭ᠋ᠠᠶ᠋ᠢᠳᠠᠬᠤ ᠦᠭᠡᠢ ᠪᠠᠶ᠋ᠢᠬᠤ ᠵᠢ ᠪᠠᠲᠤᠯᠠᠵᠤ ᠴᠢᠳᠠᠨ᠎ᠠ᠃ ᠠᠷᠠᠳ ᠲᠦᠮᠡᠨ᠎ᠳᠤ ᠪᠤᠶᠠᠨ ᠦᠢ᠍ᠯᠡᠳᠬᠦ ᠪᠣᠯ ᠬᠠᠮᠤᠭ᠎ᠤᠨ ᠶᠡᠭᠡ ᠵᠠᠰᠠᠭ᠎ᠤᠨ ᠠᠵᠢᠯ᠎ᠤᠨ ᠪᠦᠲᠦᠮᠵᠢ ᠪᠣᠯᠬᠤ ᠵᠢ ᠡᠪ ᠬᠠᠮᠲᠤᠴᠤᠳ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠪᠢᠳᠡ ᠠᠵᠢᠯ ᠵᠶ᠋ᠠᠨ ᠲᠥᠯᠥᠪᠵᠢᠭᠦᠯᠦᠨ ᠠᠬᠢᠭᠤᠯᠬᠤ᠎ᠳᠤ᠂ ᠵᠠᠪᠠᠯ ᠪᠦᠬᠦ ᠰᠡᠳᠭᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ ᠲᠦᠮᠡᠨ᠎ᠤ ᠲᠥᠯᠥᠭᠡ ᠬᠥᠭᠵᠢᠭᠦᠯᠬᠦ᠂ ᠬᠥᠭᠵᠢᠭᠦᠯᠬᠦ᠎ᠳᠤ ᠠᠷᠠᠳ ᠲᠦᠮᠡᠨ᠎ᠳᠤ ᠲᠦᠰᠢᠭᠯᠡᠬᠦ᠂ ᠬᠥᠭᠵᠢᠯᠲᠡ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠡᠳ᠋ᠯᠡᠭᠦᠯᠬᠦ ᠵᠢ ᠪᠠᠷᠢᠮᠲᠠᠯᠠᠵᠤ᠂ ᠰᠠᠶ᠋ᠢᠨ ᠶᠠᠪᠤᠳᠠᠯ ᠪᠣᠳᠠᠲᠤ ᠶᠠᠪᠤᠳᠠᠯ᠎ᠢ ᠤᠯᠠᠨ ᠲᠦᠮᠡᠨ᠎ᠤ ᠰᠡᠳᠭᠢᠯ᠎ᠳᠤ ᠰᠠᠭᠤᠭᠳᠠᠳᠠᠯ᠎ᠠ ᠬᠢᠬᠦ ᠬᠡᠷᠡᠭᠲᠡᠢ᠃ ᠶᠠᠭᠤ ᠵᠢ ᠰᠠᠶ᠋ᠢᠨ ᠶᠠᠪᠤᠳᠠᠯ ᠪᠣᠳᠠᠲᠤ ᠶᠠᠪᠤᠳᠠᠯ ᠭᠡᠬᠦ ᠵᠢ ᠤᠯᠠᠨ ᠲᠦᠮᠡᠨ᠎ᠤ ᠦᠨᠳᠦᠰᠤᠨ ᠬᠡᠷᠡᠭᠴᠡᠭᠡ᠎ᠠᠴᠠ ᠪᠣᠳᠣᠯᠬᠢᠯᠠᠬᠤ᠎ᠠᠴᠠ ᠪᠢᠰᠢ᠂ ᠪᠠᠶᠠᠴᠢ ᠲᠠᠯ᠎ᠠ᠎ᠠᠴᠠ᠎ᠪᠠᠨ ᠲᠠᠭ᠋ᠠᠮᠠᠭᠯᠠᠵᠤ ᠪᠣᠯᠬᠤ ᠦᠭᠡᠢ᠂ ᠳᠥᠭᠦᠮ ᠬᠢᠯᠪᠠᠷ ᠪᠣᠯᠭ᠋ᠠᠵᠤ᠂ ᠥᠷᠥᠭᠡᠰᠦᠭᠡᠯ ᠲᠡᠯ᠎ᠡ ᠵᠢᠨ ᠪᠤᠯᠭ᠋ᠠᠵᠤ ᠪᠣᠯᠬᠤ ᠦᠭᠡᠢ᠃ ᠬᠠᠮᠢᠭ᠎ᠠ ᠠᠷᠠᠳ ᠲᠦᠮᠡᠨ᠎ᠤ ᠬᠡᠷᠡᠭᠴᠡᠭᠡ ᠪᠠᠶ᠋ᠢᠪᠠᠯ ᠲᠡᠨᠳᠡ ᠳᠠᠷᠤᠢ ᠰᠠᠶ᠋ᠢᠨ ᠶᠠᠪᠤᠳᠠᠯ ᠪᠣᠳᠠᠲᠤ ᠶᠠᠪᠤᠳᠠᠯ ᠬᠢᠵᠦ᠂ ᠲᠡᠨᠳᠡ ᠳᠠᠷᠤᠢ ᠠᠮᠵᠢᠯᠲᠠ ᠪᠦᠲᠦᠮᠵᠢ ᠭᠠᠷᠭ᠋ᠠᠵᠤ ᠴᠢᠳᠠᠨ᠎ᠠ᠃ ᠠᠵᠢᠯ᠎ᠤᠨ ᠪᠦᠲᠦᠮᠵᠢ ᠰᠠᠶ᠋ᠢᠨ ᠪᠠᠶ᠋ᠢᠬᠤ ᠡᠰᠡᠬᠦ ᠵᠢ ᠤᠯᠠᠨ ᠲᠦᠮᠡᠨ᠎ᠳᠤ ᠦᠭᠬᠦᠭᠰᠡᠨ ᠪᠣᠳᠠᠲᠠᠢ ᠲᠦᠷᠦᠭᠳᠡᠯ᠎ᠠᠴᠠ ᠦᠵᠡᠵᠦ᠂ ᠤᠯᠠᠨ ᠲᠦᠮᠡᠨ ᠵᠶ᠋ᠠᠷ ᠦᠨᠡᠯᠡᠭᠦᠯᠬᠦ ᠬᠡᠷᠡᠭᠲᠡᠢ᠃ ᠵᠠᠷᠢᠮ ᠤᠴᠢᠷ ᠶᠠᠪᠤᠳᠠᠯ᠎ᠨᠢ ᠰᠠᠶ᠋ᠢᠨ ᠶᠠᠪᠤᠳᠠᠯ ᠪᠤᠳᠠᠳᠤ ᠶᠠᠪᠤᠳᠠᠯ ᠮᠥᠨ ᠡᠰᠡᠬᠦ᠎ᠨᠢ ᠵᠥᠪᠬᠡᠨ ᠤᠯᠠᠨ ᠲᠦᠮᠡᠨ᠎ᠤ ᠨᠢᠳᠤᠨ ᠡᠮᠦᠨᠡᠬᠢ ᠬᠡᠷᠡᠭᠴᠡᠭᠡ ᠵᠢ ᠦᠵᠡᠭᠡᠳ ᠪᠣᠯᠬᠤ ᠦᠭᠡᠢ᠂ ᠪᠠᠰᠠ ᠠᠷᠬᠠᠭ ᠭᠡᠮ ᠦᠯᠡᠳᠡᠭᠡᠬᠦ ᠡᠰᠡᠬᠦ᠂ 《ᠨᠢᠭᠡ ᠠᠰᠠᠭᠤᠳᠠᠯ᠎ᠢ ᠰᠢᠢ᠍ᠳᠪᠦᠷᠢᠯᠡᠪᠡᠯ ᠠᠷᠪᠠᠨ ᠬᠠᠷᠠᠮᠰᠠᠯ ᠦᠯᠡᠳᠡᠭᠡᠬᠦ》 ᠡᠰᠡᠬᠦ ᠵᠢ ᠦᠵᠡᠬᠦ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ᠂ ᠪᠢᠳᠡ ᠨᠠᠮ᠎ᠤᠨ ᠦᠨᠳᠦᠰᠦᠨ ᠱᠤᠭᠤᠮ᠎ᠢ ᠪᠠᠷᠢᠮᠲᠠᠯᠠᠵᠤ᠂ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ᠎ᠪᠠᠷ ᠭᠤᠤᠯᠳᠠᠯᠭ᠎ᠠ ᠪᠣᠯᠭ᠋ᠠᠬᠤ ᠵᠢ ᠪᠠᠷᠢᠮᠲᠠᠯᠠᠬᠤ ᠬᠡᠷᠡᠭᠳᠠᠢ᠂ ᠭᠡᠪᠡᠴᠦ ᠰᠢᠨ᠎ᠡ ᠪᠠᠶ᠋ᠢᠳᠠᠯ ᠳᠤᠤᠷᠠᠬᠢ ᠬᠦᠭᠵᠢᠯᠳᠡ᠎ᠨᠢ ᠰᠢᠨ᠎ᠡ ᠱᠠᠬᠠᠶ ᠡᠮᠦᠰᠴᠦ ᠬᠠᠭᠤᠴᠢᠨ ᠵᠠᠮ ᠵᠶ᠋ᠠᠷ ᠵᠶ᠋ᠠᠨ ᠵᠠᠮᠨᠠᠵᠤ ᠪᠣᠯᠬᠤ ᠥᠬᠡᠶ᠂ ᠡᠷᠬᠡᠪᠰᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠭᠡᠨ ᠪᠠᠶ᠋ᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃ ᠠᠵᠢᠯ᠎ᠤᠨ ᠠᠮᠵᠢᠯᠲᠠ ᠵᠢ ᠴᠥᠮ ᠬᠢᠵᠦ ᠪᠠᠶ᠋ᠢᠭ᠋ᠠᠳ ᠪᠦᠲᠦᠭᠡᠭᠰᠡᠨ ᠶᠤᠮ᠂ ᠦᠨᠡᠨ ᠬᠦ᠌ ᠪᠤᠳᠠᠳᠠᠢ ᠠᠵᠢᠯᠯᠠᠪᠠᠯ ᠰᠠᠶᠢ ᠦᠨᠡᠨ ᠬᠦ᠌ ᠠᠮᠵᠢᠯᠲᠠ ᠪᠦᠲᠦᠮᠵᠢ ᠭᠠᠷᠭ᠋ᠠᠵᠤ᠂ ᠵᠢᠩᠭᠢᠨᠢ ᠠᠮᠵᠢᠯᠲᠠ ᠪᠦᠲᠦᠮᠵᠢ ᠭᠠᠷᠭ᠋ᠠᠵᠤ ᠴᠢᠳᠠᠨ᠎ᠠ᠃ ᠰᠢᠨ᠎ᠡ ᠪᠠᠶ᠋ᠢᠳᠠᠯ ᠰᠢᠨ᠎ᠡ ᠡᠭᠦᠷᠭᠡ ᠵᠢᠨ ᠡᠮᠦᠨ᠎ᠡ᠂ ᠨᠠᠮ᠎ᠤᠨ ᠭᠡᠰᠢᠭᠦᠨ ᠺᠠᠳ᠋ᠷ ᠡᠷᠬᠡᠪᠰᠢ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠪᠣᠳᠠᠲᠠᠢ ᠴᠢᠳᠡᠪᠦᠷᠢ ᠵᠢ ᠡᠷᠬᠢᠮᠯᠡᠵᠦ᠂ ᠪᠣᠳᠠᠲᠠᠢ ᠠᠷᠭ᠎ᠠ ᠬᠡᠮᠵᠢᠶ᠎ᠡ ᠭᠠᠷᠭ᠋ᠠᠵᠤ᠂ ᠪᠣᠳᠠᠲᠠᠢ ᠦᠷ᠎ᠡ ᠪᠦᠲᠦᠮᠵᠢ ᠵᠢ ᠡᠷᠬᠢᠮᠯᠡᠵᠦ᠂ ᠴᠢᠳᠠᠮᠠᠭ᠋ᠠᠢ ᠬᠢᠵᠦ ᠰᠠᠶ᠋ᠢᠲᠤᠷ ᠪᠦᠲᠦᠭᠡᠵᠦ᠂ ᠤᠷᠢᠶ᠎ᠠ ᠬᠠᠰᠬᠢᠷᠬᠤ ᠮᠠᠶᠢᠭ᠎ᠤᠨ᠂ ᠣᠪᠣᠷ ᠵᠶ᠋ᠠᠨ ᠢᠯᠡᠳᠭᠡᠬᠦ ᠮᠠᠶᠢᠭ᠎ᠤᠨ᠂ ᠴᠢᠮᠡᠭᠯᠡᠬᠦ ᠮᠠᠶᠢᠭ᠎ᠤᠨ ᠨᠠᠶ᠋ᠢᠳᠠᠪᠤᠷᠢᠵᠢᠭᠤᠯᠬᠤ ᠠᠷᠭ᠎ᠠ ᠬᠢᠳᠡᠯ᠎ᠢ ᠡᠷᠡᠰ ᠬᠤᠷᠢᠭᠯᠠᠬᠤ ᠬᠡᠷᠡᠭᠲᠡᠢ᠃ ᠲᠠᠷᠤᠢ᠎ᠳᠤ᠎ᠨᠢ ᠭᠦᠢ᠍ᠴᠡᠳᠭᠡᠬᠦ ᠪᠠᠴᠢᠮ ᠡᠭᠦᠷᠭᠡ ᠵᠢ ᠪᠤᠯ᠂ ᠲᠠᠷᠤᠢ᠎ᠳᠤ᠎ᠨᠢ ᠬᠡᠯᠡᠵᠤ ᠲᠠᠷᠤᠢ᠎ᠳᠤ᠎ᠨᠢ ᠬᠦᠢ᠍ᠴᠡᠳᠭᠡᠵᠤ᠂ ᠱᠠᠯᠠᠪᠳᠠᠨ ᠲᠦᠷᠭᠡᠨ ᠬᠢᠬᠦ ᠬᠡᠷᠡᠭᠲᠡᠢ᠂ ᠠᠯᠭᠤᠷᠯᠠᠵᠤ ᠤᠳᠠᠭ᠋ᠠᠰᠢᠷᠠᠭᠤᠯᠤᠭ᠋ᠠᠳ ᠪᠠᠶ᠋ᠢᠵᠤ ᠪᠣᠯᠬᠤ ᠦᠭᠡᠢ᠃ ᠤᠷᠳᠤ ᠬᠤᠭᠤᠴᠠᠭ᠋ᠠᠨ᠎ᠤ ᠡᠭᠦᠷᠭᠡ ᠵᠢ ᠪᠤᠯ᠂ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ ᠪᠣᠯᠤᠨ ᠲᠡᠰᠪᠦᠷᠢ ᠲᠡᠪᠴᠢᠶᠡᠷᠢ᠎ᠲᠠᠢ ᠪᠠᠶ᠋ᠢᠵᠤ᠂ ᠵᠢᠷᠤᠭ ᠲᠥᠰᠦᠪ᠎ᠢ ᠡᠴᠦᠰ᠎ᠲᠤᠨᠢ ᠲᠤᠯᠲᠠᠯ᠎ᠠ ᠵᠢᠷᠤᠭᠯᠠᠨ ᠲᠦᠰᠦᠪᠯᠡᠵᠤ᠂ ᠲᠤᠰᠤᠯ ᠤᠰᠤ᠎ᠪᠠᠷ ᠴᠢᠯᠠᠭᠤ ᠵᠢ ᠴᠤᠭᠤᠯᠵᠤ᠂ ᠤᠳᠠᠭ᠋ᠠᠨ ᠳᠠᠭ᠋ᠠᠭ᠋ᠠᠮᠠᠭ᠋ᠠᠢ ᠪᠠᠷᠢᠮᠲᠠᠯᠠᠬᠤ ᠬᠡᠷᠡᠭᠲᠡᠢ᠃ ᠨᠠᠷᠢᠯᠢᠭ ᠣᠨᠣᠪᠴᠢᠲᠠᠢ ᠰᠡᠳᠭᠢᠬᠦᠢ᠎ᠪᠠᠨ ᠴᠢᠩᠭ᠋ᠠᠳᠬᠠᠵᠤ᠂ ᠲᠦᠯᠦᠪᠵᠢᠭᠦᠯᠬᠦ᠎ᠳᠡᠭᠡᠨ ᠶᠡᠭᠡ ᠲᠠᠯ᠎ᠠ ᠵᠢ ᠶᠡᠷᠦᠩᠬᠡᠶ᠋ᠢᠯᠡᠨ ᠡᠵᠡᠮᠳᠡᠵᠦ᠂ ᠬᠡᠷᠡᠭᠵᠢᠭᠦᠯᠬᠦ ᠶᠠᠪᠤᠴᠠ᠎ᠳᠠᠭᠠᠨ ᠨᠠᠷᠢᠯᠢᠭ ᠣᠨᠣᠪᠴᠢᠲᠠᠢ ᠬᠢᠵᠤ᠂ ᠬᠠᠳᠬᠤᠮᠠᠯ ᠬᠠᠳᠬᠤᠬᠤ ᠰᠢᠬ ᠤᠷᠠᠨ ᠨᠠᠷᠢᠯᠢᠭ ᠵᠶ᠋ᠠᠷ ᠠᠵᠢᠯ ᠵᠶ᠋ᠠᠨ ᠯᠠᠪᠳᠠᠭᠤᠨ ᠪᠠᠲᠤᠲᠠᠢ ᠬᠢᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠵᠠᠯᠠᠭᠤ ᠺᠠᠳ᠋ᠷᠴᠤᠳ ᠤᠳᠤᠷᠢᠳᠬᠤ ᠠᠵᠢᠯ᠎ᠢ ᠡᠭᠦᠷᠭᠡᠯᠡᠬᠦ᠎ᠳᠤ ᠡᠵᠡᠮᠰᠢᠬᠦ ᠴᠢᠬᠤᠯᠠᠲᠠᠢ ᠴᠢᠳᠠᠪᠤᠷᠢ ᠮᠠᠰᠢ ᠤᠯᠠᠨ ᠪᠠᠶ᠋ᠢᠨ᠎ᠠ᠃ ᠬᠠᠮᠤᠭ᠎ᠤᠨ ᠦᠨᠳᠦᠰᠦᠨ ᠴᠢᠳᠠᠪᠤᠷᠢ ᠪᠣᠯ ᠣᠨᠣᠯ᠎ᠤᠨ ᠬᠡᠪ ᠪᠣᠯᠪᠠᠰᠤᠷᠠᠯ ᠪᠣᠯᠤᠨ᠎ᠠ᠃ ᠮᠠᠷᠺᠰ᠎ᠤᠨ ᠦᠵᠡᠯ᠎ᠤᠨ ᠵᠣᠭᠰᠣᠯᠲᠠ᠂ ᠦᠵᠡᠯᠲᠡ᠂ ᠠᠷᠭ᠎ᠠ ᠪᠣᠯ ᠠᠵᠢᠯ ᠵᠶ᠋ᠠᠨ ᠰᠠᠶ᠋ᠢᠲᠤᠷ ᠬᠢᠬᠦ ᠵᠢᠨ ᠬᠠᠮᠤᠭ᠎ᠤᠨ ᠴᠢᠳᠠᠮᠠᠭ᠋ᠠᠢ ᠡᠷᠳᠡᠮ ᠮᠥᠨ᠂ ᠪᠢᠳᠡᠨ᠎ᠤ ᠶᠢᠷᠲᠢᠨᠴᠦ ᠵᠢ ᠲᠠᠨᠢᠬᠤ᠂ ᠶᠢᠷᠲᠢᠨᠴᠦ ᠵᠢ ᠥᠭᠡᠷᠡᠴᠢᠯᠡᠬᠦ ᠵᠢ ᠵᠢᠯᠣᠭᠤᠳᠬᠤ ᠬᠦᠴᠦᠷᠬᠡᠭ ᠶᠡᠭᠡ ᠦᠵᠡᠯ ᠰᠠᠨᠠᠭ᠋ᠠᠨ᠎ᠤ ᠵᠡᠪᠰᠡᠭ ᠮᠥᠨ᠃ ᠨᠠᠮ᠎ᠤᠨ ᠭᠡᠰᠢᠭᠦᠨ ᠺᠠᠳ᠋ᠷᠴᠤᠳ ᠵᠠᠪᠠᠯ ᠤᠨᠤᠯ᠎ᠤᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠤᠨᠤᠯ᠎ᠤᠨ ᠰᠠᠭᠤᠷᠢ᠎ᠪᠠᠨ ᠪᠠᠲᠤᠳᠬᠠᠵᠤ᠂ ᠤᠬᠠᠮᠰᠠᠷ᠎ᠠᠴᠠ᠎ᠪᠠᠨ ᠰᠢᠨ᠎ᠡ ᠴᠠᠭ ᠦᠶ᠎ᠡ ᠵᠢᠨ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠰᠢᠨ᠎ᠡ ᠪᠠᠶ᠋ᠢᠳᠠᠯ᠎ᠢ ᠠᠵᠢᠭᠯᠠᠵᠤ᠂ ᠰᠢᠨ᠎ᠡ ᠪᠠᠶ᠋ᠢᠳᠠᠯ᠎ᠢ ᠰᠤᠳᠤᠯᠵᠤ᠂ ᠰᠢᠨ᠎ᠡ ᠠᠰᠠᠭᠤᠳᠠᠯ᠎ᠢ ᠰᠢᠢ᠍ᠳᠪᠦᠷᠢᠯᠡᠵᠦ᠂ ᠡᠯ᠎ᠡ ᠵᠦᠢ᠍ᠯ᠎ᠤᠨ ᠠᠵᠢᠯ ᠵᠶ᠋ᠠᠨ ᠵᠥᠪ ᠴᠢᠭᠯᠡᠯ ᠲᠡᠶ᠋ᠢᠰᠢ᠂ ᠪᠤᠰᠤᠳᠴᠢ ᠵᠢᠮ᠎ᠡ ᠶᠣᠰᠣ᠎ᠪᠠᠷ ᠠᠬᠢᠭᠤᠯᠬᠤ ᠬᠡᠷᠡᠭᠲᠡᠢ᠃ ᠤᠨᠤᠯ ᠪᠠ ᠦᠢ᠍ᠯᠡᠳᠦᠯᠭᠡ ᠵᠢ ᠤᠶᠠᠯᠳᠤᠭᠤᠯᠬᠤ ᠵᠢ ᠪᠠᠷᠢᠮᠲᠠᠯᠠᠵᠤ᠂ ᠦᠢ᠍ᠯᠡᠳᠦᠯᠭᠡ ᠵᠢᠨ ᠳᠤᠮᠳᠠ᠎ᠠᠴᠠ ᠵᠢᠩᠬᠢᠨᠢ ᠮᠡᠳᠡᠯᠭᠡ ᠰᠤᠷᠬᠤ᠂ ᠦᠨᠡᠨ ᠶᠣᠰᠣ ᠵᠢ ᠣᠶ᠋ᠢᠯᠠᠭ᠋ᠠᠬᠤ ᠵᠢ ᠴᠢᠬᠤᠯᠠᠴᠢᠯᠠᠵᠤ᠂ ᠳᠠᠪᠲᠠᠨ ᠪᠣᠯᠪᠠᠰᠤᠷᠠᠬᠤ᠎ᠪᠠᠨ ᠴᠢᠩᠭ᠋ᠠᠳᠬᠠᠵᠤ᠂ ᠡᠷᠳᠡᠮ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ᠃ ᠡᠭᠦᠨ᠎ᠤ ᠵᠠᠩᠭᠢᠯᠠᠭ᠎ᠠ᠎ᠨᠢ ᠳᠠᠷᠤᠤ ᠬᠢᠴᠢᠶᠡᠩᠭᠦᠢ ᠪᠠᠶ᠋ᠢᠵᠤ᠂ ᠳᠤᠷᠠᠲᠠᠶ᠎ᠠ 《ᠪᠠᠭ᠎ᠠ ᠰᠤᠷᠭ᠋ᠠᠭᠤᠯᠢ ᠵᠢᠨ ᠰᠤᠷᠤᠭᠴᠢ》 ᠪᠤᠯᠵᠤ᠂ ᠮᠡᠳᠡᠬᠦ ᠦᠭᠡᠢ ᠪᠣᠯ ᠠᠰᠠᠭᠤᠵᠤ᠂ ᠳᠤᠤᠷᠠᠬᠢ ᠬᠦᠮᠦᠨ᠎ᠠᠴᠠ᠎ᠪᠠᠨ ᠠᠰᠠᠭᠤᠬᠤ᠎ᠠᠴᠠ ᠢᠴᠢᠬᠦ ᠦᠭᠡᠢ ᠪᠠᠶ᠋ᠢᠵᠤ᠂ ᠪᠡᠶᠡᠴᠢ ᠲᠠᠭ᠋ᠠᠮᠠᠭᠯᠠᠯ ᠬᠢᠵᠦ᠂ ᠣᠪᠯᠠᠵᠦ ᠮᠡᠳᠡᠮᠡᠬᠡᠶ᠋ᠢᠷᠡᠵᠦ ᠶᠠᠭ᠋ᠠᠬᠢᠭᠰᠠᠨ ᠴᠤ᠌ ᠪᠣᠯᠬᠤ ᠦᠭᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠪᠦᠬᠦ ᠨᠠᠮ ᠵᠶ᠋ᠠᠷ ᠵᠶ᠋ᠠᠨ ᠡᠭᠦᠷᠭᠡᠯᠡᠯ ᠪᠠ ᠲᠡᠮᠡᠴᠡᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠪᠠᠯ ᠰᠠᠶᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠠᠤᠭ᠎ᠠ ᠬᠠᠷᠠᠯᠲᠠ ᠵᠢ ᠪᠡᠶᠡᠯᠡᠭᠦᠯᠵᠦ ᠴᠢᠳᠠᠨ᠎ᠠ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢ᠍ᠯ᠎ᠤᠨ ᠵᠣᠷᠢᠭ ᠰᠠᠨᠠᠭ᠎ᠠ ᠮᠥᠨ᠂ ᠭᠤᠶᠠᠴᠢ ᠦᠭᠡᠢ ᠵᠠᠩ ᠰᠤᠷᠲᠠᠯ ᠪᠠ ᠰᠦᠷᠳᠡᠰᠢ ᠦᠭᠡᠢ ᠰᠥᠰᠥ ᠵᠣᠷᠢᠭ᠎ᠢ ᠬᠠᠮᠤᠭ᠎ᠠᠴᠠ ᠬᠡᠷᠡᠭᠰᠡᠨ᠎ᠡ᠃ ᠭᠤᠶᠠᠴᠢ ᠦᠭᠡᠢ ᠬᠥᠮᠦᠨ ᠠᠶᠤᠬᠤ ᠦᠭᠡᠢ᠂ ᠠᠶᠤᠬᠤ ᠦᠭᠡᠢ ᠬᠥᠮᠦᠨ ᠰᠠᠶᠢ ᠡᠭᠦᠷᠭᠡᠯᠡᠵᠦ᠂ ᠲᠡᠮᠡᠴᠡᠵᠦ ᠴᠢᠳᠠᠨ᠎ᠠ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢ᠍ᠯ᠎ᠤᠨ ᠬᠠᠷᠢᠭᠤᠴᠠᠯᠭ᠎ᠠ ᠮᠥᠨ᠂ ᠵᠣᠷᠢᠭᠲᠠᠢ ᠬᠠᠷᠢᠭᠤᠴᠠᠬᠤ ᠵᠢ ᠰᠠᠶᠢ ᠵᠢᠩᠭᠢᠨᠢ ᠡᠭᠦᠷᠭᠡᠯᠡᠯ᠂ ᠵᠢᠩᠭᠢᠨᠢ ᠲᠡᠮᠡᠴᠡᠯ ᠬᠡᠵᠤ ᠬᠡᠯᠡᠨ᠎ᠡ᠃ ᠨᠠᠮ᠎ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠲᠡᠦᠬᠡ ᠵᠢᠨ ᠰᠠᠨᠠᠭ᠋ᠠᠴᠢᠯᠠᠭ᠋ᠠᠲᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠠ ᠲᠣᠬᠢᠶᠠᠯ᠎ᠤᠨ ᠡᠮᠦᠨ᠎ᠡ ᠰᠠᠨᠠᠭ᠋ᠠᠴᠢᠯᠠᠭ᠎ᠠ᠎ᠠᠴᠠ᠎ᠪᠠᠨ ᠲᠡᠮᠡᠴᠡᠵᠦ᠂ ᠡᠷᠡᠭᠡᠯᠵᠡᠬᠦ ᠦᠭᠡᠢ᠂ ᠬᠠᠷᠠᠵᠤ ᠰᠠᠭᠤᠬᠤ ᠦᠭᠡᠢ ᠪᠠᠶ᠋ᠢᠬᠤ ᠬᠡᠷᠡᠭᠲᠡᠢ; ᠬᠦᠴᠢᠷ ᠪᠡᠷᠬᠡᠰᠢᠶᠡᠯ᠎ᠤᠨ ᠡᠮᠦᠨ᠎ᠡ ᠬᠦᠴᠢᠷ᠎ᠢ ᠰᠥᠷᠦᠨ ᠤᠷᠤᠭᠰᠢᠯᠠᠵᠤ᠂ ᠬᠠᠷᠢᠯᠴᠠᠨ ᠲᠦᠯᠬᠢᠯᠴᠡᠬᠦ ᠦᠭᠡᠢ᠂ ᠵᠠᠶ᠋ᠢᠯᠠᠬᠤ ᠦᠭᠡᠢ ᠪᠠᠶ᠋ᠢᠬᠤ ᠬᠡᠷᠡᠭᠲᠡᠢ; ᠠᠶᠤᠯ ᠲᠦᠭᠰᠢᠭᠦᠷᠢ ᠵᠢ ᠢᠳᠡᠪᠬᠢᠲᠡᠢ ᠠᠷᠭ᠋ᠠᠴᠠᠭ᠋ᠠᠵᠤ᠂ ᠵᠢᠷᠦᠬᠡᠰᠢᠶᠡᠬᠦ ᠦᠭᠡᠢ᠂ ᠵᠠᠶ᠋ᠢᠯᠠᠬᠤ ᠦᠭᠡᠢ ᠪᠠᠶ᠋ᠢᠬᠤ ᠬᠡᠷᠡᠭᠲᠡᠢ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢ᠍ᠯ᠎ᠤᠨ ᠪᠠᠶ᠋ᠢᠷᠢᠰᠢᠯ ᠮᠥᠨ᠂ ᠬᠡᠰᠡᠭ ᠲᠠᠯ᠎ᠠ᠎ᠨᠢ ᠪᠦᠬᠦ ᠲᠠᠯ᠎ᠠ ᠵᠢ ᠳᠠᠭ᠋ᠠᠬᠤ ᠵᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠶᠡᠭᠡ ᠲᠠᠯ᠎ᠠ ᠵᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ᠎ᠨᠢ ᠨᠡᠩ ᠡᠷᠬᠢᠮ ᠨᠠᠨᠳᠢᠨ ᠶᠤᠮ᠃ ᠬᠡᠬᠦᠳᠡᠭ ᠰᠡᠳᠬᠢᠯ᠎ᠳᠡᠭᠡᠨ 《ᠤᠯᠤᠰ᠎ᠤᠨ ᠶᠡᠭᠡ ᠶᠠᠪᠤᠳᠠᠯ》᠎ᠢ ᠡᠪᠦᠷᠯᠡᠵᠤ᠂ ᠪᠦᠬᠦ ᠲᠠᠯ᠎ᠠ ᠪᠠ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠠᠰᠠᠭᠤᠳᠠᠯ᠎ᠢ ᠪᠣᠳᠣᠯᠬᠢᠯᠠᠵᠤ᠂ ᠤᠴᠢᠷ ᠶᠠᠪᠤᠳᠠᠯ᠎ᠢ ᠬᠢᠵᠦ᠂ ᠠᠯᠢᠪᠠ ᠠᠵᠢᠯ᠎ᠳᠤ ᠴᠥᠮ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠪᠠᠷ ᠤᠷᠢᠲᠠᠯ ᠪᠣᠯᠭ᠋ᠠᠵᠤ᠂ ᠬᠡᠰᠡᠭ ᠲᠠᠯ᠎ᠠ ᠵᠢᠨ ᠠᠰᠢᠭ ᠲᠤᠰᠠ ᠵᠢᠨ ᠲᠥᠯᠥᠭᠡ ᠪᠦᠬᠦ ᠲᠠᠯ᠎ᠠ ᠵᠢᠨ ᠠᠰᠢᠭ ᠲᠤᠰᠠ ᠵᠢ ᠬᠤᠬᠢᠷᠠᠭᠤᠯᠵᠤ ᠪᠣᠯᠬᠤ ᠦᠭᠡᠢ᠂ ᠲᠦᠷ ᠴᠠᠭ᠎ᠤᠨ ᠠᠰᠢᠭ ᠲᠤᠰᠠ ᠵᠢᠨ ᠲᠥᠯᠥᠭᠡ ᠦᠨᠳᠦᠰᠦᠨ ᠠᠰᠢᠭ ᠲᠤᠰᠠ ᠪᠠ ᠠᠯᠤᠰ ᠬᠡᠳᠦ ᠵᠢᠨ ᠠᠰᠢᠭ ᠲᠤᠰᠠ ᠵᠢ ᠬᠤᠬᠢᠷᠠᠭᠤᠯᠵᠤ ᠪᠣᠯᠬᠤ ᠦᠭᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠡᠳᠡᠭᠡᠷ ᠵᠢᠯ᠎ᠤᠳ᠎ᠲᠤ᠂ ᠪᠢᠳᠡ ᠡᠷᠬᠡᠪᠰᠢ ᠮᠠᠰᠢ ᠤᠯᠠᠨ ᠰᠢᠨ᠎ᠡ ᠲᠡᠦᠬᠡ ᠵᠢᠨ ᠣᠨᠴᠠᠯᠢᠭ᠎ᠲᠠᠢ ᠠᠭᠤᠤ ᠶᠡᠭᠡ ᠲᠡᠮᠡᠴᠡᠯ ᠬᠢᠬᠦ᠎ᠪᠠᠷ ᠪᠡᠯᠡᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠂ ᠶᠠᠭ ᠡᠶ᠋ᠢᠮᠦ ᠦᠵᠡᠯ ᠰᠠᠨᠠᠭ᠋ᠠᠨ᠎ᠤ ᠪᠡᠯᠡᠳᠭᠡᠯ᠎ᠲᠠᠢ ᠪᠣᠯᠪᠠᠯ ᠪᠢᠳᠡ ᠰᠠᠶᠢ ᠠᠯᠢ ᠤᠯᠠᠨ ᠠᠶᠤᠯ ᠲᠦᠭᠰᠢᠭᠦᠷᠢ ᠵᠢᠨ ᠰᠢᠯᠭ᠋ᠠᠯᠲᠠ ᠵᠢ ᠯᠠᠪᠳᠠᠭᠤᠨ ᠵᠶ᠋ᠠᠷ ᠠᠷᠭ᠋ᠠᠴᠠᠭ᠋ᠠᠵᠤ ᠴᠢᠳᠠᠨ᠎ᠠ᠃ ᠭᠠᠭᠴᠠ ᠬᠦ᠌ ᠠᠰ ᠲᠤᠯᠤᠨ ᠡᠷᠡᠯᠬᠡᠭᠯᠡᠨ ᠪᠠᠶ᠋ᠢᠯᠳᠤᠵᠤ ᠢᠯᠠᠯᠳᠠ ᠤᠯᠬᠤ ᠣᠮᠤᠭ ᠵᠤᠷᠢᠭ ᠵᠶ᠋ᠠᠷ ᠵᠣᠷᠢᠭᠲᠠᠶ ᠲᠡᠮᠡᠴᠡᠵᠦ᠂ ᠴᠢᠳᠠᠮᠠᠭ᠋ᠠᠶ ᠲᠡᠮᠡᠴᠡᠪᠡᠯ ᠪᠢᠳᠡ ᠰᠠᠶᠢ ᠨᠡᠷ᠎ᠡ ᠬᠦᠨᠳᠦ᠎ᠪᠠᠨ ᠣᠯᠵᠤ᠂ ᠰᠠᠨᠠᠭ᠋ᠠᠴᠢᠯᠠᠭ᠋ᠠᠲᠤ ᠪᠠᠶ᠋ᠢᠷᠢ ᠵᠢ ᠣᠯᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠦᠨᠡᠨ ᠬᠦ᠌ ᠬᠠᠮᠠᠭ᠋ᠠᠯᠠᠵᠤ ᠴᠢᠳᠠᠨ᠎ᠠ ᠭᠡᠳᠡᠭ᠎ᠢ ᠲᠤᠭ᠎ᠠ ᠲᠣᠮᠰᠢ ᠥᠬᠡᠶ ᠪᠣᠳᠠᠲᠤ ᠶᠠᠪᠤᠳᠠᠯ ᠪᠢᠳᠡᠨ᠎ᠳᠤ ᠬᠡᠯᠡᠵᠦ ᠥᠭᠪᠡ᠃ ᠵᠠᠯᠠᠭᠤ ᠺᠠᠳ᠋ᠷᠴᠤᠳ ᠵᠠᠪᠠᠯ ᠨᠢᠷᠤᠭᠤ ᠭᠡᠳᠡᠶ᠋ᠢᠵᠦ᠂ ᠡᠮᠦᠨ᠎ᠡ᠎ᠨᠢ ᠭᠠᠪᠰᠢᠭ᠋ᠠᠶ᠋ᠢᠯᠠᠨ ᠲᠡᠮᠡᠴᠡᠵᠦ᠂ ᠲᠡᠮᠡᠴᠡᠯ᠎ᠤᠨ ᠳᠤᠮᠳᠠ ᠰᠠᠯᠬᠢ ᠪᠣᠷᠣᠭ᠋ᠠᠨ᠎ᠢ ᠦᠩᠬᠡᠷᠡᠬᠦᠯᠵᠤ᠂ ᠨᠢᠳᠦ ᠨᠡᠭᠡᠭᠡᠵᠤ ᠬᠠᠷᠠᠭ᠎ᠠ᠎ᠪᠠᠨ ᠦᠷᠬᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠠᠯᠢ ᠤᠯᠠᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠤ ᠴᠢᠬᠤᠯᠠ ᠨᠢᠭᠡ ᠵᠣᠷᠢᠯᠭ᠎ᠠ ᠪᠣᠯ ᠳᠠᠷᠤᠢ ᠪᠦᠬᠦ ᠨᠠᠮ᠎ᠢ ᠬᠥᠮᠦᠵᠢᠭᠦᠯᠦᠨ ᠵᠢᠯᠣᠭᠤᠳᠴᠤ ᠳᠤᠮᠳᠠᠳᠤ ᠤᠯᠤᠰ᠎ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠬᠦ ᠡᠨᠡ ᠬᠦ᠌ ᠦᠨᠳᠦᠰᠦᠨ ᠠᠰᠠᠭᠤᠳᠠᠯ᠎ᠢ ᠪᠠᠲᠤ ᠴᠡᠭᠡᠵᠢᠯᠡᠭᠦᠯᠵᠦ᠂ ᠨᠠᠮ ᠪᠣᠯᠤᠨ ᠠᠷᠠᠳ ᠲᠦᠮᠡᠨ᠎ᠤ ᠴᠢᠰᠤ ᠮᠢᠬᠠᠨ᠎ᠤ ᠬᠠᠷᠢᠴᠠᠭ᠎ᠠ ᠵᠢ ᠢᠮᠠᠭᠲᠠ ᠪᠠᠲᠤᠯᠠᠪᠠ᠃ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠰᠢᠯᠠᠭᠤᠯᠬᠤ᠎ᠳᠤ ᠡᠩ ᠲᠡᠷᠢᠭᠦᠨ᠎ᠳᠤ ᠣᠯᠠᠨ ᠲᠦᠮᠡᠨ᠎ᠳᠤ ᠬᠠᠶ᠋ᠢᠷ᠎ᠠ ᠰᠡᠳᠭᠢᠯᠭᠡ᠎ᠲᠠᠢ ᠪᠠᠶ᠋ᠢᠵᠤ᠂ ᠥᠪᠡᠷ᠎ᠢ᠎ᠪᠠᠨ ᠦᠨᠡᠨ ᠬᠦ᠌ ᠤᠯᠠᠨ ᠲᠦᠮᠡᠨ᠎ᠤ ᠨᠢᠭᠡ ᠭᠡᠰᠢᠭᠦᠨ ᠵᠶ᠋ᠠᠷ ᠦᠵᠡᠵᠦ᠂ ᠤᠯᠠᠨ ᠲᠦᠮᠡᠨ᠎ᠤ ᠶᠠᠪᠤᠳᠠᠯ᠎ᠢ ᠥᠪᠡᠷ᠎ᠤᠨ ᠶᠠᠪᠤᠳᠠᠯ ᠵᠶ᠋ᠠᠨ ᠪᠣᠯᠭ᠋ᠠᠬᠤ ᠬᠡᠷᠡᠭᠲᠡᠢ᠃ ᠰᠢᠨ᠎ᠡ ᠪᠠᠶ᠋ᠢᠳᠠᠯ ᠳᠣᠣᠷᠠᠬᠢ ᠤᠯᠠᠨ ᠲᠦᠮᠡᠨ᠎ᠤ ᠠᠵᠢᠯ᠎ᠤᠨ ᠣᠨᠴᠠᠯᠢᠭ ᠪᠠ ᠵᠢᠮ᠎ᠡ ᠶᠣᠰᠣ ᠵᠢ ᠭᠦᠨᠵᠡᠭᠡᠢ ᠰᠤᠳᠤᠯᠤᠨ ᠣᠨᠣᠪᠴᠢᠲᠠᠢ ᠡᠵᠡᠮᠰᠢᠵᠦ᠂ ᠤᠯᠠᠨ ᠲᠦᠮᠡᠨ᠎ᠤ ᠠᠵᠢᠯ᠎ᠤᠨ ᠠᠷᠭ᠎ᠠ ᠵᠢ ᠰᠠᠶ᠋ᠢᠵᠢᠷᠠᠭᠤᠯᠤᠨ᠂ ᠤᠯᠠᠨ ᠲᠦᠮᠡᠨ᠎ᠤ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠪᠣᠯ ᠭᠠᠷ᠎ᠲᠤ ᠬᠦᠷᠭᠡᠵᠦ ᠢᠷᠡᠭᠰᠡᠨ ᠤᠯᠠᠨ ᠲᠦᠮᠡᠨ᠎ᠤ ᠠᠵᠢᠯ ᠮᠥᠨ᠂ ᠵᠠᠬᠢᠳᠠᠯ ᠰᠤᠷᠪᠤᠯᠵᠢᠯᠠᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠤᠯᠠᠨ ᠲᠦᠮᠡᠨ᠎ᠤ ᠬᠦᠰᠡᠯ ᠡᠷᠡᠮᠡᠯᠵᠡᠯ ᠪᠠ ᠭᠤᠶᠤᠴᠢᠯᠠᠯ ᠱᠠᠭ᠋ᠠᠷᠳᠠᠯᠭ᠎ᠠ ᠵᠢ ᠲᠣᠳᠣᠷᠬᠠᠢ ᠣᠶ᠋ᠢᠯᠠᠭ᠋ᠠᠵᠤ᠂ ᠠᠵᠢᠯ᠎ᠤᠨ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ᠎ᠪᠠᠨ ᠡᠷᠢᠨ ᠣᠯᠵᠤ᠂ ᠨᠢᠭᠡ᠎ᠠᠴᠠ ᠨᠦᠬᠦᠭᠡ ᠵᠢ ᠵᠦᠢ᠍ᠴᠢᠯᠡᠨ ᠮᠡᠳᠡᠵᠤ᠂ ᠬᠠᠯᠠᠨ ᠰᠠᠶ᠋ᠢᠵᠢᠷᠠᠭᠤᠯᠵᠤ᠂ ᠤᠯᠠᠨ ᠲᠦᠮᠡᠨ᠎ᠳᠤ ᠨᠡᠩ ᠰᠠᠶ᠋ᠢᠨ ᠦᠢ᠍ᠯᠡᠴᠢᠯᠡᠬᠦ ᠬᠡᠷᠡᠭᠲᠡᠢ᠃ ᠤᠳᠤᠷᠢᠳᠬᠤ ᠺᠠᠳ᠋ᠷᠴᠤᠳ ᠰᠦᠯᠵᠢᠶ᠎ᠡ ᠵᠢ ᠰᠤᠷᠴᠤ᠂ ᠰᠦᠯᠵᠢᠶ᠎ᠡ ᠵᠢ ᠤᠶ᠋ᠢᠯᠠᠭ᠋ᠠᠵᠤ᠂ ᠰᠦᠯᠵᠢᠶ᠎ᠡ ᠵᠢ ᠬᠡᠷᠡᠭᠯᠡᠵᠦ᠂ ᠣᠯᠠᠨ ᠲᠦᠮᠡᠨ᠎ᠤ ᠬᠦᠰᠡᠯ ᠪᠣᠳᠣᠯ᠎ᠢ ᠤᠶ᠋ᠢᠯᠠᠭ᠋ᠠᠨ᠂ ᠰᠠᠶ᠋ᠢᠨ ᠪᠣᠳᠣᠯ ᠰᠠᠶ᠋ᠢᠨ ᠰᠠᠨᠠᠭᠤᠯᠭ᠎ᠠ ᠵᠢ ᠴᠤᠭᠯᠠᠭᠤᠯᠵᠤ᠂ ᠰᠦᠯᠵᠢᠶᠡᠨ ᠢᠷᠭᠡᠳ᠎ᠤᠨ ᠠᠩᠬᠠᠷᠤᠯ᠎ᠳᠤ ᠢᠳᠡᠪᠬᠢᠲᠡᠶ ᠬᠠᠷᠢᠭᠤ ᠥᠭᠬᠦ ᠬᠡᠷᠡᠭᠲᠡᠶ᠃ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠰᠦᠯᠵᠢᠶ᠎ᠠ ᠪᠠ ᠪᠤᠳᠠᠳᠤ ᠴᠤᠭᠴᠠ ᠵᠢ ᠤᠶᠠᠯᠳᠤᠭᠤᠯᠬᠤ ᠵᠢ ᠪᠠᠷᠢᠮᠲᠠᠯᠠᠵᠤ᠂ ᠰᠢᠨ᠎ᠡ᠎ᠪᠠᠷ ᠠᠵᠢᠯ ᠣᠯᠤᠭᠰᠠᠨ ᠬᠥᠮᠦᠰ᠎ᠤᠨ ᠦᠵᠡᠯ ᠰᠠᠨᠠᠭ᠎ᠠ ᠵᠢ ᠬᠥᠲᠥᠯᠥᠨ ᠵᠢᠯᠣᠭᠤᠳᠬᠤ ᠪᠠ ᠨᠢᠭᠲᠠᠷᠠᠭᠤᠯᠬᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
