ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠡᠷᠬᠢᠯᠡᠭᠴᠢ ᠰᠢ ᠵᠢᠨ ᠫᠢᠩ 2 ᠰᠠᠷ᠎ᠠ ᠵᠢᠨ 28᠎ᠤ ᠦᠳᠡ ᠵᠢᠨ ᠬᠤᠶ᠋ᠢᠨ᠎ᠠ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠬᠤᠷᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠳᠡᠯᠡᠬᠡᠢ ᠵᠢᠨ ᠲᠡᠷᠢᠭᠦᠨ ᠵᠡᠷᠭᠡ ᠵᠢᠨ ᠠᠵᠤ ᠠᠬᠤᠶ᠋ᠢᠯᠠᠯ᠎ᠢ ᠲᠦᠷᠭᠡᠳᠭᠡᠨ ᠪᠠᠶ᠋ᠢᠭᠤᠯᠬᠤ ᠲᠤᠬᠠᠢ ᠵᠢᠯᠣᠭᠤᠳᠬᠤ ᠰᠠᠨᠠᠯ》᠂ 《ᠲᠦᠭᠡᠮᠡᠯ ᠬᠦᠷᠲᠡᠭᠡᠮᠵᠢ᠎ᠳᠤ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠂ 《ᠰᠠᠭᠤᠷᠢ ᠰᠢᠨᠵᠢᠯᠡᠭᠡᠨ᠎ᠤ ᠰᠠᠯᠠᠭ᠎ᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠬᠤ ᠲᠤᠬᠠᠢ ᠰᠠᠨᠠᠯ》᠂ 《ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠡᠭᠦᠳᠦᠯᠲᠡ ᠵᠢᠨ ᠴᠢᠨᠠᠷᠳᠠᠢ ᠮᠡᠷᠭᠡᠵᠢᠯ᠎ᠤᠨ ᠭᠤᠯᠤᠮᠳᠠ ᠵᠢ ᠡᠬᠦᠳᠬᠦ ᠵᠢ ᠠᠬᠢᠭᠤᠯᠬᠤ ᠲᠤᠬᠠᠢ ᠵᠢᠯᠣᠭᠤᠳᠬᠤ ᠰᠠᠨᠠᠯ》᠎ᠢ ᠬᠢᠨᠠᠨ ᠵᠥᠪᠯᠡᠵᠦ ᠪᠠᠲᠤᠯᠠᠪᠠ᠃
ᠬᠤᠷᠠᠯ᠎ᠠᠴᠠ 《ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ 2021 ᠣᠨ᠎ᠤ ᠠᠵᠢᠯ᠎ᠤᠨ ᠳ᠋ᠦᠩᠨᠡᠯᠲᠡ ᠵᠢᠨ ᠮᠡᠳᠡᠭᠦᠯᠦᠯᠲᠡ》᠂ 《ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ 2022 ᠣᠨ᠎ᠤ ᠠᠵᠢᠯ᠎ᠤᠨ ᠭᠤᠣᠯᠳᠠᠯᠭ᠎ᠠ》 ᠵᠢ ᠬᠢᠨᠠᠨ ᠵᠥᠪᠯᠡᠵᠡᠢ᠃
ᠰᠢ ᠵᠢᠨ ᠫᠢᠩ ᠬᠤᠷᠠᠯ᠎ᠢ ᠡᠷᠬᠢᠯᠡᠬᠦ᠎ᠳᠡᠭᠡᠨ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢ ᠬᠥᠭᠵᠢᠭᠦᠯᠵᠦ᠂ ᠨᠡᠶ᠋ᠢᠲᠡ ᠵᠢᠨ ᠥᠮᠴᠢᠯᠡᠯ᠎ᠤᠨ ᠠᠵᠤ ᠠᠬᠤᠢ ᠵᠢ ᠡᠷᠡᠰ ᠭᠤᠶ᠋ᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢ ᠡᠷᠡᠰ ᠭᠤᠶ᠋ᠢᠪᠢᠰᠢ ᠦᠭᠡᠢ ᠵᠣᠷᠢᠭᠵᠢᠭᠤᠯᠤᠨ ᠳᠡᠮᠵᠢᠬᠦ ᠪᠠ ᠬᠦᠳᠦᠯᠥᠨ ᠳᠠᠭ᠋ᠠᠭᠤᠯᠵᠤ᠂ ᠨᠢᠭᠡ ᠪᠦᠯᠦᠭ ᠦᠢ᠍ᠯᠡᠳᠬᠦᠨ᠎ᠨᠢ ᠰᠢᠯᠢᠳᠡᠭ᠂ ᠲᠦᠷᠦᠯ ᠲᠡᠮᠳᠡᠭ᠎ᠨᠢ ᠰᠤᠳᠤᠨ᠂ ᠰᠢᠨ᠎ᠡ ᠵᠢ ᠡᠭᠦᠳᠬᠦ ᠲᠠᠯ᠎ᠠ᠎ᠪᠠᠷ ᠬᠤᠰᠢᠭᠤᠷᠠᠬᠰᠠᠨ᠂ ᠵᠠᠰᠠᠯᠳᠠ᠎ᠨᠢ ᠤᠳᠤ ᠦᠶ᠎ᠡ ᠵᠢᠨ ᠳᠡᠯᠡᠬᠡᠢ ᠵᠢᠨ ᠲᠡᠷᠢᠭᠦᠨ ᠵᠡᠷᠭᠡ ᠵᠢᠨ ᠪᠤᠯᠬᠤ ᠠᠵᠤ ᠠᠬᠤᠶ᠋ᠢᠯᠠᠯ᠎ᠢ ᠲᠦᠷᠭᠡᠳᠭᠡᠨ ᠪᠠᠶ᠋ᠢᠭᠤᠯᠵᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠠᠬᠢᠴᠠ ᠳᠤᠮᠳᠠ ᠨᠡᠩ ᠶᠡᠭᠡ ᠬᠥᠭᠵᠢᠯᠲᠡ ᠵᠢ ᠪᠡᠶᠡᠯᠡᠭᠦᠯᠵᠦ᠂ ᠨᠡᠩ ᠶᠡᠭᠡ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠪᠠᠷᠢᠮᠲᠠᠯᠠᠵᠤ᠂ ᠲᠦᠭᠡᠮᠡᠯ ᠬᠦᠷᠳᠡᠭᠡᠮᠵᠢᠳᠤ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠳᠡᠭᠡᠳᠦ ᠬᠡᠮᠵᠢᠶᠡᠨ᠎ᠤ ᠵᠣᠬᠢᠴᠠᠬᠤ ᠴᠢᠨᠠᠷᠲᠠᠢ᠂ ᠦᠷᠢᠰᠦᠯᠳᠦᠬᠦ ᠬᠦᠴᠦᠨ᠎ᠲᠠᠢ᠂ ᠲᠦᠭᠡᠮᠡᠯ ᠬᠦᠷᠳᠡᠭᠡᠮᠵᠢᠳᠤ ᠴᠢᠨᠠᠷᠲᠠᠢ ᠤᠳᠤ ᠦᠶ᠎ᠡ ᠵᠢᠨ ᠮᠥᠩᠭᠦᠨ ᠭᠦᠢ᠍ᠯᠭᠡᠭᠡᠨ᠎ᠤ ᠰᠢᠰᠲ᠋ᠧᠮ᠎ᠢ ᠪᠦᠷᠢᠨᠰᠢᠬᠦᠯᠵᠤ᠂ ᠠᠷᠠᠳ ᠤᠯᠠᠨ ᠪᠣᠯᠤᠨ ᠪᠣᠳᠠᠲᠤ ᠴᠣᠭᠴᠠ ᠵᠢᠨ ᠠᠵᠤ ᠠᠬᠤᠢ ᠵᠢᠨ ᠤᠯᠠᠨ ᠶᠠᠩᠵᠤ ᠵᠢᠨ ᠮᠥᠩᠭᠦᠨ ᠭᠦᠢ᠍ᠯᠭᠡᠭᠡᠨ᠎ᠤ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠵᠤ᠂ ᠵᠢᠭᠡᠯᠡᠯᠭᠡ ᠠᠪᠬᠤ᠎ᠳᠤ ᠬᠦᠴᠢᠷ ᠵᠢᠭᠡᠯᠡᠯᠭᠡ ᠠᠪᠬᠤ᠎ᠳᠤ ᠦᠨᠡᠲᠡᠢ ᠪᠠᠶ᠋ᠢᠬᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ᠃ ᠰᠠᠭᠤᠷᠢ ᠰᠢᠨᠵᠢᠯᠡᠭᠡᠨ᠎ᠤ ᠰᠠᠯᠠᠭ᠎ᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ ᠪᠦᠬᠦ ᠲᠠᠯ᠎ᠠ᠎ᠪᠠᠷ ᠲᠥᠯᠥᠪᠵᠢᠭᠦᠯᠵᠦ᠂ ᠴᠢᠳᠠᠪᠤᠷᠢᠲᠠᠨ᠎ᠢ ᠬᠥᠮᠦᠵᠢᠭᠦᠯᠬᠦ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠪᠦᠲᠦᠴᠡ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠢᠯᠢᠨ ᠰᠣᠩᠭᠤᠬᠤ᠂ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠪᠠᠲᠤᠯᠠᠬᠤ ᠵᠡᠷᠭᠡ ᠲᠠᠯ᠎ᠠ᠎ᠪᠠᠷ ᠰᠢᠰᠲ᠋ᠧᠮᠵᠢᠬᠦᠯᠬᠦ᠂ ᠬᠡᠯᠬᠢᠶᠡᠵᠢᠭᠦᠯᠬᠦ ᠮᠠᠶᠢᠭ᠎ᠤᠨ ᠵᠢᠷᠤᠭ ᠲᠦᠯᠦᠪᠯᠡᠭᠡ ᠬᠢᠵᠦ᠂ ᠤᠯᠤᠰ᠎ᠤᠨ ᠰᠢᠨ᠎ᠡ ᠵᠢ ᠡᠭᠦᠳᠬᠦ ᠬᠥᠭᠵᠢᠯᠲᠡ᠎ᠳᠤ ᠪᠠᠴᠢᠮ ᠬᠡᠷᠡᠭᠰᠡᠬᠦ ᠨᠢᠭᠡ ᠪᠦᠯᠦᠭ ᠰᠠᠭᠤᠷᠢ ᠰᠤᠳᠤᠯᠭ᠋ᠠᠨ᠎ᠤ ᠴᠢᠳᠠᠪᠤᠷᠢᠲᠠᠨ᠎ᠢ ᠶᠡᠭᠡ᠎ᠪᠠᠷ ᠬᠥᠮᠦᠵᠢᠭᠦᠯᠬᠦ ᠬᠡᠷᠡᠭᠲᠡᠢ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠰᠢᠰᠲ᠋ᠧᠮ ᠵᠶ᠋ᠠᠨ ᠲᠡᠭᠦᠯᠳᠡᠷᠵᠢᠭᠦᠯᠬᠦ᠂ ᠰᠢᠨ᠎ᠡ ᠵᠢ ᠡᠭᠦᠳᠬᠦ ᠴᠢᠳᠠᠪᠤᠷᠢ᠎ᠪᠠᠨ ᠴᠢᠩᠭ᠋ᠠᠳᠬᠠᠬᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠵᠶ᠋ᠠᠨ ᠬᠥᠭᠵᠢᠭᠡᠬᠦ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠠ ᠰᠢᠨ᠎ᠡ ᠵᠢ ᠡᠭᠦᠳᠬᠦ ᠬᠡᠯᠬᠢᠶ᠎ᠠ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠡᠭᠦᠳᠦᠯᠲᠡ ᠵᠢᠨ ᠴᠢᠨᠡᠷᠳᠡᠢ ᠮᠡᠷᠭᠡᠵᠢᠯ᠎ᠤᠨ ᠬᠡᠷᠡᠭᠴᠡᠭᠡ᠎ᠪᠠᠷ ᠬᠦᠳᠦᠯᠥᠨ ᠳᠠᠭ᠋ᠠᠭᠤᠯᠬᠤ᠂ ᠡᠬᠢ ᠡᠭᠦᠰᠦᠯ᠎ᠠᠴᠠ᠎ᠨᠢ ᠬᠠᠩᠭ᠋ᠠᠬᠤ᠂ ᠡᠬᠢ ᠪᠠᠶᠠᠯᠢᠭ᠎ᠢ ᠲᠤᠬᠢᠷᠠᠭᠤᠯᠬᠤ᠂ ᠤᠨᠳᠤᠤᠰᠢᠭᠤᠯᠤᠨ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠡᠭᠦᠳᠦᠯᠲᠡ ᠵᠢᠨ ᠴᠢᠨᠠᠷᠳᠠᠢ ᠮᠡᠷᠭᠡᠵᠢᠯ᠎ᠤᠨ ᠭᠤᠯᠤᠮᠳᠠ ᠵᠢ ᠪᠠᠶ᠋ᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠌ ᠨᠢᠩ᠂ ᠬᠠᠨ ᠵᠧᠩ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠨᠠᠮ᠎ᠤᠨ ᠠᠷᠪᠠᠨ ᠨᠢ᠋ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ᠎ᠠᠴᠠ ᠠᠵᠤ ᠠᠬᠤᠶ᠋ᠢᠯᠠᠯ᠎ᠤᠨ ᠬᠦᠭᠵᠢᠯᠳᠡ ᠵᠢ ᠬᠠᠮᠠᠭ᠋ᠠᠯᠠᠨ ᠳᠡᠮᠵᠢᠬᠦ ᠠᠯᠢ ᠣᠯᠠᠨ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠵᠢ ᠲᠤᠭᠳᠠᠭ᠋ᠠᠵᠤ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠡᠷᠡᠭᠦᠯ ᠵᠶ᠋ᠠᠷ ᠬᠦᠭᠵᠢᠬᠦ ᠵᠢ ᠠᠬᠢᠭᠤᠯᠵᠤ᠂ ᠵᠠᠷᠢᠮ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ ᠨᠢᠭᠡᠨᠲᠡ ᠨᠡᠯᠢᠶᠡᠳ ᠴᠢᠩᠭ᠎ᠠ ᠤᠯᠠᠨ ᠤᠯᠤᠰ᠎ᠤᠨ ᠥᠷᠢᠰᠥᠯᠳᠦᠬᠦ ᠬᠦᠴᠦᠨ᠎ᠢ ᠪᠦᠷᠢᠯᠳᠦᠭᠦᠯᠪᠡ᠃ ᠠᠵᠢᠯ ᠲᠦᠷᠦᠯ᠎ᠤᠨ ᠲᠠᠭ᠋ᠠᠭᠤᠯᠤᠬ᠍ᠴᠢ ᠠᠵᠤ ᠠᠬᠤᠶ᠋ᠢᠯᠠᠯ ᠪᠣᠯᠤᠨ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠢ ᠡᠵᠡᠮᠰᠢᠭᠰᠡᠨ ᠲᠤᠰᠬᠠᠶ᠋ᠢᠵᠢᠭᠰᠠᠨ ᠨᠠᠷᠢᠯᠢᠭᠵᠢᠭᠰᠠᠨ ᠤᠨᠴᠠᠯᠢᠬ᠍ᠵᠢᠭᠰᠠᠨ ᠰᠢᠨ᠎ᠠ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠪᠣᠶ᠋ᠢᠵᠢᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠵᠢ ᠳᠡᠮᠵᠢᠬᠦ ᠬᠡᠷᠡᠭᠲᠡᠢ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠡᠯ᠎ᠡ ᠲᠦᠷᠦᠯ᠎ᠤᠨ ᠰᠢᠨ᠎ᠡ ᠵᠢ ᠡᠭᠦᠳᠬᠦ ᠡᠯᠧᠮᠧᠨ᠋ᠲ᠎ᠤᠨ ᠠᠵᠤ ᠠᠬᠤᠶ᠋ᠢᠯᠠᠯ ᠲᠡᠶ᠋ᠢᠰᠢ ᠲᠥᠪᠯᠡᠷᠡᠬᠦ ᠵᠢ ᠠᠬᠢᠭᠤᠯᠵᠤ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ᠂ ᠬᠠᠮᠢᠶᠠᠷᠤᠯᠲᠠ ᠵᠢᠨ ᠰᠢᠨ᠎ᠡ ᠵᠢ ᠡᠭᠦᠳᠬᠦ᠂ ᠬᠤᠳᠠᠯᠳᠤᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠬᠦ ᠵᠢ ᠰᠠᠨᠠᠭ᠋ᠠᠴᠢᠯᠠᠭ᠎ᠠ᠎ᠠᠴᠠ᠎ᠪᠠᠨ ᠥᠷᠨᠢᠭᠦᠯᠬᠦ ᠵᠢ ᠠᠬᠢᠭᠤᠯᠬᠤ ᠬᠡᠷᠡᠭᠲᠡᠢ᠃ ᠪᠣᠳᠠᠲᠤ ᠴᠣᠭᠴᠠ ᠵᠢᠨ ᠠᠵᠤ ᠠᠬᠤᠢ ᠵᠢ ᠪᠤᠵᠠᠭ᠋ᠠᠶ᠋ᠢᠷᠠᠭᠤᠯᠬᠤ ᠵᠢ ᠪᠠᠷᠢᠮᠲᠠᠯᠠᠵᠤ᠂ ᠠᠵᠤ ᠦᠢ᠍ᠯᠡᠰ᠎ᠤᠨ ᠰᠠᠭᠤᠷᠢ ᠵᠢᠨ ᠳᠡᠭᠡᠳᠦ ᠳᠡᠰᠵᠢᠬᠦ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠬᠤ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠦᠷᠢᠰᠦᠯᠳᠦᠬᠦ ᠬᠦᠴᠦᠨ᠎ᠲᠠᠢ ᠦᠢ᠍ᠯᠡᠳᠬᠦᠨ᠎ᠤ ᠦᠢ᠍ᠯᠡᠴᠢᠯᠡᠭᠡ ᠵᠢ ᠡᠭᠦᠳᠬᠦ ᠬᠡᠷᠡᠭᠲᠡᠢ᠃ ᠠᠵᠤ ᠠᠬᠤᠶ᠋ᠢᠯᠠᠯ᠎ᠤᠨ ᠤᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢ᠍ᠯ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠪᠦᠬᠦ ᠪᠥᠮᠪᠥᠷᠴᠡᠭ᠎ᠲᠤ ᠬᠠᠨᠳᠤᠭᠤᠯᠤᠭᠰᠠᠨ ᠡᠬᠢ ᠪᠠᠶᠠᠯᠢᠭ᠎ᠢ ᠲᠤᠬᠢᠷᠠᠭᠤᠯᠬᠤ ᠪᠠ ᠨᠡᠶ᠋ᠢᠳᠭᠡᠬᠦ ᠴᠢᠳᠠᠪᠤᠷᠢ᠎ᠪᠠᠨ ᠨᠡᠮᠡᠭᠳᠡᠭᠦᠯᠬᠦ ᠵᠢ ᠲᠡᠮᠵᠢᠵᠤ᠂ ᠮᠠᠨ᠎ᠤ ᠤᠯᠤᠰ᠎ᠤᠨ ᠤᠨᠴᠠ ᠶᠡᠭᠡ ᠵᠠᠬ᠎ᠠ ᠳᠡᠯᠭᠡᠭᠦᠷ᠎ᠤᠨ ᠳᠠᠪᠠᠭᠤᠯᠢᠭ᠎ᠢ ᠤᠯᠠᠨ ᠤᠯᠤᠰ᠎ᠤᠨ ᠥᠷᠢᠰᠥᠯᠳᠦᠭᠡᠨ᠎ᠤ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠢ᠃ ᠵᠢᠳᠬᠦᠯ ᠴᠢᠷᠮᠠᠶ᠋ᠢᠯᠭ᠎ᠠ᠎ᠲᠠᠢ ᠵᠠᠰᠠᠭ᠎ᠤᠨ ᠣᠷᠳᠣᠨ ᠪᠣᠯᠤᠨ ᠪᠦᠲᠦᠮᠵᠢᠲᠡᠢ ᠵᠠᠬ᠎ᠠ ᠳᠡᠯᠭᠡᠭᠦᠷ᠎ᠢ ᠨᠡᠩ ᠰᠠᠶ᠋ᠢᠲᠤᠷ ᠤᠶᠠᠯᠳᠤᠭᠤᠯᠬᠤ ᠵᠢ ᠠᠬᠢᠭᠤᠯᠵᠤ᠂ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠪᠣᠯᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠠᠮᠢᠵᠢᠷᠠᠯ᠎ᠤᠨ ᠬᠦᠴᠦᠨ᠎ᠢ ᠬᠠᠮᠠᠭ᠋ᠠᠯᠠᠨ ᠬᠥᠭᠵᠢᠭᠡᠵᠦ᠂ ᠡᠷᠬᠡ ᠲᠡᠭᠰᠢ᠎ᠪᠠᠷ ᠦᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠨᠦᠬᠦᠴᠡᠯ᠎ᠢ ᠬᠠᠮᠠᠭ᠋ᠠᠯᠠᠬᠤ ᠵᠢ ᠴᠢᠬᠤᠯᠠᠴᠢᠯᠠᠵᠤ᠂ ᠨᠡᠩ ᠤᠯᠠᠨ ᠰᠢᠯᠢᠳᠡᠭ ᠠᠵᠤ ᠠᠬᠤᠶ᠋ᠢᠯᠠᠯ ᠵᠠᠬ᠎ᠠ ᠳᠡᠯᠭᠡᠭᠦᠷ᠎ᠤᠨ ᠥᠷᠢᠰᠥᠯᠳᠦᠭᠡᠨ ᠳᠤᠮᠳᠠ᠎ᠠᠴᠠ ᠴᠣᠯᠭᠤᠷᠠᠨ ᠭᠠᠷᠬᠤ ᠵᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠢᠳᠡᠪᠬᠢᠲᠡᠶ ᠯᠠᠪᠳᠠᠭᠤᠨ ᠵᠶ᠋ᠠᠷ ᠨᠡᠭᠡᠭᠡᠬᠦ ᠬᠡᠷᠡᠭᠲᠡᠶ ᠭᠡᠵᠤ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠨᠠᠮ᠎ᠤᠨ ᠲᠥᠪ ᠬᠤᠷᠢᠶ᠎ᠠ 《ᠲᠦᠭᠡᠮᠡᠯ ᠬᠦᠷᠳᠡᠭᠡᠮᠵᠢᠳᠤ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠲᠥᠯᠥᠪᠵᠢᠭᠦᠯᠭᠡ (2016 — 2020 ᠤᠨ) ᠵᠢ ᠪᠠᠶ᠋ᠢᠷᠢᠯᠠᠭᠤᠯᠤᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ᠂ ᠣᠯᠵᠤ ᠪᠣᠯᠬᠤᠶ᠋ᠢᠴᠠ ᠴᠢᠨᠠᠷ᠂ ᠬᠠᠨᠤᠮᠵᠢ ᠵᠢᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠬᠦ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠳᠤᠲᠠᠭᠤᠳᠠᠯ᠎ᠢ ᠨᠥᠬᠦᠪᠥᠷᠢᠯᠡᠬᠦ ᠵᠡᠷᠭᠡ ᠲᠠᠯ᠎ᠠ᠎ᠪᠠᠷ ᠢᠳᠡᠪᠬᠢᠲᠡᠶ ᠦᠢ᠍ᠯᠡᠳᠦᠯ ᠦᠵᠡᠭᠦᠯᠪᠡ᠃ ᠮᠥᠩᠭᠦᠨ ᠭᠦᠢ᠍ᠯᠭᠡᠭᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠠᠩ ᠣᠯᠠᠨ ᠮᠥᠩᠭᠦᠨ ᠭ᠋ᠦᠢ᠍ᠯᠭᠡᠭᠡᠨᠤ ᠡᠬᠢ ᠪᠠᠶᠠᠯᠢᠭ᠎ᠢ ᠭᠤᠤᠯᠳᠠᠯᠭ᠎ᠠ᠎ᠲᠠᠢ ᠬᠦᠷᠢᠶ᠎ᠡ ᠪᠠ ᠪᠠᠭᠤᠷᠠᠶ ᠭᠤᠭᠴᠤᠭ᠎ᠠ᠎ᠳᠤ ᠲᠤᠬᠢᠷᠠᠭᠤᠯᠤᠨ ᠬᠦᠷᠭᠡᠵᠦ᠂ ᠰᠢᠶᠠᠨ᠂ ᠪᠠᠭ᠎ᠠ ᠵᠢᠵᠢᠭ ᠠᠵᠤ ᠠᠬᠤᠶ᠋ᠢᠯᠠᠯ᠂ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠤᠤᠯ ᠴᠣᠭᠴᠠ ᠵᠡᠷᠭᠡ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠳᠤᠲᠠᠭᠤᠳᠠᠯ᠎ᠢ ᠲᠦᠷᠭᠡᠳᠬᠡᠨ ᠨᠥᠬᠦᠪᠥᠷᠢᠯᠡᠵᠦ᠂ ᠲᠦᠭᠡᠮᠡᠯ ᠬᠦᠷᠳᠡᠭᠡᠮᠵᠢᠳᠤ ᠮᠥᠩᠭᠦᠨ ᠭᠦᠢ᠍ᠯᠭᠡᠭᠡᠨ ᠪᠠ ᠪᠣᠬᠢᠷᠲᠤᠯ ᠥᠬᠡᠶ ᠮᠥᠩᠭᠦᠨ ᠭᠦᠢ᠍ᠯᠭᠡᠭᠡᠨ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠮᠥᠩᠭᠦᠨ ᠭᠦᠢ᠍ᠯᠭᠡᠭᠡᠨ ᠵᠡᠷᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠣᠨᠣᠪᠴᠢ ᠵᠢᠨ ᠬᠡᠮᠵᠢᠶ᠎ᠡ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠰᠢᠰᠲ᠋ᠧᠮ᠂ ᠵᠠᠬ᠎ᠠ ᠳᠡᠯᠭᠡᠭᠦᠷ᠎ᠤᠨ ᠰᠢᠰᠲ᠋ᠧᠮ᠂ ᠦᠢ᠍ᠯᠡᠳᠭᠦᠨ᠎ᠤ ᠰᠢᠰᠲ᠋ᠧᠮ᠎ᠢ ᠰᠢᠯᠢᠳᠡᠭᠵᠢᠭᠦᠯᠵᠦ᠂ ᠬᠤᠳᠠᠯᠳᠤᠭ᠋ᠠᠨ᠎ᠤ ᠴᠢᠨᠠᠷᠲᠠᠶ᠂ ᠨᠡᠭᠡᠭᠡᠯᠲᠡ ᠵᠢᠨ ᠴᠢᠨᠠᠷᠲᠠᠶ᠂ ᠲᠥᠷᠥ ᠵᠢᠨ ᠪᠣᠳᠣᠯᠭ᠎ᠠ ᠵᠢᠨ ᠴᠢᠨᠠᠷᠲᠠᠶ᠂ ᠬᠠᠮᠲᠤᠷᠠᠯᠴᠠᠭ᠋ᠠᠨ᠎ᠤ ᠴᠢᠨᠠᠷᠲᠠᠶ ᠮᠥᠩᠭᠦᠨ ᠭᠦᠢ᠍ᠯᠭᠡᠭᠡᠨ᠎ᠤ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠳᠠᠭ᠋ᠠᠳᠬᠠᠯ ᠪᠠ ᠬᠥᠷᠥᠩᠭᠡ ᠵᠢᠨ ᠵᠠᠬ᠎ᠠ ᠳᠡᠯᠭᠡᠭᠦᠷ᠎ᠤᠨ ᠦᠢ᠍ᠯᠡᠴᠢᠯᠡᠭᠡ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠳᠬᠠᠵᠤ᠂ ᠰᠢᠭᠤᠳ ᠪᠠᠯᠠ ᠬᠤᠷᠠᠮᠳᠤᠭᠤᠯᠬᠤ ᠠᠷᠭ᠎ᠠ ᠵᠠᠮ᠎ᠢ ᠥᠷᠭᠡᠳᠭᠡᠵᠦ᠂ ᠲᠣᠭ᠋ᠠᠴᠢᠯᠠᠭᠰᠠᠨ ᠲᠦᠭᠡᠮᠡᠯ ᠬᠦᠷᠳᠡᠭᠡᠮᠵᠢᠳᠤ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠶ᠃ ᠲᠦᠭᠡᠮᠡᠯ ᠬᠦᠷᠳᠡᠭᠡᠮᠵᠢᠳᠤ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠪᠠ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠲᠦᠭᠡᠮᠡᠯ ᠬᠦᠷᠳᠡᠭᠡᠮᠵᠢᠳᠤ ᠮᠥᠩᠭᠦᠨ ᠭᠦᠢ᠍ᠯᠭᠡᠭᠡᠨ᠎ᠤ ᠰᠠᠭᠤᠷᠢ ᠲᠥᠬᠦᠭᠡᠷᠦᠮᠵᠢ᠂ ᠲᠦᠷᠢᠮ ᠲᠣᠭᠲᠠᠭ᠋ᠠᠯ᠂ ᠦᠨᠳᠦᠰᠦᠨ ᠱᠠᠲᠤᠨ᠎ᠤ ᠵᠠᠰᠠᠯᠲᠠ ᠵᠢ ᠪᠦᠷᠢᠨᠰᠢᠬᠦᠯᠵᠤ᠂ ᠠᠶᠤᠯ ᠲᠦᠭᠰᠢᠭᠦᠷᠢ ᠵᠢ ᠬᠤᠪᠢᠶᠠᠨ ᠡᠭᠦᠷᠭᠡᠯᠡᠬᠦ ᠨᠥᠬᠦᠪᠥᠷᠢ ᠥᠭᠬᠦ ᠵᠡᠷᠭᠡ ᠲᠣᠭᠲᠠᠴᠠ ᠵᠢ ᠲᠦᠷᠭᠡᠳᠭᠡᠨ ᠲᠡᠭᠦᠯᠳᠡᠷᠵᠢᠭᠦᠯᠵᠦ᠂ ᠥᠪᠡᠷ᠎ᠤᠨ ᠥᠷᠲᠡᠭ᠎ᠢ ᠡᠭᠦᠷᠭᠡᠯᠡᠵᠦ ᠳᠡᠶ᠋ᠢᠯᠬᠦ᠂ ᠬᠤᠳᠠᠯᠳᠤᠭ᠋ᠠᠨ᠎ᠤ ᠦᠷᠭᠦᠯᠵᠢᠯᠡᠬᠦ ᠣᠷᠳᠣ ᠬᠤᠭᠤᠴᠠᠭ᠋ᠠᠨ᠎ᠤ ᠪᠦᠲᠦᠮᠵᠢ᠎ᠳᠤ ᠲᠣᠭᠲᠠᠴᠠ ᠵᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠶ᠃ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠮᠥᠩᠭᠦᠨ ᠭᠦᠢ᠍ᠯᠭᠡᠭᠡᠨ᠎ᠤ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠴᠢᠩᠭ᠎ᠠ ᠠᠭᠤᠷ ᠠᠮᠢᠰᠬᠤᠯ᠎ᠢ ᠴᠢᠩᠳᠠᠯᠠᠵᠤ᠂ ᠴᠢᠩᠭ᠎ᠠ ᠱᠠᠭ᠋ᠠᠷᠳᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠮᠥᠩᠭᠦᠨ ᠭᠦᠢ᠍ᠯᠭᠡᠭᠡᠨ᠎ᠤ ᠬᠦᠷᠢᠶᠡᠨ᠎ᠳᠠᠬᠢ ᠢᠯᠵᠡᠷᠡᠯ᠎ᠢ ᠡᠷᠡᠰ ᠵᠠᠯᠬᠠᠭ᠋ᠠᠨ ᠰᠢᠢ᠍ᠳᠭᠡᠵᠦ᠂ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠬᠥᠮᠦᠰ᠎ᠢ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠠᠴᠠ᠂ ᠮᠠᠨ᠎ᠤ ᠤᠯᠤᠰ ᠳᠡᠯᠡᠬᠡᠶ ᠳᠡᠭᠡᠷ᠎ᠡ ᠬᠡᠪᠴᠢᠶ᠎ᠡ᠎ᠪᠠᠷ ᠬᠠᠮᠤᠭ᠎ᠤᠨ ᠶᠡᠭᠡ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠲᠠᠢ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠥᠷᠭᠡᠨ ᠠᠭᠤᠳᠠᠮ ᠲᠠᠪᠴᠠᠩ᠎ᠲᠠᠢ᠂ ᠦᠯᠡᠮᠵᠢ ᠣᠯᠠᠨ ᠰᠢᠯᠢᠳᠡᠭ ᠴᠢᠳᠠᠪᠤᠷᠢᠲᠠᠨ᠎ᠢ ᠲᠠᠰᠤᠷᠠᠯᠲᠠ ᠥᠬᠡᠶ ᠬᠥᠮᠦᠵᠢᠭᠦᠯᠦᠨ ᠪᠣᠶ᠋ᠢᠵᠢᠭᠤᠯᠵᠤ᠂ ᠡᠷᠳᠡᠮᠳᠡᠨ᠎ᠢ ᠪᠦᠷᠢᠮᠦᠰᠦᠨ ᠬᠥᠮᠦᠵᠢᠭᠦᠯᠵᠤ ᠴᠢᠳᠠᠨ᠎ᠠ᠃ ᠰᠠᠭᠤᠷᠢ ᠰᠢᠨᠵᠢᠯᠡᠭᠡᠨ᠎ᠤ ᠰᠠᠯᠠᠭ᠎ᠠ ᠵᠢᠨ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠵᠠᠮ ᠵᠶ᠋ᠠᠷ ᠰᠠᠶ᠋ᠢᠲᠤᠷ ᠵᠠᠮᠨᠠᠵᠤ᠂ ᠳᠡᠯᠡᠬᠡᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠰᠢᠭᠤᠷᠠᠯ᠎ᠳᠤ ᠬᠠᠨᠳᠤᠭᠤᠯᠬᠤ᠂ ᠠᠵᠤ ᠠᠬᠤᠶ ᠵᠢᠨ ᠭᠤᠤᠯ ᠲᠡᠶ᠋ᠢᠨ᠎ᠤ ᠲᠠᠯᠠᠪᠤᠷ᠎ᠲᠤ ᠬᠠᠨᠳᠤᠭᠤᠯᠬᠤ᠂ ᠤᠯᠤᠰ᠎ᠤᠨ ᠴᠢᠬᠤᠯᠠ ᠶᠡᠭᠡ ᠬᠡᠷᠡᠭᠴᠡᠭᠡ᠎ᠳᠤ ᠬᠠᠨᠳᠤᠭᠤᠯᠬᠤ᠂ ᠠᠷᠠᠳ ᠲᠦᠮᠡᠨ᠎ᠤ ᠠᠮᠢ ᠨᠠᠰᠤ ᠪᠠ ᠡᠷᠡᠭᠦᠯ ᠮᠡᠨᠳᠦ᠎ᠳᠤ ᠬᠠᠨᠳᠤᠭᠤᠯᠬᠤ ᠵᠢ ᠪᠠᠷᠢᠮᠲᠠᠯᠠᠨ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠤᠨ᠂ ᠰᠤᠷᠭ᠋ᠠᠨ ᠬᠥᠮᠦᠵᠢᠯ᠎ᠤᠨ ᠵᠢᠮ᠎ᠡ ᠶᠣᠰᠣ ᠵᠢ ᠵᠢᠷᠤᠮᠯᠠᠵᠤ᠂ ᠴᠢᠨᠠᠷ ᠰᠠᠶ᠋ᠢᠲᠠᠶ ᠰᠠᠭᠤᠷᠢ ᠰᠢᠨᠵᠢᠯᠡᠭᠡᠨ᠎ᠤ ᠰᠠᠯᠠᠭ᠎ᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮ᠎ᠢ ᠲᠦᠷᠭᠡᠳᠭᠡᠨ ᠪᠠᠶ᠋ᠢᠭᠤᠯᠬᠤ ᠬᠡᠷᠡᠭᠲᠡᠶ᠃ ᠵᠥᠪ ᠤᠯᠤᠰ ᠲᠦᠷᠦ ᠵᠢᠨ ᠴᠢᠭᠯᠡᠯ᠎ᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠴᠢᠳᠠᠪᠤᠷᠢᠲᠠᠨ᠎ᠢ ᠬᠥᠮᠦᠵᠢᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠴᠢᠳᠠᠪᠤᠷᠢᠲᠠᠨ᠎ᠢ ᠬᠦᠳᠦᠯᠥᠨ ᠳᠠᠭ᠋ᠠᠭᠤᠯᠵᠤ ᠨᠠᠮ ᠵᠶ᠋ᠠᠨ ᠬᠠᠶ᠋ᠢᠷᠠᠯᠠᠬᠤ ᠤᠯᠤᠰ ᠵᠶ᠋ᠠᠨ ᠬᠠᠶ᠋ᠢᠷᠠᠯᠠᠬᠤ ᠰᠡᠳᠭᠢᠯᠬᠡ᠎ᠲᠠᠢ ᠪᠤᠯᠭ᠋ᠠᠵᠤ᠂ ᠤᠯᠤᠰ᠎ᠲᠠᠭᠠᠨ ᠵᠢᠳᠬᠦᠬᠦ ᠵᠣᠷᠢᠭ᠎ᠢ᠎ᠨᠢ ᠬᠥᠪᠴᠢᠯᠡᠵᠦ᠂ ᠠᠬᠠᠮᠠᠳ ᠨᠢᠭᠡ ᠦᠶ᠎ᠡ ᠵᠢᠨ ᠰᠢᠨᠵᠢᠯᠡᠬᠦ ᠤᠬᠠᠭ᠋ᠠᠨᠲᠠᠨ᠎ᠤ ᠬᠡᠬᠦᠳᠡᠭ ᠴᠡᠭᠡᠵᠢᠨ᠎ᠳᠡᠭᠡᠨ ᠡᠬᠡ ᠤᠯᠤᠰ ᠵᠶ᠋ᠠᠨ ᠪᠠᠭᠲᠠᠭ᠋ᠠᠵᠤ᠂ ᠠᠷᠠᠳ ᠲᠦᠮᠡᠨ᠎ᠳᠤ ᠦᠢ᠍ᠯᠡᠴᠢᠯᠡᠬᠦ ᠰᠢᠯᠢᠳᠡᠭ ᠵᠠᠩ ᠴᠢᠨᠠᠷ᠎ᠢ ᠵᠠᠯᠭ᠋ᠠᠮᠵᠢᠯᠠᠨ ᠪᠠᠳᠠᠷᠠᠭᠤᠯᠬᠤ ᠬᠡᠷᠡᠭᠲᠡᠢ᠃ ᠴᠢᠳᠠᠪᠤᠷᠢᠲᠠᠨ᠎ᠤ ᠬᠥᠭᠵᠢᠯᠲᠡ ᠵᠢᠨ ᠲᠦᠷᠢᠮ᠎ᠤᠨ ᠣᠷᠴᠢᠨ᠎ᠢ ᠰᠢᠯᠢᠳᠡᠭᠵᠢᠭᠦᠯᠵᠦ᠂ ᠰᠠᠭᠤᠷᠢ ᠵᠢ ᠰᠠᠶ᠋ᠢᠲᠤᠷ ᠲᠠᠯᠪᠢᠵᠤ᠂ ᠠᠯᠤᠰ ᠬᠡᠲᠦ᠎ᠠᠴᠠ ᠪᠤᠳᠤᠯᠬᠢᠯᠠᠨ ᠨᠥᠭᠡᠴᠡᠯᠡᠵᠦ᠂ ᠶᠡᠭᠡ ᠳᠡᠭᠡᠳᠦ ᠰᠤᠷᠭ᠋ᠠᠭᠤᠯᠢ ᠢᠯᠠᠩᠭᠤᠶ᠎ᠠ 《ᠬᠤᠤᠰ ᠲᠡᠷᠢᠭᠦᠨ ᠵᠡᠷᠭᠡ》 ᠵᠢᠨ ᠶᠡᠭᠡ ᠰᠤᠷᠭ᠋ᠠᠭᠤᠯᠢ ᠵᠢᠨ ᠰᠠᠭᠤᠷᠢ ᠰᠤᠳᠤᠯᠭ᠋ᠠᠨ᠎ᠤ ᠴᠢᠳᠠᠪᠤᠷᠢᠲᠠᠨ᠎ᠢ ᠬᠥᠮᠦᠵᠢᠭᠦᠯᠬᠦ ᠭᠤᠤᠯ ᠬᠦᠴᠦᠨ᠎ᠤ ᠦᠢ᠍ᠯᠡᠳᠦᠯ᠎ᠢ ᠪᠠᠳᠠᠷᠠᠭᠤᠯᠵᠤ᠂ ᠴᠢᠳᠠᠪᠤᠷᠢᠲᠠᠨ᠎ᠢ ᠰᠠᠶ᠋ᠢᠲᠤᠷ ᠬᠥᠮᠦᠵᠢᠭᠦᠯᠬᠦ ᠪᠦᠭᠡᠳ ᠨᠠᠩ ᠴᠤ᠌ ᠴᠢᠳᠠᠪᠤᠷᠢᠲᠠᠨ᠎ᠢ ᠰᠠᠶ᠋ᠢᠲᠤᠷ ᠬᠡᠷᠡᠭᠯᠡᠬᠦ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠨᠠᠮ᠎ᠤᠨ ᠲᠦᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠵᠢ ᠠᠬᠢᠭᠤᠯᠬᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠦᠢ᠍ᠯᠡᠴᠢᠯᠡᠬᠦ ᠵᠡᠷᠭᠡ ᠲᠠᠯ᠎ᠠ᠎ᠪᠠᠷ ᠣᠷᠣᠯᠠᠭᠤᠯᠵᠤ ᠪᠣᠯᠤᠰᠢ ᠥᠬᠡᠶ ᠴᠢᠬᠤᠯᠠ ᠦᠢ᠍ᠯᠡᠳᠦᠯ ᠦᠵᠡᠭᠦᠯᠪᠡ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠡᠭᠦᠳᠦᠯᠲᠡ ᠵᠢᠨ ᠴᠢᠨᠡᠷᠳᠡᠢ ᠮᠡᠷᠭᠡᠵᠢᠯ᠎ᠤᠨ ᠭᠤᠯᠤᠮᠳᠠ ᠵᠢ ᠪᠠᠶ᠋ᠢᠭᠤᠯᠬᠤ ᠵᠢ ᠠᠬᠢᠭᠤᠯᠬᠤ᠎ᠳᠤ᠂ ᠪᠠᠶ᠋ᠢᠯᠳᠤᠬᠤ ᠪᠤᠳᠤᠯᠭ᠎ᠠ ᠵᠢᠨ ᠴᠢᠭᠯᠡᠯ᠎ᠢ ᠣᠨᠣᠪᠴᠢᠲᠠᠢ ᠡᠵᠡᠮᠳᠡᠵᠦ᠂ ᠤᠯᠤᠰ᠎ᠤᠨ ᠠᠮᠤᠷ ᠲᠦᠪᠰᠢᠨ᠂ ᠠᠵᠤ ᠦᠢ᠍ᠯᠡᠰ᠎ᠤᠨ ᠭᠤᠣᠯᠯᠠᠭᠴᠢ ᠦᠷᠢᠰᠦᠯᠳᠦᠬᠦ ᠬᠦᠴᠦᠨ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠵᠢᠨ ᠲᠣᠭᠤᠷᠢᠨ᠎ᠳᠤ᠂ ᠡᠭᠦᠳᠦᠯᠲᠡ ᠵᠢᠨ ᠴᠢᠨᠡᠷᠳᠡᠢ ᠮᠡᠷᠭᠡᠵᠢᠯ᠎ᠤᠨ ᠬᠠᠩᠭ᠋ᠠᠯᠭ᠎ᠠ ᠵᠢ ᠴᠢᠩᠭ᠋ᠠᠳᠬᠠᠵᠤ᠂ ᠬᠤᠰᠢᠭᠤᠷᠠᠯ ᠮᠡᠷᠭᠡᠵᠢᠯ ᠪᠣᠯᠤᠨ ᠲᠡᠷᠢᠬᠦᠨ᠎ᠤ ᠲᠠᠪᠠᠯᠳᠠ ᠵᠢᠨ ᠴᠢᠨᠠᠷᠲᠠᠢ ᠮᠡᠷᠭᠡᠵᠢᠯ᠎ᠢ ᠤᠷᠢᠳᠴᠢᠯᠠᠨ ᠪᠠᠶ᠋ᠢᠷᠢᠰᠢᠭᠤᠯᠵᠤ᠂ ᠰᠢᠨ᠎ᠡ ᠵᠢ ᠡᠭᠦᠳᠬᠦ ᠡᠯᠧᠮᠧᠨ᠋ᠲ᠎ᠢ ᠲᠥᠪᠯᠡᠷᠡᠭᠦᠯᠬᠦ᠂ ᠰᠢᠨ᠎ᠡ ᠵᠢ ᠡᠭᠦᠳᠬᠦ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠬᠦ᠂ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠠᠬᠢᠭᠤᠯᠬᠤ᠂ ᠰᠢᠨ᠎ᠡ ᠵᠢ ᠡᠭᠦᠳᠬᠦ ᠠᠮᠢ ᠠᠬᠤᠢ ᠵᠢ ᠰᠢᠯᠢᠳᠡᠭᠵᠢᠭᠦᠯᠬᠦ ᠳᠡᠭᠡᠷ᠎ᠡ ᠬᠦᠴᠦ ᠤᠷᠤᠭᠤᠯᠵᠤ᠂ ᠴᠢᠳᠠᠪᠤᠷᠢᠲᠠᠨ᠎ᠢ ᠪᠦᠬᠦ ᠲᠠᠯ᠎ᠠ᠎ᠪᠠᠷ ᠬᠥᠮᠦᠵᠢᠭᠦᠯᠬᠦ᠂ ᠣᠷᠣᠭᠤᠯᠵᠤ ᠠᠪᠴᠢᠷᠠᠬᠤ᠂ ᠰᠠᠶ᠋ᠢᠲᠤᠷ ᠬᠡᠷᠡᠭᠯᠡᠬᠦ ᠬᠡᠷᠡᠭᠲᠡᠢ᠃ ᠬᠠᠷᠢᠭᠤᠴᠠᠯᠭ᠎ᠠ ᠵᠢᠨ ᠬᠡᠯᠬᠢᠶ᠎ᠡ ᠵᠢ ᠴᠢᠩᠭ᠋ᠠᠳᠬᠠᠵᠤ᠂ ᠵᠤᠬᠢᠴᠠᠯᠳᠤᠨ ᠬᠠᠮᠵᠢᠯᠴᠠᠬᠤ ᠵᠢ ᠴᠢᠩᠭ᠋ᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ᠃
ᠬᠤᠷᠠᠯ᠎ᠠᠴᠠ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ᠎ᠤᠨ ᠠᠴᠢ ᠬᠤᠯᠪᠣᠭᠳᠠᠯ᠎ᠲᠠᠢ ᠨᠢᠭᠡ ᠵᠢᠯ ᠪᠣᠯᠤᠨ᠎ᠠ᠃ ᠪᠢᠳᠡ ᠥᠭᠡᠷᠡᠴᠢᠯᠡᠯᠲᠡ ᠵᠢᠨ ᠠᠵᠢᠯ᠎ᠤᠨ ᠪᠦᠬᠦᠯᠢ ᠴᠣᠭᠴᠠ ᠵᠢᠨ ᠲᠥᠯᠥᠪᠵᠢᠭᠦᠯᠭᠡ ᠪᠠᠶ᠋ᠢᠷᠢᠯᠠᠭᠤᠯᠤᠯᠲᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠵᠢᠯ᠎ᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠵᠦ᠂ ᠮᠠᠨ᠎ᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠪᠣᠯᠬᠤ ᠦᠶ᠎ᠡ᠎ᠳᠤ ᠡᠯ᠎ᠡ ᠲᠠᠯ᠎ᠠ ᠵᠢᠨ ᠲᠦᠷᠢᠮ᠎ᠢ ᠨᠡᠩ ᠪᠣᠯᠪᠠᠰᠤᠷᠠᠩᠭᠤᠢ ᠨᠡᠩ ᠲᠤᠬᠳᠠᠮᠠᠯ ᠬᠡᠪᠰᠢᠭᠰᠡᠨ ᠪᠣᠯᠭ᠋ᠠᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠬᠤ ᠬᠠᠷᠠᠯᠲᠠ ᠵᠢ ᠪᠡᠶᠡᠯᠡᠭᠦᠯᠪᠡ᠃ ᠪᠢᠳᠡ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠥᠭᠡᠷᠡᠴᠢᠯᠡᠯᠲᠡ ᠵᠢ ᠠᠬᠢᠭᠤᠯᠬᠤ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠨᠠᠮ᠎ᠤᠨ ᠲᠥᠪ ᠬᠤᠷᠢᠶ᠎ᠠ᠎ᠠᠴᠠ ᠪᠠᠶ᠋ᠢᠷᠢᠯᠠᠭᠤᠯᠤᠭᠰᠠᠨ ᠡᠯ᠎ᠡ ᠬᠦᠷᠢᠶ᠎ᠡ ᠡᠯ᠎ᠡ ᠲᠠᠯ᠎ᠠ ᠵᠢᠨ ᠭᠤᠤᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠵᠤ᠂ ᠥᠭᠡᠷᠡᠴᠢᠯᠡᠯᠲᠡ ᠵᠢ ᠨᠠᠮ ᠪᠣᠯᠤᠨ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠨᠠᠩ ᠰᠠᠶ᠋ᠢᠲᠤᠷ ᠦᠢ᠍ᠯᠡᠴᠢᠯᠡᠬᠦ ᠵᠢ ᠠᠬᠢᠭᠤᠯᠪᠠ᠃ ᠪᠢᠳᠡ ᠬᠥᠭᠵᠢᠯᠲᠡ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ᠂ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠬᠦᠴᠦᠨ ᠵᠶ᠋ᠠᠨ ᠲᠥᠪᠯᠡᠷᠡᠭᠦᠯᠦᠨ ᠰᠢᠢ᠍ᠳᠪᠦᠷᠢᠯᠡᠵᠦ ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠪᠠᠶ᠋ᠢᠷᠢᠯᠠᠭᠤᠯᠤᠨ ᠨᠡᠶ᠋ᠢᠲᠡᠯᠡᠵᠦ᠂ ᠲᠦᠷᠢᠮ᠎ᠤᠨ ᠳᠠᠪᠠᠭᠤᠯᠢᠭ ᠵᠶ᠋ᠠᠨ ᠪᠠᠳᠠᠷᠠᠭᠤᠯᠤᠨ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠠᠷᠭ᠋ᠠᠴᠠᠭ᠋ᠠᠵᠤ᠂ ᠥᠭᠡᠷᠡᠴᠢᠯᠡᠯᠲᠡ ᠵᠢᠨ ᠠᠷᠭ᠎ᠠ᠎ᠪᠠᠷ ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ ᠃ ᠪᠢᠳᠡ ᠥᠭᠡᠷᠡᠴᠢᠯᠡᠯᠲᠡ ᠵᠢᠨ ᠰᠢᠰᠲ᠋ᠧᠮ᠎ᠤᠨ ᠬᠤᠷᠠᠮᠳᠤᠯ᠎ᠢ ᠴᠢᠩᠭ᠋ᠠᠳᠬᠠᠬᠤ᠂ ᠥᠭᠡᠷᠡᠴᠢᠯᠡᠯᠲᠡ ᠵᠢ ᠪᠣᠳᠠᠲᠠᠢ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠠᠬᠢᠭᠤᠯᠬᠤ ᠵᠢ ᠨᠡᠩ ᠳᠤᠪᠤᠶ᠋ᠢᠮ᠎ᠠ ᠪᠠᠶ᠋ᠢᠷᠢᠨ᠎ᠳᠤ ᠲᠠᠯᠪᠢᠵᠤ᠂ ᠨᠥᠬᠦᠴᠡᠯ᠎ᠲᠠᠢ ᠭᠠᠵᠠᠷ ᠣᠷᠣᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠥᠷᠨᠢᠭᠦᠯᠬᠦ ᠵᠢ ᠳᠡᠮᠵᠢᠨ ᠠᠬᠢᠭᠤᠯᠵᠤ᠂ ᠭᠤᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠱᠠᠯᠠᠪᠳᠠᠭᠤᠯᠤᠨ ᠪᠠᠶ᠋ᠢᠴᠠᠭ᠋ᠠᠵᠤ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠪᠠ᠃ ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠵᠢᠷᠭᠤᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠪᠠ ᠥᠭᠡᠷᠡᠴᠢᠯᠡᠯᠲᠡ ᠵᠢᠨ ᠤᠬᠠᠭᠤᠯᠭ᠎ᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠤᠳᠴᠤ ᠥᠭᠡᠷᠡᠴᠢᠯᠡᠯᠲᠡ ᠵᠢ ᠡᠴᠦᠰ᠎ᠲᠤᠨᠢ ᠲᠤᠯᠲᠠᠯ᠎ᠠ ᠬᠢᠬᠦ ᠢᠲᠡᠭᠡᠯ ᠵᠣᠷᠢᠭ᠎ᠢ᠎ᠨᠢ ᠪᠠᠲᠤᠳᠬᠠᠵᠤ᠂ ᠦᠷᠭᠦᠯᠵᠢᠯᠡᠨ ᠵᠠᠮ ᠨᠡᠭᠡᠭᠡᠨ ᠰᠢᠨ᠎ᠡ ᠵᠢ ᠡᠭᠦᠳᠴᠦ᠂ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠭᠦᠨᠵᠡᠭᠡᠶ ᠠᠬᠢᠭᠤᠯᠬᠤ᠎ᠳᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠵᠠᠢ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠨᠡ ᠵᠢᠯ᠎ᠤᠨ ᠳᠣᠣᠷ᠎ᠠ ᠬᠠᠭ᠋ᠠᠰ ᠵᠢᠯ᠎ᠳᠤ ᠨᠠᠮ᠎ᠤᠨ ᠬᠤᠷᠢᠳᠤᠭ᠋ᠠᠷ ᠶᠡᠭᠡ ᠬᠤᠷᠠᠯ᠎ᠢ ᠬᠤᠷᠠᠯᠳᠤᠭᠤᠯᠤᠨ᠎ᠠ᠂ ᠥᠭᠡᠷᠡᠴᠢᠯᠡᠯᠲᠡ ᠵᠢᠨ ᠠᠵᠢᠯ᠎ᠢ ᠱᠠᠯᠠᠪᠳᠠᠭᠤᠯᠤᠨ ᠯᠠᠪᠳᠠᠭᠤᠨ᠂ ᠭᠦᠨᠵᠡᠭᠡᠢ ᠠᠬᠢᠭᠤᠯᠬᠤ ᠪᠥᠭᠡᠳ ᠪᠠᠰᠠ ᠰᠢᠨ᠎ᠡ ᠪᠠᠶ᠋ᠢᠳᠠᠯ᠂ ᠰᠢᠨ᠎ᠡ ᠳᠦᠷᠰᠤ ᠪᠠᠶ᠋ᠢᠳᠠᠯ᠎ᠲᠠᠢ ᠪᠣᠯᠭ᠋ᠠᠬᠤ ᠬᠡᠷᠡᠭᠲᠡᠢ᠃ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠨᠠᠭ᠋ᠠᠰᠢ ᠪᠠᠶ᠋ᠢᠷᠢᠯᠠᠭᠤᠯᠤᠭᠰᠠᠨ ᠥᠭᠡᠷᠡᠴᠢᠯᠡᠯᠲᠡ ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠲᠦᠷᠭᠡᠳᠭᠡᠨ ᠠᠬᠢᠭᠤᠯᠵᠤ᠂ ᠴᠢᠬᠤᠯᠠ ᠬᠦᠷᠢᠶ᠎ᠡ ᠪᠠ ᠵᠠᠩᠭᠢᠯᠠᠭ᠎ᠠ ᠵᠢᠨ ᠭᠤᠭᠴᠤᠭ᠎ᠠ ᠵᠢᠨ ᠥᠭᠡᠷᠡᠴᠢᠯᠡᠯᠲᠡ ᠵᠢᠨ ᠪᠣᠭᠤᠮᠲᠠ ᠰᠢᠪᠲᠤᠯᠬᠤ᠂ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠲᠦᠷᠭᠡᠳᠭᠡᠨ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠵᠢ ᠴᠢᠬᠤᠯᠠᠴᠢᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠨᠠᠭ᠋ᠠᠰᠢᠬᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠭᠰᠡᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠰᠢᠨ᠎ᠡ ᠲᠤᠷᠰᠢᠯᠭ᠎ᠠ ᠵᠢ ᠭᠦᠨᠵᠡᠭᠡᠢ ᠳ᠋ᠦᠩᠨᠡᠵᠤ᠂ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠭᠤᠣᠯ ᠰᠢᠪᠲᠤᠯᠬᠤ ᠴᠢᠭᠯᠡᠯ᠂ ᠪᠠᠶ᠋ᠢᠯᠳᠤᠬᠤ ᠪᠤᠳᠤᠯᠭ᠎ᠠ ᠵᠢᠨ ᠭᠤᠣᠯᠳᠠᠯᠭ᠎ᠠ᠂ ᠡᠭᠦᠷᠭᠡ ᠵᠢᠨ ᠠᠷᠭ᠎ᠠ ᠬᠡᠮᠵᠢᠶ᠎ᠡ ᠵᠢ ᠱᠠᠯᠠᠪᠳᠠᠭᠤᠯᠤᠨ ᠰᠤᠳᠤᠯᠵᠤ᠂ ᠪᠦᠬᠦ ᠨᠠᠮ ᠪᠦᠬᠦ ᠨᠡᠶ᠋ᠢᠭᠡᠮ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠪᠠ ᠳᠠᠯᠳᠠ ᠬᠦᠴᠦᠨ᠎ᠢ ᠬᠥᠭᠵᠢᠭᠡᠵᠤ᠂ ᠡᠷᠡᠭᠦᠯ ᠪᠦᠬᠡᠳ ᠲᠣᠭᠲᠠᠭᠤᠨ ᠠᠵᠤ ᠠᠬᠤᠶ ᠵᠢᠨ ᠣᠷᠴᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶ᠋ᠢᠭᠡᠮ᠎ᠤᠨ ᠣᠷᠴᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠣᠷᠴᠢᠨ᠎ᠢ ᠪᠠᠳᠤᠯᠠᠬᠤ᠎ᠳᠤ ᠰᠠᠶ᠋ᠢᠨ ᠰᠠᠶ᠋ᠢᠬᠠᠨ ᠲᠦᠷᠢᠮ᠎ᠤᠨ ᠨᠥᠬᠦᠴᠡᠯ᠎ᠢ ᠪᠦᠷᠢᠯᠳᠦᠭᠦᠯᠬᠦ ᠭᠡᠷᠡᠭᠳᠠᠢ ᠭᠡᠵᠤ ᠴᠢᠬᠤᠯᠠᠴᠢᠯᠠᠪᠠ᠃
ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠵᠠᠢ᠃