ᠴᠧᠨ ᠰᠢ ᠬᠢᠴᠢᠶᠠᠯ ᠡᠬᠢᠯᠡᠬᠦ ᠶᠣᠰᠣᠯᠠᠯ᠎ᠢ ᠡᠷᠬᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠳᠤ ᠵᠠᠯᠠᠭᠤ ᠺᠠᠳ᠋ᠷᠴᠤᠳ᠎ᠲᠤ ᠲᠠᠯᠪᠢᠭᠰᠠᠨ ᠴᠢᠩ ᠰᠡᠳᠭᠢᠯ᠎ᠤᠨ ᠬᠦᠰᠡᠯ ᠡᠷᠡᠮᠡᠯᠵᠡᠯ ᠠᠭᠤᠯᠤᠭᠳᠠᠵᠤ᠂ ᠥᠷᠭᠡᠨ ᠤᠯᠠᠨ ᠵᠠᠯᠠᠭᠤ ᠺᠠᠳ᠋ᠷᠴᠤᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠳᠤ ᠴᠢᠷᠮᠠᠶ᠋ᠢᠬᠤ ᠴᠢᠭᠯᠡᠯ᠎ᠢ ᠲᠣᠳᠣᠷᠬᠠᠢ ᠵᠢᠭ᠋ᠠᠨ ᠦᠭᠴᠡᠢ᠂ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠦᠨᠡᠨ ᠬᠦ᠌ ᠰᠡᠳᠭᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ ᠲᠡᠭᠡᠷ᠎ᠡ᠎ᠪᠠᠨ ᠢᠯᠡᠷᠡᠭᠦᠯᠬᠦ ᠬᠡᠷᠡᠭᠲᠡᠢ; ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠴᠢᠨᠠᠭᠰᠢᠳᠠ ᠰᠠᠶ᠋ᠢᠲᠤᠷ ᠣᠶ᠋ᠢᠯᠠᠭ᠋ᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠵᠦ᠂ 《ᠬᠤᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠬᠦ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ᠎ᠤ ᠤᠬᠠᠮᠰᠠᠷ ᠪᠣᠯᠭ᠋ᠠᠨ ᠬᠤᠪᠢᠷᠠᠭᠤᠯᠵᠤ᠂ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠶ᠋ᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ ᠭᠡᠵᠦ ᠢᠯᠡᠳᠭᠡᠪᠡ᠃
ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠡᠯ ᠡᠬᠢᠯᠡᠬᠦ ᠶᠣᠰᠣᠯᠠᠯ᠎ᠳᠤ ᠣᠷᠣᠯᠴᠠᠪᠠ᠃
2022 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠵᠢᠨ ᠰᠤᠷᠤᠯᠭ᠋ᠠᠲᠠᠳ ᠬᠢᠴᠢᠶᠡᠯ ᠡᠬᠢᠯᠡᠬᠦ ᠶᠣᠰᠣᠯᠠᠯ᠎ᠳᠤ ᠣᠷᠣᠯᠴᠠᠵᠤ᠂ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠢᠴᠢᠶᠡᠯ ᠡᠬᠢᠯᠡᠬᠦ ᠶᠣᠰᠣᠯᠠᠯ᠎ᠳᠤ ᠰᠤᠯᠠ ᠣᠷᠣᠯᠴᠠᠪᠠ᠃